ᠪᠣᠬᠢᠷᠳᠤᠯ ᠦᠭᠡᠢ ᠴᠠᠭᠢᠯᠭᠠᠠ ᠮᠠᠩᠬᠠᠨ ᠨᠤᠲᠤᠭ ᠤᠨ ᠮᠠᠯᠴᠢᠳ ᠤᠨ ᠠᠮᠢᠳᠤᠷᠠᠯ ᠢ ᠭᠡᠷᠡᠯᠳᠦᠭᠦᠯᠦᠯ᠎ᠠ
ᠨᠡᠶᠢᠲᠡᠯᠡᠭᠰᠡᠨ ᠴᠠᠭ᠄
2024/9/30
 ᠡᠷᠳᠡᠨᠢᠬᠦᠦ᠂ ᠨᠠᠷᠠᠨ᠎ᠠ                            ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠲᠡᠭᠷᠢ ᠡᠯᠡᠰᠦᠨ ᠤ ᠥᠷᠥᠴᠡᠨ ᠳᠤ ᠪᠠᠶᠢᠷᠢᠯᠠᠵᠤ᠂ 300 ᠭᠠᠷᠤᠢ ᠪᠠᠶᠢᠩᠭᠤ ᠰᠠᠭᠤᠭ᠎ᠠ ᠡᠷᠤᠭᠡ ᠲᠠᠢ᠂ ᠲᠠᠷᠠᠬᠠᠢ ᠪᠤᠲᠠᠷᠬᠠᠢ᠂ ᠵᠠᠮ ᠬᠠᠷᠢᠯᠴᠠᠭ᠎ᠠ ᠳᠥᠭᠦᠮ ᠦᠭᠡᠢ ᠵᠡᠷᠭᠡ ᠡᠯᠧᠮᠧᠨ᠋ᠲ ᠤᠨ ᠬᠢᠵᠠᠭᠠᠷᠯᠠᠯ ᠠᠴᠠ ᠪᠣᠯᠵᠤ᠂ ᠴᠠᠭᠢᠯᠭᠠᠨ ᠬᠡᠷᠡᠭᠯᠡᠬᠦ ᠠᠰᠠᠭᠤᠳᠠᠯ ᠤᠷᠳᠤ ᠬᠤᠭᠤᠴᠠᠭᠠᠨ ᠤ ᠲᠤᠷᠰᠢ ᠡ᠊ᠨᠳᠡᠭᠢ ᠮᠠᠯᠴᠢᠳ ᠤᠨ ᠬᠦᠰᠡᠵᠦ ᠰᠠᠨᠠᠵᠤ ᠪᠠᠶᠢᠭᠰᠠᠨ ᠬᠦᠴᠢᠷ ᠠᠰᠠᠭᠤᠳᠠᠯ ᠪᠣᠯᠣᠭᠠᠳ ᠪᠠᠶᠢᠵᠠᠢ᠃ ᠡᠯᠡᠰᠦᠨ ᠴᠦᠯ ᠤᠨ ᠭᠦᠨ ᠳᠠᠬᠢ ᠮᠠᠯᠴᠢᠳ ᠲᠤ ᠴᠠᠭᠢᠯᠭᠠᠨ ᠬᠡᠷᠡᠭᠯᠡᠭᠦᠯᠬᠦ ᠶᠢᠨ ᠲᠥᠯᠥᠭᠡ᠂ ᠰᠤᠮᠤᠨ ᠤ ᠬᠢᠨ ᠲᠠᠷᠬᠠᠯᠲᠠ ᠭᠡᠯᠪᠡᠷᠢ ᠶᠢᠨ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠰᠢᠰᠲ᠋ᠧᠮ ᠢ ᠰᠦᠪᠡᠭᠴᠢᠯᠡᠨ ᠬᠡᠷᠡᠭᠯᠡᠵᠦ᠂ ︽ᠪᠣᠬᠢᠷᠳᠤᠯ ᠦᠭᠡᠢ ᠴᠠᠭᠢᠯᠭᠠᠠ︾ ᠢᠶᠠᠷ ᠮᠠᠯᠴᠢᠳ ᠤᠨ ᠰᠢᠨ᠎ᠡ ᠠᠮᠢᠳᠤᠷᠠᠯ ᠢ ᠦᠨᠡᠨ ᠬᠦ ᠭᠡᠷᠡᠯᠳᠦᠭᠦᠯᠵᠡᠢ᠃                             ᠡᠷᠬᠡᠬᠠᠰᠢᠬ᠎ᠠ ᠰᠤᠮᠤᠨ ᠤ ᠭᠡᠳᠡᠩ ᠭᠠᠴᠠᠭᠠᠨ ᠤ ᠮᠠᠯᠴᠢᠨ ᠬᠠᠰᠪᠥ᠋ᠬᠡ ᠶᠢᠨ ᠭᠡᠷ ᠲᠤ ᠬᠦᠷᠬᠦ ᠳᠤ᠂ ᠬᠡᠳᠦᠶᠢᠪᠡᠷ ᠲᠡᠭᠷᠢ ᠬᠦᠢᠲᠡᠨ ᠪᠠᠶᠢᠭᠰᠠᠨ ᠪᠤᠯᠪᠠᠴᠤ ᠭᠡᠷ ᠲᠡᠭᠡᠨ ᠴᠠᠭᠢᠯᠭᠠᠨ ᠳᠤᠯᠠᠭᠠᠯᠠᠮᠵᠢ ᠬᠡᠷᠡᠭᠯᠡᠵᠦ ᠮᠠᠰᠢ ᠳᠤᠯᠠᠭᠠᠬᠠᠨ ᠪᠠᠶᠢᠯ᠎ᠠ᠃ ᠲᠡᠷᠡ᠂ ᠥᠩᠭᠡᠷᠡᠭᠰᠡᠨ ᠳᠤ ᠪᠡᠯᠡᠨ ᠴᠠᠭᠢᠯᠭᠠᠠ ᠬᠡᠷᠡᠭᠯᠡᠴᠢᠬᠡᠳᠡᠭ ᠠᠮᠢᠳᠤᠷᠠᠯ ᠢ ᠪᠤᠳᠤᠵᠤ ᠴᠸ ᠣᠯᠤᠭ᠎ᠠ ᠦᠭᠡᠢ᠂ ᠬᠤᠳᠠ ᠶᠢᠨ ᠠᠶᠢᠯ ᠢ ᠪᠠᠭ᠋ᠠᠷᠬᠠᠳᠠᠭ ᠪᠠᠶᠢᠭᠰᠠᠨ᠂ ᠲᠡᠭᠷᠢ ᠬᠠᠷᠠᠩᠭᠤᠢ ᠪᠣᠯᠪᠠᠯ ᠴᠠᠭᠢᠯᠭᠠᠨ ᠢᠯᠡᠭᠦᠦ ᠬᠡᠷᠡᠭᠯᠡᠬᠦ ᠠᠴᠠ ᠪᠠᠨ ᠬᠠᠶᠢᠷᠠᠯᠠᠳᠠᠭ᠂ ᠡᠨᠡ ᠤᠯᠠᠠ ᠵᠦᠢᠯ ᠤᠨ ᠴᠠᠭᠢᠯᠭᠠᠨ ᠬᠡᠷᠡᠭᠰᠡᠯ ᠢ ᠨᠡᠩ ᠴᠸ ᠬᠡᠯᠡᠬᠦ  ᠶᠢᠨ ᠠᠷᠭ᠎ᠠ ᠦᠭᠡᠢ ᠭᠡᠵᠦ ᠪᠠᠶᠢᠯ᠎ᠠ᠃ ᠣᠳᠣᠬᠠᠨ ᠳᠤ᠂ ᠳᠡᠳᠡᠨ ᠤ ᠬᠢᠨ ᠤᠤᠯ ᠤᠨ ᠥᠪᠡᠷ ᠢᠶᠠᠨ ᠤᠭᠰᠠᠷᠠᠵᠤ ᠬᠡᠷᠡᠭᠯᠡᠵᠦ ᠪᠠᠶᠢᠭᠰᠠᠨ 2 ᠺᠢᠯᠣᠸᠠᠲ ᠤᠨ ᠴᠢᠳᠠᠮᠵᠢ ᠲᠠᠢ ᠪᠥᠭᠡᠳ ᠶᠡᠭᠡ ᠪᠠᠭ᠎ᠠ ᠨᠢ ᠠᠳᠠᠯᠢ ᠪᠤᠰᠤ ᠪᠠᠶᠢᠳᠠᠭ ᠰᠠᠯᠬᠢᠨ ᠬᠦᠴᠦᠨ ᠤ ᠴᠠᠭᠢᠯᠭᠠᠠ ᠭᠠᠷᠭᠠᠭᠤᠷ + ᠭᠡᠷᠡᠯᠴᠢ ᠴᠡᠨᠡᠭ ᠤᠨ ᠬᠠᠪᠲᠠᠰᠤᠲᠤ ᠴᠠᠭᠢᠯᠭᠠᠨ ᠬᠠᠩᠭᠠᠬᠤ ᠲᠥᠬᠦᠭᠡᠷᠦᠮᠵᠢ ᠪᠠᠨ 30 ᠺᠢᠯᠣᠸᠠᠲ ᠤᠨ ᠴᠢᠳᠠᠮᠵᠢ ᠲᠠᠢ᠂ ᠡᠳᠦᠷ ᠤᠨ ᠴᠠᠭᠢᠯᠭᠠᠨ ᠤ ᠬᠡᠮᠵᠢᠶ᠎ᠡ 60 ᠭᠷᠡᠳᠦ᠋ᠰ ᠤᠨ ᠰᠢᠨ᠎ᠡ ᠴᠠᠭᠢᠯᠭᠠᠨ ᠭᠠᠷᠭᠠᠬᠤ ᠰᠢᠰᠲ᠋ᠧᠮ ᠢᠶᠠᠷ ᠰᠣᠯᠢᠵᠤ᠂ ᠡᠳᠦᠷ ᠪᠦᠷᠢ ︽ᠳᠦᠭᠦᠷᠡᠩ ᠴᠠᠭᠢᠯᠭᠠᠨ︾ ᠲᠠᠢ ︽ᠬᠤᠳᠠ ᠶᠢᠨ ᠠᠮᠢᠳᠤᠷᠠᠯ︾ ᠢ ᠡᠳ᠋ᠯᠡᠬᠦ ᠪᠣᠯᠵᠠᠢ᠃              ᠡ᠊ᠨᠳᠠᠭᠢ ᠮᠠᠯᠴᠢᠳ ᠤᠨ ᠴᠠᠭᠢᠯᠭᠠᠨ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠡᠷᠬᠡᠬᠠᠰᠢᠬ᠎ᠠ ᠰᠤᠮᠤ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠭᠤᠶᠤᠴᠢᠯᠠᠨ ᠣᠯᠵᠤ᠂ ᠡᠷᠦᠭᠡ ᠪᠦᠷᠢ ᠳᠤ ᠳᠤᠮᠳᠠᠴᠢ ᠪᠠᠷ 18 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠮᠠᠯᠴᠢᠨ ᠡᠷᠦᠭᠡ ᠥᠪᠡᠰᠦᠪᠡᠨ 4 - 5 ᠲᠦᠮᠡᠨ ᠲᠥᠭᠦᠷᠢᠭ ᠭᠠᠷᠭᠠᠨ ᠲᠠᠷᠬᠠᠯᠲᠠ ᠭᠡᠯᠪᠡᠷᠢ ᠶᠢᠨ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠰᠢᠰᠲ᠋ᠧᠮ ᠢ ᠤᠭᠰᠠᠷᠠᠵᠤ᠂ ︽ᠪᠣᠬᠢᠷᠳᠤᠯ ᠦᠭᠡᠢ ᠴᠠᠭᠢᠯᠭᠠᠠ︾ ᠢ ᠮᠠᠯᠵᠢᠬᠤ ᠡᠷᠦᠭᠡ ᠳᠤ ᠣᠷᠣᠭᠤᠯᠤᠭᠰᠠᠨ ᠪᠠᠶᠢᠨ᠎ᠠ᠃ ᠲᠣᠰ ᠰᠢᠰᠲ᠋ᠧᠮ ᠢ ᠬᠡᠷᠡᠭᠯᠡᠭᠰᠡᠨ ᠢᠶᠠᠷ ᠡᠷᠦᠭᠡ ᠪᠦᠷᠢ ᠵᠢᠯ ᠳᠤ 6 - 8 ᠲᠣᠨ ᠨᠡᠭᠦᠷᠡᠰᠦ᠂ 300 - 500 ᠯᠢᠲᠷ ᠰᠢᠲᠠᠭᠠᠯᠭ᠎ᠠ ᠶᠢᠨ ᠲᠣᠰᠣ ᠶᠢ ᠠᠷᠪᠢᠯᠠᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠵᠤ ᠠᠬᠤᠢ ᠶᠢᠨ ᠲᠠᠯ᠎ᠠ ᠪᠠᠷ ᠬᠠᠮᠤᠭ ᠰᠢᠯᠢᠳᠡᠭ ᠪᠠᠶᠢᠬᠤ ᠶᠢ ᠪᠡᠶᠡᠯᠡᠭᠦᠯᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠦᠴᠢᠷ ᠠᠰᠠᠭᠤᠳᠠᠯ ᠪᠠ ᠬᠥᠳᠡᠯᠭᠡᠭᠴᠢ ᠬᠦᠴᠦᠨ ᠤ ᠴᠠᠭᠢᠯᠭᠠᠨ ᠬᠠᠩᠭᠠᠬᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃          
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号