| | ᠵᠢᠩ ᠵᠢᠶᠠᠨ ᠹᠧᠩ ᠸᠠᠩ ᠮᠢᠨ | ᠳᠤᠮᠳᠠᠳᠤ ᠤᠯᠤᠰ ᠤᠨ ᠰᠣᠶᠣᠯ ᠪᠣᠯ ᠥᠨᠢ ᠤᠳᠠᠭᠠᠨ ᠤᠯᠠᠮᠵᠢᠯᠠᠯ ᠲᠠᠢ᠂ ᠳᠤᠮᠳᠠᠳᠤ ᠶᠢᠨ | ᠪᠣᠯᠪᠠᠰᠤᠨ ᠪᠣᠯ ᠥᠷᠭᠡᠨ ᠳᠡᠯᠭᠡᠷ ᠭᠦᠨ ᠭᠦᠨᠵᠡᠭᠡᠢ ᠶᠤᠮ᠃ ᠶᠡᠷᠦᠩᠬᠡᠢ ᠱᠦᠵᠢ ᠰᠢ ᠶᠢᠨ ᠫᠢᠩ ᠰᠣᠶᠣᠯ ᠢ | ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ | ᠮᠠᠰᠢ ᠤᠯᠠᠨ ᠴᠢᠬᠤᠯᠠ ᠡᠯᠧᠮᠧᠨ᠋ᠲ ᠪᠠᠶᠢᠵᠤ᠂ ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠣᠨᠴᠠᠯᠢᠭ ᠢ ᠬᠠᠮᠲᠤ ᠪᠠᠷ | ᠱᠤᠭᠤᠵᠤ ᠭᠠᠷᠭᠠᠭᠰᠠᠨ ᠶᠤᠮ ᠭᠡᠵᠦ ᠵᠢᠭᠠᠵᠤ ᠭᠠᠷᠭᠠᠪᠠ᠃ ᠡᠨᠡ ᠨᠢ ᠳᠤᠮᠳᠠᠳᠤ ᠶᠢᠨ ᠪᠣᠯᠪᠠᠰᠤᠨ ᠤ ᠥᠪᠡᠷᠮᠢᠴᠡ | ᠴᠢᠨᠠᠷ ᠢ ᠰᠢᠨᠵᠢᠯᠡᠬᠦ ᠤᠬᠠᠭᠠᠨᠴᠢ ᠪᠠᠷ ᠡᠵᠡᠮᠳᠡᠭᠰᠡᠨ ᠢ ᠬᠠᠷᠠᠭᠤᠯᠤᠭᠰᠠᠨ ᠪᠥᠭᠡᠳ ᠰᠣᠶᠣᠯ ᠤᠨ ᠪᠠᠶᠢᠭᠤᠯᠤᠯᠲᠠ ᠶᠢᠨ | ᠲᠤᠬᠠᠢ ᠭᠦᠨ ᠭᠦᠨᠵᠡᠭᠡᠢ ᠪᠣᠳᠣᠯᠬᠢᠯᠠᠯ ᠢ ᠴᠤ ᠬᠠᠷᠠᠭᠤᠯᠤᠭᠰᠠᠨ ᠪᠠᠶᠢᠨ᠎ᠠ᠃ ᠳᠤᠮᠳᠠᠳᠤ ᠶᠢᠨ ᠪᠣᠯᠪᠠᠰᠤᠨ ᠤ | ᠦᠷᠭᠦᠯᠵᠢᠯᠡᠭᠰᠡᠨ ᠴᠢᠨᠠᠷ᠂ ᠰᠢᠨ᠎ᠡ ᠶᠢ ᠡᠭᠦᠳᠬᠦ ᠴᠢᠨᠠᠷ᠂ ᠨᠢᠭᠡᠳᠦᠮᠡᠯ ᠴᠢᠨᠠᠷ᠂ ᠪᠠᠭᠲᠠᠭᠠᠮᠵᠢᠲᠤ ᠴᠢᠨᠠᠷ᠂ ᠡᠩᠬᠡ | ᠲᠠᠶᠢᠪᠤᠩ ᠴᠢᠨᠠᠷ ᠢ ᠭᠦᠨᠵᠡᠭᠡᠢ ᠣᠶᠢᠯᠠᠭᠠᠬᠤ ᠨᠢ ᠪᠢᠳᠡᠨ ᠤ ᠰᠣᠶᠣᠯ ᠤᠨ ᠢᠲᠡᠭᠡᠯ ᠢᠶᠠᠨ ᠪᠠᠲᠤᠳᠬᠠᠵᠤ ᠥᠪᠡᠷ ᠢ ᠪᠠᠨ | ᠬᠦᠴᠦᠷᠬᠡᠭᠵᠢᠭᠦᠯᠬᠦ᠂ ᠰᠢᠨ᠎ᠡ ᠴᠠᠭ ᠦᠶ᠎ᠡ ᠰᠢᠨ᠎ᠡ ᠰᠣᠶᠣᠯ ᠤᠨ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠤᠮᠠᠷᠠᠲᠤ ᠬᠢᠯᠢ ᠶᠢᠨ ᠰᠣᠶᠣᠯ ᠪᠣᠯ ᠳᠤᠮᠳᠠᠳᠤ ᠶᠢᠨ ᠰᠣᠶᠣᠯ ᠤᠨ | ᠴᠢᠬᠤᠯᠠ ᠪᠦᠷᠢᠯᠳᠦᠭᠦᠨ ᠬᠡᠰᠡᠭ ᠮᠥᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠪᠣᠯ | ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠪᠣᠳᠠᠲᠤ ᠠᠵᠢᠯᠯᠠᠭ᠎ᠠ ᠮᠥᠨ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ | ᠬᠥᠭᠵᠢᠭᠦᠯᠬᠦ ᠶᠢ ᠠᠬᠢᠭᠤᠯᠬᠤ ᠪᠣᠳᠠᠲᠠᠢ ᠦᠢᠯᠡᠳᠦᠯᠭᠡ ᠮᠥᠨ᠃ | ᠤᠳᠤᠮ ᠤᠯᠠᠮᠵᠢᠯᠠᠯ ᠨᠢᠭᠡᠲᠡᠢ ᠪᠠᠶᠢᠵᠤ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠴᠢᠨᠠᠷ ᠢ | ᠢᠯᠡᠷᠡᠭᠦᠯᠦᠨ᠎ᠡ | ᠳᠤᠮᠳᠠᠳᠤ ᠤᠯᠤᠰ ᠤᠨ ᠲᠡᠦᠬᠡ ᠪᠣᠯ ᠦᠨᠳᠦᠰᠦᠲᠡᠨ ᠨᠦᠭᠦᠳ ᠤᠨ ᠤᠯᠠᠨ ᠡᠰᠢᠲᠦ ᠨᠢᠭᠡ | ᠴᠣᠭᠴᠠᠵᠢᠭᠰᠠᠨ ᠳᠤᠮᠳᠠᠳᠤ ᠶᠢᠨ ᠦᠨᠳᠦᠰᠦᠲᠡᠨ ᠪᠣᠯᠣᠨ ᠠᠭᠤᠰᠤᠯᠴᠠᠨ ᠨᠡᠶᠢᠯᠡᠭᠰᠡᠨ ᠲᠡᠦᠬᠡ ᠮᠥᠨ᠂ | ᠦᠨᠳᠦᠰᠦᠲᠡᠨ ᠨᠦᠭᠦᠳ ᠤᠨ ᠨᠢᠭᠡᠳᠦᠭᠰᠡᠨ ᠠᠭᠤᠤ ᠶᠡᠭᠡ ᠡᠬᠡ ᠣᠷᠣᠨ ᠢᠶᠠᠨ ᠬᠠᠮᠲᠤ ᠪᠠᠷ ᠴᠣᠭᠴᠠᠯᠠᠨ ᠪᠠᠶᠢᠭᠤᠯᠵᠤ᠂ | ᠬᠥᠭᠵᠢᠭᠦᠯᠵᠦ᠂ ᠪᠠᠬᠢᠵᠢᠭᠦᠯᠦᠭᠰᠡᠨ ᠲᠡᠦᠬᠡ ᠮᠥᠨ᠃ ᠦᠷᠭᠦᠯᠵᠢᠯᠡᠭᠰᠡᠨ ᠴᠢᠨᠠᠷ ᠭᠡᠳᠡᠭ ᠨᠢ ᠶᠠᠮᠠᠷ ᠨᠢᠭᠡᠨ ᠬᠡᠷᠡᠭ | ᠪᠣᠳᠠᠰ ᠪᠤᠶᠤ ᠦᠵᠡᠭᠳᠡᠯ ᠤᠨ ᠦᠷᠭᠦᠯᠵᠢᠯᠡᠬᠦ᠂ ᠲᠠᠰᠤᠯᠳᠠᠯ ᠦᠭᠡᠢ ᠪᠤᠶᠤ ᠨᠢᠭᠡᠳᠦᠯᠲᠡᠢ ᠴᠢᠨᠠᠷ ᠤᠨ ᠣᠨᠴᠠᠯᠢᠭ ᠢ | ᠵᠢᠭᠠᠨ᠎ᠠ᠃ ᠳᠤᠮᠳᠠᠳᠤ ᠶᠢᠨ ᠦᠨᠳᠦᠰᠦᠲᠡᠨ ᠤ ᠪᠦᠷᠢᠯᠳᠦᠯ ᠪᠠ ᠬᠥᠭᠵᠢᠯᠲᠡ ᠪᠣᠯ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠷ᠎ᠡ ᠳ᠋ᠦᠩ ᠮᠥᠨ᠃ ᠳᠤᠮᠳᠠᠳᠤ ᠶᠢᠨ ᠪᠣᠯᠪᠠᠰᠤᠨ | ᠦᠷᠭᠦᠯᠵᠢᠯᠡᠭᠰᠡᠨ ᠴᠢᠨᠠᠷ ᠲᠠᠢ ᠪᠠᠶᠢᠳᠠᠭ ᠨᠢ ᠳᠤᠮᠳᠠᠳᠤ ᠶᠢᠨ ᠦᠨᠳᠦᠰᠦᠲᠡᠨ ᠤ ᠵᠠᠶᠢᠯᠠᠰᠢ ᠦᠭᠡᠢ ᠥᠪᠡᠷ ᠤᠨ | ᠵᠠᠮ ᠢᠶᠠᠷ ᠢᠶᠠᠨ ᠵᠠᠮᠨᠠᠬᠤ ᠶᠢ ᠦᠨᠳᠦᠰᠦᠨ ᠠᠴᠠ ᠨᠢ ᠲᠣᠭᠲᠠᠭᠠᠭᠰᠠᠨ ᠶᠤᠮ᠃ ᠦᠷᠭᠦᠯᠵᠢᠯᠡᠭᠰᠡᠨ ᠴᠢᠨᠠᠷ ᠪᠣᠯ | ᠳᠤᠮᠳᠠᠳᠤ ᠶᠢᠨ ᠪᠣᠯᠪᠠᠰᠤᠨ ᠤ ᠬᠠᠮᠤᠭ ᠤᠨ ᠢᠯᠡ ᠲᠣᠳᠣ ᠪᠥᠭᠡᠳ ᠬᠠᠮᠤᠭ ᠤᠨ ᠰᠠᠭᠤᠷᠢ ᠪᠤᠯᠬᠤ ᠣᠨᠴᠠᠯᠢᠭ ᠮᠥᠨ᠂ | ᠤᠮᠠᠷᠠᠲᠤ ᠬᠢᠯᠢ ᠶᠢᠨ ᠰᠣᠶᠣᠯ ᠨᠢ ᠲᠡᠭᠦᠨ ᠤ ᠳᠣᠲᠣᠷᠠᠬᠢ ᠬᠡᠷᠡᠯᠳᠦ ᠰᠤᠪᠤᠳ ᠪᠣᠯᠤᠭᠰᠠᠨ ᠤ ᠬᠤᠪᠢ ᠳᠤ᠂ | ᠨᠢᠭᠡᠳᠦᠯᠲᠡᠢ ᠴᠢᠨᠠᠷ ᠤᠨ ᠣᠨᠴᠠᠯᠢᠭ ᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃ ᠳᠤᠮᠳᠠᠳᠤ ᠶᠢᠨ ᠦᠨᠳᠦᠰᠦᠲᠡᠨ | ᠪᠣᠯ ᠦᠨᠳᠦᠰᠦᠲᠡᠨ ᠨᠦᠭᠦᠳ ᠠᠭᠤᠰᠤᠯᠴᠠᠨ ᠨᠢᠭᠲᠠᠷᠠᠵᠤ ᠪᠦᠷᠢᠯᠳᠦᠭᠰᠡᠨ ᠶᠤᠮ᠂ ᠳᠤᠮᠳᠠᠳᠤ ᠶᠢᠨ ᠪᠣᠯᠪᠠᠰᠤᠨ ᠪᠣᠯ | ᠦᠨᠳᠦᠰᠦᠲᠡᠨ ᠨᠦᠭᠦᠳ ᠤᠨ ᠰᠣᠶᠣᠯ ᠤᠨ ᠠᠭᠤᠰᠤᠯᠴᠠᠨ ᠨᠢᠭᠲᠠᠷᠠᠬᠤ ᠶᠢᠨ ᠤᠯᠠᠮ ᠠᠴᠠ ᠬᠥᠭᠵᠢᠨ ᠴᠡᠴᠡᠭᠯᠡᠵᠦ᠂ | ᠦᠶ᠎ᠡ ᠶᠢᠨ ᠦᠶ᠎ᠡ ᠪᠠᠷ ᠳᠠᠮᠵᠢᠭᠳᠠᠳᠠᠭ᠃ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠨ ᠬᠥᠭᠵᠢᠬᠦ ᠶᠠᠪᠤᠴᠠ ᠳᠤ᠂ | ᠤᠮᠠᠷᠠᠲᠤ ᠬᠢᠯᠢ ᠶᠢᠨ ᠰᠣᠶᠣᠯ ᠨᠢ ᠲᠡᠭᠦᠨ ᠤ ᠳᠣᠲᠣᠷᠠᠬᠢ ᠲᠤᠲᠠᠭᠳᠠᠵᠤ ᠪᠣᠯᠣᠰᠢ ᠦᠭᠡᠢ ᠴᠢᠬᠤᠯᠠ ᠨᠢᠭᠡ | ᠭᠤᠭᠴᠤᠭ᠎ᠠ ᠪᠣᠯᠵᠠᠢ᠃ | ᠡᠳᠦᠷ ᠢᠷᠡᠬᠦᠶ᠎ᠡ ᠭᠡᠷᠡᠯᠳᠦᠨ ᠰᠢᠨᠡᠳᠴᠦ ᠳᠤᠮᠳᠠᠳᠤ ᠶᠢᠨ ᠪᠣᠯᠪᠠᠰᠤᠨ ᠤ ᠰᠢᠨ᠎ᠡ ᠶᠢ ᠡᠭᠦᠳᠬᠦ ᠴᠢᠨᠠᠷ ᠢ | ᠢᠯᠡᠷᠡᠭᠦᠯᠦᠨ᠎ᠡ | ᠰᠢᠨ᠎ᠡ ᠶᠢ ᠡᠭᠦᠳᠬᠦ ᠴᠢᠨᠠᠷ ᠪᠣᠯ ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠣᠨᠴᠠᠯᠢᠭ ᠮᠥᠨ᠃ | ᠤᠯᠠᠨ ᠦᠨᠳᠦᠰᠦᠲᠡᠨ ᠬᠤᠯᠢᠯᠳᠤᠨ ᠰᠠᠭᠤᠷᠢᠰᠢᠭᠰᠠᠨ ᠭᠠᠵᠠᠷ ᠣᠷᠣᠨ ᠤ ᠣᠨᠴᠠᠯᠢᠭ ᠨᠢ ᠤᠮᠠᠷᠠᠲᠤ ᠬᠢᠯᠢ ᠶᠢᠨ | ᠰᠣᠶᠣᠯ ᠤᠨ ᠰᠢᠨ᠎ᠡ ᠶᠢ ᠡᠭᠦᠳᠬᠦ ᠴᠢᠨᠠᠷ ᠤᠨ ᠰᠣᠶᠣᠯ ᠤᠨ ᠰᠢᠨᠵᠢ ᠴᠢᠨᠠᠷ ᠢ ᠪᠤᠢ ᠪᠤᠯᠭᠠᠵᠤ᠂ ᠥᠪᠡᠷᠮᠢᠴᠡ | ᠣᠨᠴᠠᠯᠢᠭ ᠲᠠᠢ ᠰᠣᠶᠣᠯ ᠤᠨ ᠠᠭᠤᠯᠤᠭᠳᠠᠬᠤᠨ ᠢ ᠪᠦᠷᠢᠯᠳᠦᠭᠦᠯᠪᠡ;ᠠᠭᠤᠰᠤᠯᠴᠠᠨ ᠰᠢᠨ᠎ᠡ ᠶᠢ ᠡᠭᠦᠳᠬᠦ ᠠᠷᠭ᠎ᠠ | ᠭᠡᠯᠪᠡᠷᠢ ᠪᠠᠷ ᠤᠯᠠᠨ ᠡᠰᠢᠲᠦ ᠰᠣᠶᠣᠯ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠶᠠᠪᠤᠴᠠ ᠳᠤ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠲᠠᠰᠤᠷᠠᠯᠳᠠ ᠦᠭᠡᠢ | ᠪᠠᠶᠠᠯᠢᠭᠵᠢᠭᠤᠯᠤᠨ ᠬᠥᠭᠵᠢᠭᠦᠯᠪᠡ᠃ ᠬᠠᠭᠤᠴᠢ ᠰᠤᠳᠤᠯᠤᠯ ᠤᠨ ᠦᠯᠡᠳᠡᠭᠳᠡᠯ ᠪᠠᠭᠤᠷᠢ ᠤᠮᠠᠷᠠᠲᠤ ᠬᠢᠯᠢ ᠶᠢᠨ | ᠰᠣᠶᠣᠯ ᠤᠨ ᠲᠠᠰᠣᠷᠠᠯᠳᠠ ᠦᠭᠡᠢ ᠰᠢᠨ᠎ᠡ ᠶᠢ ᠡᠭᠦᠳᠴᠦ ᠬᠥᠭᠵᠢᠵᠦ ᠪᠠᠶᠢᠭ᠎ᠠ ᠶᠢ ᠭᠡᠷᠡᠴᠢᠯᠡᠵᠦ ᠪᠠᠶᠢᠨ᠎ᠠ᠃ ᠰᠢᠩ | ᠯᠦᠩ ᠭᠧᠦ ᠶᠢᠨ ᠪᠠᠭᠤᠷᠢ ᠠᠴᠠ ᠣᠯᠳᠠᠭᠰᠠᠨ ᠨᠡᠭᠦᠷᠡᠰᠦᠵᠢᠭᠰᠡᠨ ᠨᠠᠷᠢᠮᠤ ᠪᠠ ᠰᠢᠯᠦᠬᠡᠢ ᠠᠮᠤ ᠥᠪᠥᠷ ᠮᠣᠩᠭᠤᠯ | ᠣᠷᠣᠨ ᠪᠣᠯ ᠤᠮᠠᠷᠠᠲᠤ ᠶᠢᠨ ᠬᠠᠭᠤᠷᠠᠢ ᠶᠢᠨ ᠲᠠᠷᠢᠶᠠᠯᠠᠩ ᠤᠨ ᠡᠭᠦᠰᠦᠯ ᠤᠨ ᠲᠥᠪ ᠣᠷᠣᠨ ᠤ ᠨᠢᠭᠡ ᠬᠡᠰᠡᠭ | ᠪᠤᠯᠬᠤ ᠶᠢ ᠭᠡᠷᠡᠴᠢᠯᠡᠪᠡ;ᠵᠦ ᠺᠠᠢ ᠭᠧᠦ ᠶᠢᠨ ᠰᠣᠶᠣᠯ ᠤᠨ ᠬᠤᠭᠤᠴᠠᠭᠠᠨ ᠳᠤ᠂ ᠮᠠᠯ ᠠᠵᠤ ᠠᠬᠤᠢ ᠲᠠᠷᠢᠶᠠᠯᠠᠩ ᠢ | ᠬᠠᠪᠰᠤᠷᠭᠠᠨ ᠡᠵᠡᠩᠨᠡᠬᠦ ᠪᠠ ᠨᠡᠭᠦᠳᠡᠯ ᠮᠠᠯᠵᠢᠯ ᠤᠨ ᠠᠵᠤ ᠠᠬᠤᠢ ᠠᠩᠬ᠎ᠠ ᠠᠯᠬᠤᠮ ᠪᠦᠷᠢᠯᠳᠦᠵᠦ᠂ ᠮᠠᠯ ᠠᠵᠤ | ᠠᠬᠤᠢ ᠠᠭᠠᠵᠢᠮ ᠢᠶᠠᠷ ᠭᠤᠣᠯᠯᠠᠬᠤ ᠪᠠᠶᠢᠷᠢ ᠶᠢ ᠡᠵᠡᠯᠡᠪᠡ ;ᠨᠢᠩᠴᠧᠩ ᠰᠢᠶᠠᠨ ᠤ ᠨᠠᠨ ᠱᠠᠨ ᠭᠧᠨ ᠤ ᠪᠠᠭᠤᠷᠢ | ᠠᠴᠠ ᠣᠯᠳᠠᠭᠰᠠᠨ ᠣᠬᠤᠷ ᠬᠦᠷᠡᠯ ᠰᠡᠯᠡᠮ᠎ᠡ᠂ ᠵᠠᠰᠠᠯ ᠴᠢᠮᠡᠭᠯᠡᠯ ᠤᠨ ᠡᠳ᠋ ᠵᠡᠷᠭᠡ ᠲᠠᠯ᠎ᠠ ᠨᠤᠲᠤᠭ ᠤᠨ ᠥᠩᠭᠡ | ᠪᠤᠳᠤᠭ ᠢᠶᠠᠷ ᠭᠦᠨ ᠵᠤᠵᠠᠭᠠᠨ ᠪᠠᠶᠢᠳᠠᠭ᠃ ᠤᠮᠠᠷᠠᠲᠤ ᠬᠢᠯᠢ ᠶᠢᠨ ᠰᠣᠶᠣᠯ ᠤᠳᠬ᠎ᠠ ᠵᠣᠬᠢᠶᠠᠯ ᠤᠷᠠᠯᠢᠭ ᠤᠨ | ᠲᠠᠯ᠎ᠠ ᠪᠠᠷ ᠠᠭᠤᠰᠤᠯᠴᠠᠨ ᠰᠢᠨ᠎ᠡ ᠶᠢ ᠡᠭᠦᠳᠦᠨ ᠬᠥᠭᠵᠢᠵᠦ᠂ ᠤᠮᠠᠷᠠᠲᠤ ᠬᠢᠯᠢ ᠶᠢᠨ ᠰᠣᠶᠣᠯ ᠤᠨ ᠭᠡᠷᠡᠯ ᠭᠢᠯᠪᠠᠭ᠎ᠠ | ᠡᠳᠦᠷ ᠢᠷᠡᠬᠦᠶ᠎ᠡ ᠰᠢᠨᠡᠳᠴᠦ ᠪᠠᠶᠢᠬᠤ ᠶᠢ ᠠᠮᠢᠳᠤᠯᠢᠭ ᠢᠶᠠᠷ ᠢᠯᠡᠷᠡᠭᠦᠯᠵᠦ᠂ ᠳᠤᠮᠳᠠᠳᠤ ᠶᠢᠨ ᠪᠣᠯᠪᠠᠰᠤᠨ ᠤ ᠰᠢᠨ᠎ᠡ ᠶᠢ | ᠡᠭᠦᠳᠬᠦ ᠴᠢᠨᠠᠷ ᠤᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ ᠸᠧᠢ ᠤᠯᠤᠰ᠂ ᠶᠢᠨ ᠤᠯᠤᠰ᠂ ᠡᠮᠦᠨᠡᠲᠦ ᠤᠮᠠᠷᠠᠲᠤ | ᠲᠥᠷᠥ᠂ ᠰᠦᠢ ᠤᠯᠤᠰ᠂ ᠲᠠᠩ ᠤᠯᠤᠰ ᠤᠨ ᠦᠶ᠎ᠡ ᠳᠤ᠂ ᠨᠡᠶᠢᠲᠡᠯᠢᠭ ᠲᠥᠯᠥᠭᠡᠯᠡᠭᠴᠢ᠂ ᠵᠢᠱᠢᠶᠡᠯᠡᠪᠡᠯ ︽ | ᠴᠤᠭᠤᠷ ᠤᠨ ᠠᠷᠪᠠᠨ ᠨᠠᠢᠮᠠᠨ ᠴᠣᠬᠢᠯᠭ᠎ᠠ︾᠂ ︽ᠴᠢ ᠯᠧ ᠶᠢᠨ ᠳᠠᠭᠤᠯᠠᠯ︾ ᠵᠡᠷᠭᠡ ᠪᠦᠲᠦᠭᠡᠯ ᠥᠪᠡᠷᠮᠢᠴᠡ | ᠣᠨᠴᠠᠯᠢᠭ ᠪᠦᠬᠦᠢ ᠦᠨᠳᠦᠰᠦᠲᠡᠨ᠂ ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ ᠪᠥᠭᠡᠳ ᠪᠠᠰᠠ ᠢᠯᠡᠷᠬᠡᠢ | ᠣᠯᠠᠨ ᠡᠰᠢᠲᠦ ᠰᠣᠶᠣᠯ ᠤᠨ ᠡᠯᠧᠮᠧᠨ᠋ᠲ ᠲᠠᠢ ᠪᠠᠶᠢᠪᠠ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠶᠠᠪᠤᠴᠠ ᠳᠤ ᠡᠭᠦᠰᠦᠭᠰᠡᠨ ᠮᠠᠩᠬᠠᠨ ᠠᠶᠠᠯᠭᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠪᠣᠷᠣᠭᠵᠢᠭᠤᠨ ᠦᠨᠡᠨᠴᠢ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠪᠦᠯᠬᠦᠮᠳᠡᠯ ᠡᠶ᠎ᠡ | ᠵᠣᠬᠢᠴᠠᠯ ᠤᠨ ᠠᠮᠢᠳᠤᠯᠢᠭ ᠵᠢᠷᠤᠭ ᠳᠦᠷᠰᠦ ᠶᠢ ᠢᠯᠡᠷᠡᠭᠦᠯᠦᠭᠰᠡᠨ ᠪᠠᠶᠢᠨ᠎ᠠ᠃ | ᠨᠢᠭᠲᠠᠷᠠᠨ ᠪᠦᠯᠬᠦᠮᠳᠡᠵᠦ ᠳᠤᠮᠳᠠᠳᠤ ᠶᠢᠨ ᠪᠣᠯᠪᠠᠰᠤᠨ ᠤ ᠨᠢᠭᠡᠳᠦᠮᠡᠯ ᠴᠢᠨᠠᠷ ᠢ ᠢᠯᠡᠷᠡᠭᠦᠯᠦᠨ᠎ᠡ | ᠦᠨᠳᠦᠰᠦᠲᠡᠨ ᠨᠦᠭᠦᠳ ᠤᠨ ᠪᠦᠯᠬᠦᠮᠳᠡᠨ ᠠᠭᠤᠰᠤᠯᠴᠠᠵᠤ᠂ ᠤᠯᠠᠨ ᠡᠰᠢᠵᠢᠵᠦ ᠨᠢᠭᠡ ᠴᠣᠭᠴᠠ | ᠪᠣᠯᠤᠭᠰᠠᠨ ᠨᠢ ᠦᠨᠳᠦᠰᠦᠲᠡᠨ ᠨᠦᠭᠦᠳ ᠤᠨ ᠰᠣᠶᠣᠯ ᠤᠨ ᠲᠠᠯ᠎ᠠ ᠪᠠᠷ ᠬᠢ ᠪᠦᠭᠦᠨ ᠢ ᠠᠪᠴᠤ ᠪᠠᠶᠢᠳᠠᠭ ᠢ | ᠬᠠᠳᠠᠭᠠᠯᠠᠬᠤ᠂ ᠠᠵᠤ ᠠᠬᠤᠢ ᠶᠢᠨ ᠲᠠᠯ᠎ᠠ ᠪᠠᠷ ᠬᠢ ᠬᠠᠷᠢᠯᠴᠠᠨ ᠲᠦᠰᠢᠭᠯᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ | ᠬᠢ ᠬᠠᠷᠢᠯᠴᠠᠨ ᠳᠣᠲᠣᠨᠣᠰᠤᠭ ᠪᠠᠶᠢᠳᠠᠭ ᠠᠴᠠ ᠢᠷᠡᠯᠲᠡ ᠲᠠᠢ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ | ᠨᠢᠭᠡᠳᠦᠯ ᠢ ᠬᠥᠭᠡᠭᠡᠴᠡᠯᠳᠦᠬᠦ ᠳᠣᠲᠣᠭᠠᠳᠤ ᠬᠥᠳᠡᠯᠭᠡᠭᠴᠢ ᠬᠦᠴᠦᠨ ᠠᠴᠠ ᠢᠷᠡᠯᠲᠡ ᠲᠠᠢ ᠶᠤᠮ᠃ ᠨᠢᠭᠡᠳᠦᠮᠡᠯ ᠴᠢᠨᠠᠷ | ᠨᠢ ᠪᠦᠬᠦᠯᠢ ᠴᠣᠭᠴᠠᠲᠤ ᠴᠢᠨᠠᠷ᠂ ᠡᠶ᠎ᠡ ᠵᠣᠬᠢᠴᠠᠩᠭᠤᠢ ᠴᠢᠨᠠᠷ ᠪᠠ ᠨᠢᠭᠡᠳᠦᠯᠲᠡᠢ ᠴᠢᠨᠠᠷ ᠢ ᠴᠢᠬᠤᠯᠠᠴᠢᠯᠠᠵᠤ᠂ ᠡᠯ᠎ᠡ | ᠦᠨᠳᠦᠰᠦᠲᠡᠨ ᠤ ᠰᠣᠶᠣᠯ ᠢ ᠨᠢᠭᠡ ᠴᠣᠭᠴᠠ ᠪᠣᠯᠭᠠᠨ ᠠᠭᠤᠰᠤᠯᠴᠠᠭᠤᠯᠵᠤ᠂ ᠳᠤᠮᠳᠠᠳᠤ ᠶᠢᠨ ᠪᠣᠯᠪᠠᠰᠤᠨ ᠢ | ᠬᠠᠮᠲᠤ ᠪᠠᠷ ᠡᠳ᠋ᠯᠡᠬᠦ ᠦᠷᠳᠡᠭ ᠤᠨ ᠣᠶᠢᠯᠠᠭᠠᠭᠳᠠᠬᠤᠨ ᠢ ᠴᠢᠬᠤᠯᠠᠴᠢᠯᠠᠵᠤ᠂ ᠥᠪᠡᠷᠮᠢᠴᠡ ᠣᠨᠴᠠᠯᠢᠭ ᠲᠠᠢ ᠤᠮᠠᠷᠠᠲᠤ | ᠬᠢᠯᠢ ᠶᠢᠨ ᠰᠣᠶᠣᠯ ᠢ ᠪᠤᠢ ᠪᠣᠯᠭᠠᠪᠠ᠃ ᠳᠤᠮᠳᠠᠳᠤ ᠶᠢᠨ ᠪᠣᠯᠪᠠᠰᠤᠨ ᠳᠤ ᠨᠢᠭᠡᠳᠦᠮᠡᠯ ᠴᠢᠨᠠᠷ ᠲᠠᠢ᠂ ᠡᠨᠡ ᠨᠢ | ᠦᠨᠳᠦᠰᠦᠨ ᠠᠴᠠ ᠨᠢ ᠳᠤᠮᠳᠠᠳᠤ ᠶᠢᠨ ᠦᠨᠳᠦᠰᠦᠲᠡᠨ ᠤ ᠡᠯ᠎ᠡ ᠦᠨᠳᠦᠰᠦᠲᠡᠨ ᠤ ᠰᠣᠶᠣᠯ ᠢ ᠨᠢᠭᠡ ᠴᠣᠭᠴᠠ | ᠪᠣᠯᠭᠠᠨ ᠠᠭᠤᠰᠤᠯᠴᠠᠭᠤᠯᠬᠤ ᠶᠢ ᠲᠣᠭᠲᠠᠭᠠᠵᠠᠢ᠂ ᠬᠦᠨᠳᠦ ᠶᠡᠭᠡ ᠨᠤᠭᠤᠷᠠᠯ ᠪᠦᠳᠦᠷᠢᠯ ᠳᠤ ᠤᠴᠠᠷᠠᠭᠰᠠᠨ ᠴᠤ ᠪᠠᠲᠤ | ᠪᠠᠬᠢ ᠨᠢᠭᠲᠠᠷᠠᠵᠤ ᠴᠢᠳᠠᠬᠤ ᠶᠢ ᠲᠣᠭᠲᠠᠭᠠᠵᠠᠢ᠂ ᠤᠯᠤᠰ ᠤᠨ ᠨᠤᠲᠤᠭ ᠳᠡᠪᠢᠰᠬᠡᠷ ᠢ ᠰᠠᠯᠭᠠᠵᠤ ᠪᠤᠯᠬᠤ ᠦᠭᠡᠢ᠂ | ᠤᠯᠤᠰ ᠣᠷᠣᠨ ᠢ ᠰᠠᠮᠠᠭᠤᠷᠠᠭᠤᠯᠵᠤ ᠪᠤᠯᠬᠤ ᠦᠭᠡᠢ᠂ ᠦᠨᠳᠦᠰᠦᠲᠡᠨ ᠢ ᠰᠠᠷᠨᠢᠭᠤᠯᠵᠤ ᠪᠤᠯᠬᠤ ᠦᠭᠡᠢ᠂ | ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ ᠬᠠᠮᠲᠤ ᠶᠢᠨ ᠢᠲᠡᠭᠡᠯ ᠵᠣᠷᠢᠭ ᠢ ᠲᠣᠭᠲᠠᠭᠠᠵᠠᠢ᠃ ᠤᠯᠤᠰ | ᠣᠷᠣᠨ ᠤ ᠨᠢᠭᠡᠳᠦᠯ ᠪᠣᠯ ᠥᠨᠢ ᠡᠭᠦᠷᠢᠳᠡ ᠳᠤᠮᠳᠠᠳᠤ ᠤᠯᠤᠰ ᠤᠨ ᠭᠤᠣᠯᠯᠠᠬᠤ ᠠᠰᠢᠭ ᠲᠤᠰᠠ ᠶᠢᠨ ᠭᠤᠣᠯᠯᠠᠭᠴᠢ | ᠪᠤᠯᠬᠤ ᠶᠢ ᠲᠣᠭᠲᠠᠭᠠᠵᠠᠢ᠂ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠬᠤ ᠶᠢ ᠲᠣᠭᠲᠠᠭᠠᠵᠠᠢ᠃ ᠳᠤᠮᠳᠠᠳᠤ ᠶᠢᠨ ᠪᠣᠯᠪᠠᠰᠤᠨ ᠤ | ᠨᠢᠭᠡᠳᠦᠮᠡᠯ ᠴᠢᠨᠠᠷ ᠨᠢ ᠬᠠᠷᠢᠯᠴᠠᠨ ᠨᠡᠪᠲᠡᠷᠡᠯᠴᠡᠭᠰᠡᠨ᠂ ᠤᠯᠠᠨ ᠡᠰᠢᠲᠦ ᠨᠢᠭᠡ ᠴᠣᠭᠴᠠᠵᠢᠭᠰᠠᠨ ᠶᠡᠭᠡ ᠨᠢᠭᠡᠳᠦᠯ ᠤᠨ | ᠤᠯᠠᠮᠵᠢᠯᠠᠯ ᠳᠤᠮᠳᠠᠳᠤ ᠶᠢᠨ ᠪᠣᠯᠪᠠᠰᠤᠨ ᠤ ᠬᠥᠭᠵᠢᠯᠲᠡ ᠶᠢᠨ ᠲᠡᠦᠬᠡᠨ ᠳᠤ ᠭᠦᠨ ᠠᠭᠤᠰᠤᠭᠰᠠᠨ ᠳᠡᠭᠡᠷ᠎ᠡ ᠢᠯᠡ | ᠲᠣᠳᠣ ᠢᠯᠡᠷᠡᠵᠦ ᠪᠠᠶᠢᠨ᠎ᠠ᠃ ᠲᠡᠦᠬᠡᠨ ᠶᠠᠪᠤᠴᠠ ᠳᠤ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠪᠣᠯᠪᠠᠰᠤᠨ | ᠮᠠᠰᠢ ᠤᠯᠠᠨ ᠬᠦᠨᠳᠦ ᠶᠡᠭᠡ ᠨᠤᠭᠤᠷᠠᠯ ᠪᠦᠳᠦᠷᠢᠯ ᠳᠤ ᠤᠴᠠᠷᠠᠵᠤ ᠥᠩᠭᠡᠷᠡᠭᠰᠡᠨ ᠪᠤᠯᠪᠠᠴᠤ ᠳᠤᠮᠳᠠᠳᠤ ᠶᠢᠨ | ᠦᠨᠳᠦᠰᠦᠲᠡᠨ ᠤ ᠠᠭᠤᠰᠤᠯᠴᠠᠨ ᠨᠢᠭᠡ ᠴᠣᠭᠴᠠ ᠪᠣᠯᠤᠭᠰᠠᠨ ᠪᠠᠶᠢᠳᠠᠯ ᠬᠤᠪᠢᠷᠠᠭ᠎ᠠ ᠦᠭᠡᠢ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠴᠤ ᠤᠰᠠᠳᠤᠭᠰᠠᠨ ᠦᠭᠡᠢ ᠶᠤᠮ᠂ ᠡᠳᠡᠭᠡᠷ ᠨᠢ | ᠳᠤᠮᠳᠠᠳᠤ ᠶᠢᠨ ᠪᠣᠯᠪᠠᠰᠤᠨ ᠤ ᠳᠡᠭᠡᠳᠦ ᠬᠡᠮᠵᠢᠶᠡᠨ ᠤ ᠰᠣᠶᠣᠯ ᠤᠨ ᠮᠡᠳᠡᠷᠡᠮᠵᠢ ᠠᠴᠠ ᠰᠠᠯᠵᠤ ᠴᠢᠳᠠᠬᠤ ᠦᠭᠡᠢ ᠶᠤᠮ᠃ | | ᠥᠪᠥᠷ ᠮᠣᠩᠭᠤᠯ ᠪᠣᠯ ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ | ᠢᠷᠠᠭᠤ ᠠᠯᠳᠠᠷᠲᠤ ᠤᠯᠠᠮᠵᠢᠯᠠᠯ ᠲᠠᠢ ᠶᠤᠮ᠃ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ︽ | ᠬᠠᠮᠤᠭ ᠤᠨ ᠰᠠᠶᠢᠨ ᠮᠠᠯᠵᠢᠯ ᠤᠨ ᠲᠠᠯᠠᠪᠠᠢ ᠪᠠᠨ ᠰᠠᠨᠰᠠᠷ ᠤᠨ ᠠᠶᠠᠯᠠᠯ ᠤᠨ ᠦᠢᠯᠡᠰ ᠲᠤ ᠦᠢᠯᠡᠴᠢᠯᠡᠭᠦᠯᠦᠭᠰᠡᠨ︾᠂ | ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠠᠪᠴᠢᠷᠠᠭᠰᠠᠨ︾᠂ ︽ᠬᠦᠴᠢᠷ ᠪᠡᠷᠬᠡᠰᠢᠶᠡᠯ ᠢ | ᠢᠯᠠᠨ ᠳᠠᠪᠠᠵᠤ ᠠᠮᠤ ᠬᠦᠨᠡᠰᠦ ᠮᠠᠯ ᠲᠡᠵᠢᠭᠡᠪᠦᠷᠢ ᠪᠠᠷ ᠲᠤᠰᠠᠯᠠᠭᠰᠠᠨ︾ ᠵᠡᠷᠭᠡ ᠲᠡᠦᠬᠡ ᠶᠢᠨ ᠰᠠᠶᠢᠬᠠᠨ ᠦᠯᠢᠭᠡᠷ ᠢ | ᠪᠢᠴᠢᠭᠯᠡᠵᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠬᠤ ᠳᠤ᠂ | ᠳᠤᠮᠳᠠᠳᠤ ᠶᠢᠨ ᠪᠣᠯᠪᠠᠰᠤᠨ ᠤ ᠤᠯᠠᠨ ᠡᠰᠢᠲᠦ ᠨᠢᠭᠡ ᠴᠣᠭᠴᠠᠵᠢᠭᠰᠠᠨ᠂ ᠪᠦᠯᠬᠦᠮᠳᠡᠯ ᠲᠥᠪᠯᠡᠷᠡᠯ ᠤᠨ ᠨᠢᠭᠡᠳᠦᠮᠡᠯ | ᠴᠢᠨᠠᠷ ᠠᠴᠠ ᠡᠭᠦᠰᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠤᠮᠠᠷᠠᠲᠤ ᠬᠢᠯᠢ ᠶᠢᠨ ᠰᠣᠶᠣᠯ ᠤᠨ ᠦᠯᠢᠭᠡᠷ ᠢ | ᠰᠠᠶᠢᠲᠤᠷ ᠶᠠᠷᠢᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠤᠤᠷᠢᠶᠠᠲᠤᠭᠤᠯᠵᠤ᠂ ᠳᠤᠮᠳᠠᠳᠤ ᠶᠢᠨ | ᠦᠨᠳᠦᠰᠦᠲᠡᠨ ᠤ ᠲᠠᠨᠢᠯᠲᠠ ᠨᠡᠩ ᠥᠨᠳᠥᠷ᠂ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ ᠬᠤᠪᠢ ᠵᠠᠶᠠᠭᠠᠨ ᠤ | ᠬᠠᠮᠲᠤ ᠶᠢᠨ ᠴᠣᠭᠴᠠ ᠪᠤᠯᠬᠤ ᠶᠢ ᠠᠬᠢᠭᠤᠯᠬᠤ ᠬᠡᠷᠡᠭᠲᠡᠢ᠃ | ᠠᠯᠢᠪᠠ ᠬᠥᠮᠥᠨ ᠬᠡᠷᠡᠭ ᠪᠣᠳᠠᠰ ᠢ ᠪᠠᠭᠲᠠᠭᠠᠵᠤ ᠳᠤᠮᠳᠠᠳᠤ ᠶᠢᠨ ᠪᠣᠯᠪᠠᠰᠤᠨ ᠤ ᠪᠠᠭᠲᠠᠭᠠᠮᠵᠢᠲᠤ | ᠴᠢᠨᠠᠷ ᠢ ᠢᠯᠡᠷᠡᠭᠦᠯᠦᠨ᠎ᠡ | ᠲᠡᠦᠬᠡ ᠶᠢᠨ ᠪᠣᠳᠠᠰᠴᠢ ᠦᠵᠡᠯᠲᠡ ᠶᠢᠨ ᠦᠵᠡᠬᠦ ᠪᠠᠷ᠂ ᠠᠳᠠᠯᠢ ᠪᠤᠰᠤ ᠭᠠᠵᠠᠷ ᠵᠦᠢ ᠶᠢᠨ ᠣᠷᠴᠢᠨ | ᠲᠣᠭᠤᠷᠢᠨ ᠨᠢ ᠠᠳᠠᠯᠢ ᠪᠤᠰᠤ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠣᠭᠲᠠᠭᠠᠵᠤ᠂ ᠠᠳᠠᠯᠢ ᠪᠤᠰᠤ | ᠦᠢᠯᠡᠳᠪᠦᠷᠢᠯᠡᠯ ᠤᠨ ᠠᠷᠭ᠎ᠠ ᠮᠠᠶ᠋ᠢᠭ ᠨᠢ ᠠᠳᠠᠯᠢ ᠪᠤᠰᠤ ᠰᠡᠳᠬᠢᠬᠦᠢ ᠶᠢᠨ ᠠᠷᠭ᠎ᠠ ᠮᠠᠶ᠋ᠢᠭ᠂ ᠨᠡᠶᠢᠭᠡᠮ ᠤᠨ ᠪᠠᠶᠢᠭᠤᠯᠤᠯ | ᠂ ᠰᠣᠶᠣᠯ ᠵᠠᠩ ᠳᠠᠳᠬᠠᠯ ᠵᠡᠷᠭᠡ ᠶᠢ ᠪᠤᠢ ᠪᠣᠯᠭᠠᠳᠠᠭ᠃ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ | ᠠᠭᠤᠳᠠᠮ᠂ ᠭᠦᠨ ᠵᠤᠵᠠᠭᠠᠨ ᠲᠡᠦᠬᠡ ᠰᠣᠶᠣᠯ ᠲᠠᠢ᠂ ᠡᠯᠪᠡᠭ ᠪᠠᠶᠠᠯᠢᠭ ᠰᠣᠶᠣᠯ ᠢᠷᠭᠡᠨᠰᠢᠯ ᠲᠠᠢ᠃ ᠬᠤᠪᠢᠰᠬᠠᠯ ᠤᠨ | ᠰᠣᠶᠣᠯ ᠪᠠ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ | ᠴᠠᠭᠠᠨ ᠬᠡᠷᠡᠮ ᠤᠨ ᠰᠣᠶᠣᠯ ᠢ ᠠᠭᠤᠰᠤᠯᠴᠠᠭᠤᠯᠵᠤ ᠨᠢᠭᠡ ᠴᠣᠭᠴᠠ ᠪᠤᠯᠭᠠᠵᠦ᠂ ᠤᠯᠠᠨ ᠡᠰᠢᠲᠦ ᠨᠢᠭᠡ | ᠴᠣᠭᠴᠠᠵᠢᠭᠰᠠᠨ ᠰᠣᠶᠣᠯ ᠤᠨ ᠪᠠᠶᠢᠷᠢᠰᠢᠯ ᠢ ᠪᠦᠷᠢᠯᠳᠦᠭᠦᠯᠪᠡ᠂ ᠤᠮᠠᠷᠠᠲᠤ ᠬᠢᠯᠢ ᠶᠢᠨ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠶᠢᠨ ᠪᠣᠯᠪᠠᠰᠤᠨ ᠤ ᠪᠠᠭᠲᠠᠭᠠᠮᠵᠢᠲᠤ ᠴᠢᠨᠠᠷ ᠤᠨ ᠠᠮᠢᠳᠤᠯᠢᠭ | ᠢᠯᠡᠷᠡᠯ ᠮᠥᠨ᠃ ᠪᠠᠯᠠᠷ ᠡᠷᠲᠡᠨ ᠤ ᠦᠶ᠎ᠡ ᠠᠴᠠ ᠡᠬᠢᠯᠡᠨ᠂ ᠥᠪᠥᠷ ᠮᠣᠩᠭᠤᠯ ᠣᠷᠣᠨ ᠪᠣᠯ ᠲᠠᠷᠢᠶᠠᠯᠠᠬᠤ ᠪᠣᠯᠪᠠᠰᠤᠨ | ᠬᠢᠭᠡᠳ ᠨᠡᠭᠦᠳᠡᠯ ᠮᠠᠯᠵᠢᠯ ᠤᠨ ᠪᠣᠯᠪᠠᠰᠤᠨ ᠰᠣᠯᠪᠢᠴᠠᠭᠰᠠᠨ ᠣᠷᠣᠨ ᠪᠠᠶᠢᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠶᠢᠨ ᠬᠠᠯᠠᠭᠤᠨ ᠬᠥᠷᠥᠰᠥ ᠪᠠᠶᠢᠵᠤ᠂ ᠤᠯᠠᠨ ᠡᠰᠢᠲᠦ ᠰᠣᠶᠣᠯ ᠤᠨ ᠰᠣᠯᠢᠯᠴᠠᠭ᠎ᠠ | ᠠᠭᠤᠰᠤᠯᠴᠠᠯ ᠤᠨ ᠲᠠᠪᠴᠠᠩ ᠪᠣᠯᠤᠭᠰᠠᠨ ᠪᠠᠶᠢᠨ᠎ᠠ᠃ ᠨᠡᠭᠦᠳᠡᠯ ᠮᠠᠯᠵᠢᠯ ᠤᠨ ᠪᠣᠯᠪᠠᠰᠤᠨ ᠢᠶᠠᠷ ᠣᠨᠴᠠᠯᠢᠭ ᠢᠶᠠᠨ | ᠪᠤᠯᠭᠠᠬᠰᠠᠨ ᠥᠪᠥᠷ ᠮᠣᠩᠭᠤᠯ ᠣᠷᠣᠨ ᠨᠢ ᠲᠠᠷᠢᠶᠠᠯᠠᠬᠤ ᠣᠷᠣᠨ ᠳᠤ ᠮᠠᠰᠢ ᠶᠡᠭᠡ ᠨᠠᠶᠢᠳᠠᠮᠠᠲᠠᠭᠠᠶ ᠪᠠᠶᠢᠳᠠᠭ; | ᠡᠭᠦᠨ ᠤ ᠬᠠᠮᠲᠤ᠂ ᠲᠠᠷᠢᠶᠠᠯᠠᠬᠤ ᠣᠷᠣᠨ ᠨᠢ ᠨᠡᠭᠦᠳᠡᠯ ᠮᠠᠯᠵᠢᠯ ᠤᠨ ᠣᠷᠣᠨ ᠠᠴᠠ ᠶᠡᠭᠡ ᠬᠡᠮᠵᠢᠶᠡᠨ ᠤ ᠮᠠᠯ ᠤᠨᠤᠭ᠎ᠠ | ᠪᠣᠯᠣᠨ ᠮᠠᠯ ᠤᠨ ᠠᠰᠢᠭ ᠰᠢᠮ᠎ᠡ ᠬᠠᠩᠭᠠᠬᠤ ᠶᠢ ᠱᠠᠭᠠᠷᠳᠠᠵᠤ᠂ ᠲᠠᠷᠢᠶᠠᠯᠠᠬᠤ ᠪᠣᠯᠪᠠᠰᠤᠨ ᠪᠣᠯᠣᠨ ᠨᠡᠭᠦᠳᠡᠯ | ᠮᠠᠯᠵᠢᠯ ᠤᠨ ᠪᠣᠯᠪᠠᠰᠤᠨ ᠤ ᠬᠤᠭᠤᠷᠣᠨᠳᠣᠭᠢ ᠲᠤᠶᠢᠯ ᠤᠨ ᠴᠢᠩᠭ᠎ᠠ ᠬᠠᠷᠢᠯᠴᠠᠨ ᠨᠥᠬᠦᠪᠦᠷᠢᠯᠡᠬᠦ ᠴᠢᠨᠠᠷ ᠨᠢ ᠥᠪᠥᠷ | ᠮᠣᠩᠭᠤᠯ ᠣᠷᠣᠨ ᠤ ᠰᠣᠶᠣᠯ ᠤᠨ ᠪᠦᠭᠦᠨ ᠢ ᠠᠪᠴᠤ ᠪᠠᠶᠢᠳᠠᠭ ᠢ ᠬᠠᠳᠠᠭᠠᠯᠠᠬᠤ ᠣᠨᠴᠠᠯᠢᠭ ᠢ ᠲᠣᠭᠲᠠᠭᠠᠵᠠᠢ᠃ | ᠳᠡᠯᠡᠬᠡᠢ ᠳ᠋ᠠᠬᠢᠨ ᠲᠠᠢ ᠡᠶ᠎ᠡ ᠨᠠᠶᠢᠷᠲᠠᠢ ᠪᠠᠶᠢᠵᠤ ᠳᠤᠮᠳᠠᠳᠤ ᠶᠢᠨ ᠪᠣᠯᠪᠠᠰᠤᠨ ᠤ ᠡᠩᠬᠡ ᠲᠠᠶᠢᠪᠤᠩ | ᠴᠢᠨᠠᠷ ᠢ ᠢᠯᠡᠷᠡᠭᠦᠯᠦᠨ᠎ᠡ | ︽ᠨᠠᠶᠢᠷᠠᠮᠳᠠᠭᠤ︾ ᠪᠣᠯ ᠳᠤᠮᠳᠠᠳᠤ ᠶᠢᠨ ᠪᠣᠯᠪᠠᠰᠤᠨ ᠤ ᠭᠤᠣᠯᠯᠠᠬᠤ ᠦᠷᠳᠡᠭ ᠤᠨ ᠦᠵᠡᠯᠲᠡ ᠶᠢᠨ | ᠨᠢᠭᠡ ᠮᠥᠨ᠂ ᠵᠣᠬᠢᠬᠤ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠳᠤᠮᠳᠠᠳᠤ ᠶᠢᠨ ᠪᠣᠯᠪᠠᠰᠤᠨ ᠢ ᠨᠢᠭᠡ | ᠵᠦᠢᠯ ᠤᠨ ︽ᠨᠠᠶᠢᠷᠠᠮᠳᠠᠭᠤ︾ ᠪᠣᠯᠪᠠᠰᠤᠨ ᠮᠥᠨ ᠭᠡᠵᠦ ᠬᠡᠯᠡᠵᠦ ᠪᠣᠯᠣᠨ᠎ᠠ᠃ ᠡᠷᠲᠡᠨ ᠠᠴᠠ ᠡᠳᠦᠭᠡ ᠪᠤᠯᠲᠠᠯ᠎ᠠ᠂ | ᠳᠤᠮᠳᠠᠳᠤ ᠶᠢᠨ ᠦᠨᠳᠦᠰᠦᠲᠡᠨ ᠳᠡᠯᠡᠬᠡᠢ ᠳᠡᠭᠡᠷ᠎ᠡ ᠪᠠᠶᠢᠷᠢ ᠰᠠᠭᠤᠷᠢ ᠲᠠᠢ᠂ ᠨᠥᠯᠥᠭᠡ ᠲᠠᠢ ᠪᠠᠶᠢᠳᠠᠭ ᠤᠨ ᠤᠴᠢᠷ ᠨᠢ | ᠳᠤᠮᠳᠠᠳᠤ ᠶᠢᠨ ᠰᠣᠶᠣᠯ ᠤᠨ ᠬᠦᠴᠦᠷᠬᠡᠭ ᠶᠡᠭᠡ ᠤᠷᠢᠶᠠᠯᠠᠬᠤ ᠬᠦᠴᠦᠨ ᠪᠠ ᠲᠠᠲᠠᠬᠤ ᠬᠦᠴᠦᠨ ᠳᠤ ᠣᠷᠣᠰᠢᠨ᠎ᠠ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠪᠣᠯᠪᠠᠰᠤᠨ ᠤ ᠤᠶᠤᠨ ᠤᠬᠠᠭᠠᠨ ᠤ ᠤᠭᠢ | ᠪᠦᠲᠦᠭᠡᠯ ᠮᠥᠨ᠂ ᠲᠡᠭᠦᠨ ᠤ ᠠᠯᠢ ᠤᠯᠠᠨ ᠡᠯᠧᠮᠧᠨ᠋ᠲ ᠨᠢ ᠳᠤᠮᠳᠠᠳᠤ ᠶᠢᠨ ᠪᠣᠯᠪᠠᠰᠤᠨ ᠤ ᠡᠩᠬᠡ ᠲᠠᠶᠢᠪᠤᠩ ᠴᠢᠨᠠᠷ ᠢ | ᠪᠦᠲᠦᠭᠡᠭᠰᠡᠨ ᠪᠠᠶᠢᠨ᠎ᠠ᠃ ᠡᠩᠬᠡ ᠲᠠᠶᠢᠪᠤᠩ ᠪᠣᠯ ᠦᠨᠳᠦᠰᠦᠲᠡᠨ ᠨᠦᠭᠦᠳ ᠤᠨ ᠬᠠᠮᠲᠤ ᠶᠢᠨ ᠬᠥᠭᠡᠭᠡᠴᠡᠯᠳᠦᠯ ᠮᠥᠨ᠂ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢᠶᠠᠷ ᠳᠠᠮᠵᠢᠨ᠂ ᠲᠡᠷᠢᠭᠦᠨ ᠤ ᠲᠠᠷᠢᠶᠠᠯᠠᠩ ᠤᠨ ᠦᠢᠯᠡᠳᠪᠦᠷᠢᠯᠡᠯ ᠪᠣᠯᠣᠨ | ᠤᠷ᠎ᠠ ᠮᠡᠷᠭᠡᠵᠢᠯ ᠤᠮᠠᠷᠠᠲᠤ ᠬᠢᠯᠢ ᠶᠢᠨ ᠡᠬᠡ ᠭᠠᠵᠠᠷ ᠲᠤ ᠤᠯᠠᠮᠵᠢᠯᠠᠭᠳᠠᠨ ᠣᠷᠣᠵᠤ᠂ ᠦᠨᠳᠦᠰᠦᠲᠡᠨ ᠨᠦᠭᠦᠳ ᠡᠶ᠎ᠡ | ᠵᠣᠬᠢᠴᠠᠩᠭᠤᠢ ᠭᠡᠷ ᠣᠷᠣᠨ ᠢᠶᠠᠨ ᠬᠠᠮᠲᠤ ᠪᠠᠷ ᠴᠣᠬᠴᠠᠯᠠᠪᠠ;ᠤᠷᠳᠤ ᠴᠠᠭᠠᠨ ᠬᠡᠷᠡᠮ ᠳᠠᠭᠠᠤ ᠦᠨᠳᠦᠰᠦᠲᠡᠨ ᠤ | ᠠᠭᠤᠰᠤᠯᠴᠠᠭᠰᠠᠨ ᠰᠣᠶᠣᠯ ᠤᠨ ᠪᠦᠰᠡ ᠶᠢ ᠪᠦᠷᠢᠯᠳᠦᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ | ᠪᠠᠶᠢᠬᠤ ᠪᠠ ᠦᠭᠡᠢ ᠪᠠᠨ ᠬᠠᠷᠢᠯᠴᠠᠨ ᠰᠣᠯᠢᠯᠴᠠᠵᠤ᠂ ᠬᠠᠷᠢᠯᠴᠠᠨ ᠯᠠᠪᠯᠠᠯᠳᠠ ᠪᠣᠯᠭᠠᠨ ᠠᠭᠤᠰᠤᠯᠴᠠᠪᠠ; | ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠵᠦᠩᠶᠤᠸᠠᠨ ᠣᠷᠣᠨ ᠲᠠᠢ ᠨᠢᠭᠲᠠ ᠠᠵᠤ ᠠᠬᠤᠢ ᠶᠢᠨ ᠬᠠᠷᠢᠯᠴᠠᠭ᠎ᠠ | ᠪᠠ ᠠᠷᠠᠯᠵᠢᠶᠠᠨ ᠤ ᠶᠠᠪᠤᠯᠴᠠᠭ᠎ᠠ ᠲᠠᠢ ᠪᠠᠶᠢᠵᠤ᠂ ᠬᠠᠷᠢᠯᠴᠠᠨ ᠠᠰᠢᠭᠲᠠᠢ ᠬᠠᠷᠢᠯᠴᠠᠨ ᠨᠥᠬᠦᠪᠦᠷᠢᠯᠡᠬᠦ ᠨᠥᠭᠦᠷᠰᠡᠭ ᠬᠡᠪ | ᠵᠠᠭᠪᠤᠷ ᠢ ᠪᠦᠷᠢᠯᠳᠦᠭᠦᠯᠦᠭᠰᠡᠨ ᠪᠠᠶᠢᠨ᠎ᠠ᠃ ᠡᠩᠬᠡ ᠲᠠᠶᠢᠪᠤᠩ ᠠᠭᠤᠷ ᠠᠮᠢᠰᠬᠤᠯ ᠤᠨ ᠳᠣᠣᠷ᠎ᠠ ᠪᠦᠷᠢᠯᠳᠦᠭᠰᠡᠨ | ᠤᠮᠠᠷᠠᠲᠤ ᠬᠢᠯᠢ ᠶᠢᠨ ᠰᠣᠶᠣᠯ ᠪᠣᠯ ᠳᠤᠮᠳᠠᠳᠤ ᠶᠢᠨ ᠪᠣᠯᠪᠠᠰᠤᠨ ᠤ ᠡᠩᠬᠡ ᠲᠠᠶᠢᠪᠤᠩ ᠴᠢᠨᠠᠷ ᠤᠨ ᠬᠦᠴᠦᠲᠡᠢ ᠭᠡᠷᠡᠴᠢ | ᠮᠥᠨ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠪᠣᠯᠪᠠᠰᠤᠨ ᠤ ᠤᠶᠤᠨ ᠤ | ᠤᠭᠢ ᠲᠠᠯᠠᠰᠲᠤ ᠮᠥᠨ᠂ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠃ | ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠣᠷᠣᠨ ᠤ ᠨᠢᠭᠡ ᠪᠣᠯᠤᠭᠰᠠᠨ ᠥᠪᠥᠷ ᠮᠣᠩᠭᠤᠯ ᠣᠷᠣᠨ ᠳᠤ | ᠦᠨᠳᠦᠰᠦᠲᠡᠨ ᠨᠦᠭᠦᠳ ᠦᠶ᠎ᠡ ᠶᠢᠨ ᠦᠶ᠎ᠡ ᠪᠠᠷ ᠢᠶᠠᠨ ᠠᠵᠤ ᠲᠦᠷᠦᠵᠦ᠂ ᠲᠠᠰᠤᠷᠠᠯᠲᠠ ᠦᠭᠡᠢ ᠶᠠᠪᠤᠯᠴᠠᠵᠤ | ᠰᠣᠯᠢᠯᠴᠠᠵᠤ ᠠᠭᠤᠰᠤᠯᠴᠠᠵᠤ᠂ ᠤᠯᠠᠨ ᠦᠨᠳᠦᠰᠦᠲᠡᠨ ᠤ ᠤᠯᠠᠨ ᠡᠰᠢᠲᠦ ᠰᠣᠶᠣᠯ ᠠᠳᠡ ᠪᠠᠳᠠᠷᠠᠨ ᠬᠥᠭᠵᠢᠬᠦ ᠶᠢᠨ | ᠳᠠᠭᠠᠤ ᠬᠠᠷᠢᠯᠴᠠᠨ ᠮᠦᠷᠭᠦᠯᠳᠦᠭᠡᠨ ᠡᠭᠦᠰᠴᠦ ᠪᠠᠶᠢᠭᠠᠳ᠂ ᠪᠠᠶᠠᠯᠢᠭ ᠰᠠᠶᠢᠬᠠᠨ ᠪᠣᠯᠪᠠᠰᠤᠨ ᠢ ᠪᠤᠢ ᠪᠤᠯᠭᠠᠵᠦ᠂ ᠭᠡᠷᠡᠯ | ᠰᠠᠴᠤᠷᠠᠭᠰᠠᠨ ᠲᠠᠩᠰᠤᠭ ᠰᠠᠶᠢᠬᠠᠨ ᠤᠮᠠᠷᠠᠲᠤ ᠬᠢᠯᠢ ᠶᠢᠨ ᠰᠣᠶᠣᠯ ᠢ ᠬᠠᠮᠲᠤ ᠪᠠᠷ ᠡᠭᠦᠳᠦᠨ ᠪᠦᠲᠦᠭᠡᠭᠰᠡᠨ ᠪᠠᠶᠢᠨ᠎ᠠ᠃ | ᠪᠢᠳᠡ ᠤᠮᠠᠷᠠᠲᠤ ᠬᠢᠯᠢ ᠶᠢᠨ ᠰᠣᠶᠣᠯ ᠪᠣᠯᠣᠨ ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠣᠨᠴᠠᠯᠢᠭ ᠤᠨ | ᠳᠣᠲᠣᠭᠠᠳᠤ ᠨᠢᠭᠡᠳᠦᠯᠲᠡᠢ ᠴᠢᠨᠠᠷ ᠢ ᠭᠦᠨᠵᠡᠭᠡᠢ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠵᠤ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠰᠣᠶᠣᠯ ᠢ | ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠪᠦᠲᠦᠭᠡᠯᠴᠢ ᠪᠠᠷ | ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃ | | | ︵ᠵᠢᠩ ᠵᠢᠶᠠᠨ ᠹᠧᠩ᠄ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠦᠨ ᠤᠬᠠᠭᠠᠨ ᠤ ᠳᠡᠭᠡᠳᠦ | ᠰᠤᠷᠭᠠᠭᠤᠯᠢ ᠶᠢᠨ ᠫᠷᠤᠹᠧᠰᠰᠤᠷ;ᠸᠠᠩ ᠮᠢᠨ᠄ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ | ᠦᠵᠡᠯ ᠤᠨ ᠳᠡᠭᠡᠳᠦ ᠰᠤᠷᠭᠠᠭᠤᠯᠢ ᠶᠢᠨ ᠳ᠋ᠣᠺᠲ᠋ᠣᠷᠠᠨᠲ︶ | | |