ᠠᠯᠠᠱᠠ ᠶᠢᠨ ᠤᠢ ᠰᠢᠭᠤᠢ ᠶᠢᠨ ᠰᠠᠯᠠᠭ᠎ᠠ ᠮᠥᠴᠢᠷ ᠬᠠᠪᠤᠷ ᠤᠨ ᠣᠶᠢᠵᠢᠭᠤᠯᠤᠯᠲᠠ ᠳᠤ ᠮᠡᠷᠭᠡᠵᠢᠯ ᠤᠨ ᠳᠡᠮᠵᠢᠯᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2024/9/30
                        ᠨᠠᠷᠠᠨ᠎ᠠ᠂ ᠡᠷᠳᠡᠨᠢᠬᠦᠦ            ᠠᠯᠠᠱᠠ ᠶᠢᠨ ᠤᠢ ᠰᠢᠭᠤᠢ ᠶᠢᠨ ᠰᠠᠯᠠᠭ᠎ᠠ ᠮᠥᠴᠢᠷ ᠤᠨ ᠬᠢᠨ ᠬᠠᠪᠤᠷ ᠤᠨ ᠤᠯᠠᠷᠢᠯ ᠤᠨ ᠮᠣᠳᠣ ᠲᠠᠷᠢᠬᠤ ᠠᠰᠢᠭᠲᠠᠢ ᠴᠠᠭ ᠲᠣᠭᠢᠶᠠᠯ ᠢ ᠠᠮᠵᠢᠨ᠂ ᠨᠣᠭᠤᠭᠠᠷᠠᠭᠤᠯᠤᠯᠲᠠ ᠶᠢ ᠨᠡᠮᠡᠵᠦ ᠨᠣᠭᠤᠭᠠᠷᠠᠭᠤᠯᠤᠯᠲᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠢ ᠴᠢᠬᠢ ᠮᠣᠳᠣ ᠪᠣᠶᠢᠵᠢᠭᠤᠯᠬᠤ᠂ ᠴᠢᠬᠢ ᠮᠣᠳᠣ ᠬᠡᠷᠡᠭᠯᠡᠬᠦ ᠮᠡᠷᠭᠡᠵᠢᠯ ᠤᠨ ᠪᠣᠯᠪᠠᠰᠤᠷᠠᠯ᠂ ᠴᠢᠬᠢ ᠮᠣᠳᠣᠨ ᠤ ᠬᠢᠵᠢᠭ ᠢ ᠪᠠᠶᠢᠴᠠᠭᠠᠬᠤ ᠵᠡᠷᠭᠡ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠬᠠᠪᠤᠷ ᠤᠨ ᠣᠶᠢᠵᠢᠭᠤᠯᠤᠯᠲᠠ ᠶᠢᠨ ᠴᠢᠬᠢ ᠮᠣᠳᠣᠨ ᠤ ᠶᠠᠰᠤ ᠴᠢᠨᠠᠷ ᠪᠣᠯᠣᠨ ᠴᠢᠬᠢ ᠮᠣᠳᠣ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ᠡᠯ᠎ᠡ ᠭᠠᠵᠠᠷ ᠤᠨ ᠣᠶᠢᠵᠢᠭᠤᠯᠬᠤ ᠠᠵᠢᠯ ᠢᠶᠠᠨ ᠥᠷᠨᠢᠭᠦᠯᠬᠦ ᠳᠤ ᠪᠠᠲᠤ ᠰᠠᠭᠤᠷᠢ ᠲᠠᠯᠪᠢᠵᠤ ᠥᠭᠴᠡᠢ᠃              ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠭᠡᠷ ᠤᠨ ᠪᠤᠯᠤᠩ ᠤᠨ ᠬᠥᠳᠡᠭᠡ ᠶᠢᠨ ᠵᠢᠮᠢᠰ ᠤᠨ ᠮᠣᠳᠣᠨ ᠤ ᠰᠠᠭᠤᠷᠢᠨ ᠭᠠᠵᠠᠷ ᠲᠤ᠂ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠠᠵᠢᠯᠲᠠᠳ ᠪᠠᠶᠠᠨᠬᠥ᠋ᠳᠡᠭᠡ ᠪᠣᠯᠣᠨ ᠣᠪᠣᠭᠠᠲᠤ ᠬᠤᠶᠠᠷ ᠭᠠᠴᠠᠭ᠎ᠠ ᠳᠤ 1700 ᠰᠠᠭᠤᠷᠢ ᠨᠣᠭᠤᠭᠠᠨ ᠭᠦᠢᠯᠡᠰᠤ ᠶᠢᠨ ᠵᠢᠮᠢᠰ ᠤᠨ ᠴᠢᠬᠢ ᠮᠣᠳᠣ ᠬᠦᠷᠭᠡᠵᠦ ᠢᠷᠡᠵᠡᠶ᠃ ᠡᠲᠡᠭᠡᠷ ᠴᠢᠬᠢ ᠮᠣᠳᠣ ᠶᠢ ᠮᠠᠨ ᠤ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠠᠴᠠ ᠵᠠᠯᠭᠠᠵᠤ ᠪᠣᠶᠢᠵᠢᠭᠤᠯᠬᠤ ᠶᠢᠨ ᠬᠠᠮᠲᠤ ᠴᠢᠩᠭ᠎ᠠ ᠨᠢᠮᠪᠠᠢ ᠰᠢᠯᠢᠨ ᠰᠣᠩᠭᠤᠬᠤ ᠪᠠᠷ ᠳᠡᠮᠵᠢᠨ᠂ ᠨᠡᠯᠢᠶᠡᠳ ᠥᠨᠳᠥᠷ ᠤᠨᠠᠯᠲᠠ ᠶᠢᠨ ᠨᠣᠷᠮ᠎ᠠ ᠪᠠ ᠤᠨᠠᠯᠲᠠ ᠲᠠᠢ ᠪᠤᠯᠭᠠᠵᠦ᠂ ᠭᠠᠴᠠᠭ᠎ᠠ ᠶᠢᠨ ᠣᠶ ᠰᠢᠭᠤᠢ ᠵᠢᠮᠢᠰ ᠤᠨ ᠠᠵᠤ ᠠᠬᠤᠢ ᠶᠢ ᠬᠥᠭᠵᠢᠭᠦᠯᠬᠦ ᠳᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃ ᠪᠠᠶᠠᠨᠬᠥ᠋ᠳᠡᠭᠡ ᠭᠠᠴᠠᠭᠠᠨ ᠤ ᠰᠦᠨ ᠭᠦᠸᠧ ᠵᠢᠶᠦ᠋ᠨ ᠴᠢᠬᠢ ᠮᠣᠳᠣ ᠶᠢ ᠭᠥᠯᠢᠶᠡᠨ ᠠᠪᠤᠭᠰᠠᠨ ᠤ ᠪᠠᠨ ᠳᠠᠷᠠᠭ᠎ᠠ᠄ ︽ᠡᠳᠡᠭᠡᠷ ᠴᠢᠬᠢ ᠮᠣᠳᠣᠨ ᠤ ᠶᠠᠰᠤ ᠴᠢᠨᠠᠷ ᠮᠠᠰᠢ ᠰᠠᠶᠢᠨ᠂ ᠮᠡᠷᠭᠡᠵᠢᠯᠲᠡᠨ ᠠᠴᠠ ᠪᠠᠰᠠ ᠳᠠᠷᠢᠬᠤ ᠮᠡᠷᠭᠡᠵᠢᠯ ᠵᠢᠭᠠᠵᠤ ᠦᠭᠭᠦᠯ᠎ᠠ︾ ᠭᠡᠵᠦ ᠪᠠᠶᠠᠷᠲᠠᠶᠢᠬᠠᠨ ᠶᠠᠷᠢᠨ᠎ᠠ᠃              ᠣᠲᠣ ᠪᠤᠯᠲᠠᠯ᠎ᠠ᠂ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠠᠴᠠ ᠪᠦᠭᠦ ᠠᠶᠢᠮᠠᠭ ᠤᠨ ᠬᠡᠷᠡᠭᠴᠡᠭᠡ ᠱᠠᠭᠠᠷᠳᠠᠯᠭ᠎ᠠ ᠲᠠᠢ ᠰᠤᠮᠤ ᠪᠠᠯᠭᠠᠰᠤ᠂ ᠭᠠᠴᠠᠭ᠎ᠠ ᠳᠤᠰᠬᠤᠨ ᠳᠤ 4000 ᠭᠠᠷᠤᠢ ᠰᠠᠭᠤᠷᠢ ᠰᠢᠯᠢᠳᠡᠭ ᠡᠭᠦᠯᠳᠡᠷ ᠤᠨ ᠵᠢᠮᠢᠰ ᠤᠨ ᠴᠢᠬᠢ ᠮᠣᠳᠣ ᠶᠢ ᠬᠦᠷᠭᠡᠵᠡᠢ᠃ ᠤᠢ ᠰᠢᠭᠤᠢ ᠶᠢᠨ ᠲᠤᠰᠬᠠᠢ ᠮᠡᠷᠭᠡᠵᠢᠯᠲᠡᠨ ᠮᠠᠯᠴᠢᠨ ᠲᠠᠷᠢᠶᠠᠴᠢᠨ ᠳᠤ ᠴᠢᠬᠢ ᠮᠣᠳᠣ ᠲᠠᠷᠢᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠮᠡᠳᠡᠯᠭᠡ ᠶᠢ ᠨᠢᠭᠤᠷᠳᠠᠨ ᠲᠠᠶᠢᠯᠪᠤᠷᠢᠯᠠᠵᠤ᠂ ᠬᠥᠷᠥᠰᠥ ᠰᠢᠷᠣᠢ ᠪᠣᠷᠳᠣᠭᠤᠷ ᠤᠰᠤᠨ ᠤ ᠬᠠᠮᠢᠶᠠᠷᠤᠯᠲᠠ᠂ ᠰᠠᠯᠠᠭ᠎ᠠ ᠮᠥᠴᠢᠷ ᠢ ᠬᠠᠶᠢᠴᠢᠯᠠᠵᠤ ᠵᠠᠰᠠᠬᠤ ᠵᠡᠷᠭᠡ ᠠᠷᠠᠴᠢᠯᠠᠨ ᠪᠣᠶᠢᠵᠢᠭᠤᠯᠬᠤ ᠬᠡᠷᠡᠭᠯᠡᠭᠡᠨ ᠤ ᠮᠡᠷᠭᠡᠵᠢᠯ ᠢ ᠵᠢᠯᠣᠭᠤᠳᠤᠨ᠂ ᠠᠯᠠᠱᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠢᠴᠢ ᠡᠯᠡᠰᠦᠨ ᠤ ᠠᠵᠤ ᠦᠢᠯᠡᠰ ᠤᠨ ᠬᠥᠭᠵᠢᠯᠲᠡ ᠳᠤ ᠮᠡᠷᠭᠡᠵᠢᠯ ᠤᠨ ᠳᠡᠮᠵᠢᠯᠭᠡ ᠬᠠᠩᠭᠠᠵᠠᠢ᠃              ᠠᠯᠠᠱᠠ ᠵᠡᠭᠦᠨ ᠬᠤᠰᠢᠭᠤᠨ ᠤ ᠭᠤᠣᠯᠲᠤ ᠪᠣᠷᠣ ᠶᠢᠨ ᠬᠦᠷᠢᠶᠡᠯᠡᠩ ᠳᠤ᠂ ᠠᠯᠠᠱᠠ ᠵᠡᠭᠦᠨ ᠬᠤᠰᠢᠭᠤᠨ ᠤ ᠣᠶ ᠰᠢᠭᠤᠢ ᠪᠠ ᠲᠠᠯ᠎ᠠ ᠨᠤᠲᠤᠭ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠢ ᠪᠠᠶᠢᠴᠠᠭᠠᠬᠤ ᠥᠷᠲᠡᠭᠡᠨ ᠤ ᠠᠵᠢᠯᠲᠠᠳ ᠴᠢᠬᠢ ᠮᠣᠳᠣᠨ ᠳᠤ ᠬᠢᠵᠢᠭ ᠤᠨ ᠪᠠᠶᠢᠴᠠᠭᠠᠯᠲᠠ ᠬᠢᠵᠦ ᠪᠠᠶᠢᠯ᠎ᠠ᠃ ᠬᠢᠵᠢᠭ ᠪᠠᠶᠢᠴᠠᠭᠠᠭᠴᠢ ᠴᠢᠬᠢ ᠮᠣᠳᠣ ᠪᠣᠶᠢᠵᠢᠭᠤᠯᠬᠤ ᠡᠷᠦᠭᠡ ᠪᠠ ᠴᠢᠬᠢ ᠮᠣᠳᠣ ᠪᠣᠶᠢᠵᠢᠭᠤᠯᠬᠤ ᠨᠢᠭᠡᠴᠢ ᠶᠢᠨ ᠬᠠᠮᠢᠶ᠎ᠠ ᠪᠦᠬᠦᠢ ᠬᠥᠮᠥᠰ ᠲᠤ ᠤᠢ ᠰᠢᠭᠤᠢ ᠶᠢᠨ ᠤᠷᠭᠤᠮᠠᠯ ᠤᠨ ᠬᠢᠵᠢᠭ ᠢ ᠪᠠᠶᠢᠴᠠᠭᠠᠬᠤ ᠮᠡᠳᠡᠯᠭᠡ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠬᠢᠵᠢᠭ ᠪᠠᠶᠢᠴᠠᠭᠠᠬᠤ ᠠᠵᠢᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠡᠢ᠃ ᠠᠯᠠᠱᠠ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠥᠷᠲᠡᠭᠡᠨ ᠤ ᠠᠵᠢᠯᠲᠠᠨ ᠬᠤᠸᠠᠩ ᠵᠢᠩ᠄ ︽ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠴᠢᠬᠢ ᠮᠣᠳᠣ ᠶᠢ ᠰᠠᠶ᠋ᠢ ᠨᠣᠭᠤᠭᠠᠷᠠᠭᠤᠯᠤᠯᠲᠠ ᠳᠤ ᠬᠡᠷᠡᠭᠯᠡᠵᠦ ᠪᠣᠯᠣᠨ᠎ᠠ᠂ ᠬᠢᠷᠢ ᠲᠡᠩᠴᠡᠬᠦ ᠦᠭᠡᠢ ᠴᠢᠬᠢ ᠮᠣᠳᠣ ᠶᠢᠨ ᠡᠪᠡᠳᠴᠢᠨ ᠬᠢᠵᠢᠭ ᠢ ᠠᠷᠢᠯᠭᠠᠨ ᠰᠢᠢᠳᠪᠦᠷᠢᠯᠡᠭᠰᠡᠨ ᠤ ᠳᠠᠷᠠᠭ᠎ᠠ ᠳᠠᠷᠢᠨ᠎ᠠ ᠃ ᠬᠡᠷᠪᠡ ᠡᠪᠡᠳᠴᠢᠨ ᠬᠤᠣᠷ ᠢ ᠨᠢ ᠠᠷᠢᠯᠭᠠᠬᠤ ᠶᠢᠨ ᠠᠷᠭ᠎ᠠ ᠦᠭᠡᠢ ᠪᠣᠯ ᠰᠢᠯᠵᠢᠭᠦᠯᠦᠨ ᠵᠥᠭᠡᠭᠡᠪᠦᠷᠢᠯᠡᠬᠦ ᠶᠢ ᠵᠣᠭᠰᠤᠭᠠᠬᠤ ᠪᠤᠶᠤ ᠲᠤᠬᠠᠢ ᠶᠢᠨ ᠭᠠᠵᠠᠷ ᠲᠤᠨᠢ ᠤᠰᠠᠳᠬᠠᠵᠤ᠂ ᠣᠶ ᠰᠢᠭᠤᠢ ᠶᠢᠨ ᠬᠤᠣᠷ ᠬᠥᠨᠥᠭᠡᠯ ᠲᠠᠢ ᠠᠮᠢᠳᠤ ᠪᠣᠳᠠᠰ ᠤᠨ ᠲᠠᠷᠬᠠᠯᠲᠠ ᠶᠢ ᠡᠬᠢ ᠡᠭᠦᠰᠦᠯ ᠠᠴᠠ ᠨᠢ ᠵᠣᠭᠰᠣᠭᠠᠨ᠎ᠠ︾ ᠭᠡᠵᠦ ᠲᠠᠶᠢᠯᠪᠤᠷᠢᠯᠠᠪᠠ᠃              ᠠᠯᠠᠱᠠ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠬᠠᠪᠤᠷ ᠤᠨ ᠨᠣᠭᠤᠭᠠᠷᠠᠭᠤᠯᠤᠯᠲᠠ ᠶᠢᠨ ᠲᠥᠰᠥᠯ ᠢ ᠴᠢᠩᠭ᠎ᠠ ᠠᠩᠬᠠᠷᠴᠤ᠂ ᠪᠦᠭᠦ ᠠᠶᠢᠮᠠᠭ ᠤᠨ ᠴᠢᠬᠢ ᠮᠣᠳᠣ ᠶᠢ ᠪᠣᠶᠢᠵᠢᠭᠤᠯᠬᠤ᠂ ᠣᠶᠢᠵᠢᠭᠤᠯᠵᠤ ᠨᠣᠭᠤᠭᠠᠷᠠᠭᠤᠯᠬᠤ ᠳᠤ ᠴᠢᠨᠠᠷ ᠰᠠᠶᠢᠲᠠᠢ ᠰᠠᠶᠢᠨ ᠡᠭᠦᠯᠳᠡᠷ ᠤᠨ ᠴᠢᠬᠢ ᠮᠣᠳᠣᠨ ᠤ ᠪᠠᠲᠤᠯᠠᠭ᠎ᠠ ᠬᠠᠩᠭᠠᠵᠤ ᠪᠠᠶᠢᠨ᠎ᠠ᠃ ᠣᠲᠣ ᠪᠤᠯᠬᠤ ᠳᠤ᠂ ᠪᠦᠭᠦ ᠠᠶᠢᠮᠠᠭ ᠤᠨ ᠡᠯ᠎ᠡ ᠭᠠᠷᠤᠯᠲᠠ ᠶᠢᠨ ᠣᠷᠣᠨ ᠤ ᠬᠢᠵᠢᠭ ᠢ ᠪᠠᠶᠢᠴᠠᠭᠠᠭᠰᠠᠨ ᠲᠠᠯᠠᠪᠠᠶ ᠨᠡᠶᠢᠲᠡ 3280.6 ᠮᠦ ᠳᠤ ᠬᠦᠷᠴᠦ᠂ ᠬᠢᠵᠢᠭ ᠢ ᠪᠠᠶᠢᠴᠠᠭᠠᠭᠰᠠᠨ ᠴᠢᠬᠢ ᠮᠣᠳᠣ 4053.5 ᠲᠦᠮᠡᠨ ᠰᠠᠭᠤᠷᠢ ᠳᠤ ᠬᠦᠷᠴᠦ᠂ 30 ᠭᠠᠷᠤᠢ ᠲᠥᠷᠥᠯ ᠤᠨ ᠮᠣᠳᠣᠨ ᠳᠤ ᠬᠤᠯᠪᠣᠭᠳᠠᠨ᠂ ᠭᠠᠷᠤᠯᠲᠠ ᠶᠢᠨ ᠣᠷᠣᠨ ᠤ ᠬᠢᠵᠢᠭ ᠢ ᠪᠠᠶᠢᠴᠠᠭᠠᠭᠰᠠᠨ ᠨᠣᠷᠮ᠎ᠠ 100% ᠳᠤ ᠬᠦᠷᠴᠡᠢ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号