| ᠮᠠᠲ᠋ᠧᠷᠢᠶᠠᠯ ᠤᠨ ᠳ᠋ᠤᠭᠠᠷ᠄ 11152921011765439 E / 2024 —01961 | ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ | ᠠᠩᠭᠢᠯᠠᠯ᠄ ᠮᠡᠳᠡᠭᠳᠡᠯ | ᠪᠠᠷᠢᠮᠲᠠ ᠪᠢᠴᠢᠭ ᠤᠨ ᠳ᠋ᠤᠭᠠᠷ᠄ | ᠪᠠᠲᠤᠯᠠᠭᠳᠠᠭᠰᠠᠨ ᠴᠠᠭ ᠬᠤᠭᠤᠴᠠᠭ᠎ᠠ᠄ 2024 -09-26 | | | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠯᠵᠢᠶ᠎ᠠ ᠬᠤᠳᠠᠯᠳᠤᠭᠠᠨ ᠤ ᠣᠷᠴᠢᠨ | ᠲᠣᠭᠤᠷᠢᠨ ᠢ ᠰᠢᠯᠢᠳᠡᠭᠵᠢᠭᠦᠯᠬᠦ ᠲᠤᠬᠠᠢ ᠠᠯᠢ ᠣᠯᠠᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠭᠲᠠᠭᠠᠮᠵᠢᠲᠠᠢ ᠪᠥᠭᠡᠳ ᠪᠣᠯᠭᠤᠮᠵᠢᠲᠠᠢ ᠪᠥᠭᠡᠳ ᠤᠶᠠᠨ ᠬᠠᠳᠠᠨ ᠴᠢᠨᠠᠷᠲᠠᠢ ᠬᠠᠤᠯᠢ | ᠬᠡᠷᠡᠭᠵᠢᠭᠦᠯᠦᠯᠲᠡ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ︽ᠨᠢᠭᠡ ᠪᠠᠷᠢᠮᠵᠢᠶ᠎ᠠ᠂ ᠳᠥᠷᠪᠡᠨ ᠨᠠᠷᠢᠨ | ᠳᠠᠩᠰᠠ︾ ᠶᠢ ᠬᠥᠳᠡᠯᠦᠩᠭᠦᠢ ᠪᠠᠷ ᠲᠣᠬᠢᠷᠠᠭᠤᠯᠬᠤ ᠲᠤᠬᠠᠢ ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠰᠢᠢᠳᠬᠡᠯ ᠤᠨ ᠴᠢᠯᠦᠭᠡᠲᠡᠢ ᠲᠠᠰᠤᠯᠬᠤ ᠡᠷᠬᠡ ᠶᠢᠨ | ᠰᠠᠭᠤᠷᠢ ᠪᠠᠷᠢᠮᠵᠢᠶ᠎ᠠ︾ ᠪᠠ ᠪᠠᠭᠲᠠᠭᠠᠮᠵᠢᠲᠤ ᠯᠠᠪᠳᠠᠭᠤᠨ ᠪᠣᠯᠭᠤᠮᠵᠢᠲᠠᠢ ᠬᠠᠤᠯᠢ ᠬᠡᠷᠡᠭᠵᠢᠭᠦᠯᠬᠦ ︽ᠳᠥᠷᠪᠡᠨ ᠨᠠᠷᠢᠨ | ᠳᠠᠩᠰᠠ︾ ᠶᠢ ᠡᠳᠦᠭᠡ ᠢᠯᠡ ᠨᠡᠶᠢᠲᠡᠯᠡᠪᠡ᠃ | ᠬᠠᠪᠰᠤᠷᠤᠯᠲᠠ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ | ᠪᠠᠷᠢᠮᠵᠢᠶ᠎ᠠ ᠳᠤ ᠲᠣᠬᠢᠷᠠᠬᠤ ᠳᠦᠷᠢᠮ | 2. ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠦᠯᠦ ᠲᠣᠷᠭᠠᠬᠤ | ᠵᠦᠢᠯᠡᠰ ᠤᠨ ᠨᠠᠷᠢᠨ ᠳᠠᠩᠰᠠ xxxxx | 3. ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨ | ᠬᠥᠩᠭᠡᠨ ᠢᠶᠠᠷ ᠰᠢᠢᠳᠭᠡᠭᠦ ᠵᠦᠢᠯᠡᠰ ᠤᠨ ᠨᠠᠷᠢᠨ ᠳᠠᠩᠰᠠ . xlsx | 4. ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠬᠡᠷᠡᠭᠵᠢᠭᠦᠯᠬᠦ ᠦᠭᠡᠢ ᠵᠦᠢᠯᠡᠰ ᠤᠨ ᠨᠠᠷᠢᠨ ᠳᠠᠩᠰᠠ . xlsx | 2024 ᠣᠨ ᠤ 9 ᠰᠠᠷ᠎ᠠ ᠶᠢᠨ 26 ᠤ ᠡᠳᠦᠷ | | 2025 - 2026 ᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠬᠤᠷᠠᠯ ᠤᠨ ᠲᠣᠭᠲᠠᠭᠰᠠᠨ ᠭᠠᠵᠠᠷ | ᠲᠠᠯᠠᠪᠤᠷ ᠢ ᠴᠤᠭᠯᠠᠭᠤᠯᠬᠤ ᠲᠤᠬᠠᠢ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠠᠯᠪᠠᠨ | ᠵᠠᠷ | ︽2025 — 2016 ᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠬᠤᠷᠠᠯ ᠤᠨ ᠲᠣᠭᠲᠠᠭᠰᠠᠨ ᠭᠠᠵᠠᠷ | ᠲᠠᠯᠠᠪᠠᠢ ᠶᠢ ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠠᠯᠠᠱᠠ ᠠᠶᠢᠮᠠᠭ ᠤᠨ ᠡᠳ᠋ ᠤᠨ ᠵᠠᠰᠠᠭ ᠤᠨ | ᠲᠣᠪᠴᠢᠶ᠎ᠠ ᠶᠢᠨ ᠮᠡᠳᠡᠭᠳᠡᠯ︾ ︵ᠡᠳ᠋ ᠪᠠᠩᠬᠢ ᠵᠠᠬᠢᠳᠠᠯ ︵2024︶324 2024324ᠳ᠋ᠦ᠋ᠭᠡᠷ ᠲᠣᠭᠠᠲᠤ︶ ᠶᠢᠨ | ᠱᠠᠭᠠᠷᠳᠠᠯᠭ᠎ᠠ ᠶᠢ ᠦᠨᠳᠦᠰᠦᠯᠡᠨ᠂ ᠪᠠᠶᠠᠨᠬᠤᠲᠠ ᠶᠢᠨ ᠭᠠᠵᠠᠷ ᠣᠷᠣᠨ ᠤ ᠳᠣᠲᠣᠷ᠎ᠠ ᠠᠯᠠᠱᠠ ᠵᠡᠭᠦᠨ ᠬᠤᠰᠢᠭᠤᠨ ᠤ | ᠨᠠᠮ ᠵᠠᠰᠠᠭ ᠤᠨ ᠪᠠᠶᠢᠭᠤᠯᠭ᠎ᠠ ᠶᠢᠨ ᠬᠤᠷᠠᠯ ᠤᠨ ᠲᠣᠭᠲᠠᠭᠰᠠᠨ ᠭᠠᠵᠠᠷ ᠲᠠᠯᠠᠪᠠᠢ ᠶᠢ ᠢᠯᠡ ᠪᠠᠷ ᠡᠯᠰᠡᠨ ᠴᠤᠭᠯᠠᠭᠤᠯᠵᠤ | ᠂ ᠨᠥᠬᠦᠴᠡᠯ ᠳᠤ ᠨᠡᠶᠢᠴᠡᠭᠰᠡᠨ ᠥᠷᠭᠡᠨ ᠣᠯᠠᠨ ᠬᠠᠩᠭᠠᠯᠭ᠎ᠠ ᠶᠢᠨ ᠬᠤᠳᠠᠯᠳᠤᠭᠠᠴᠢᠨ ᠤ ᠢᠷᠡᠵᠦ ᠨᠡᠷ᠎ᠡ ᠮᠡᠳᠡᠭᠦᠯᠬᠦ ᠶᠢ | ᠪᠠᠶᠠᠷᠯᠠᠨ ᠤᠭᠲᠤᠨ᠎ᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠪᠠ᠄ | ︵ᠨᠢᠭᠡ︶ ᠡᠯᠰᠡᠨ ᠴᠤᠭᠯᠠᠭᠤᠯᠬᠤ ᠠᠭᠤᠯᠭ᠎ᠠ᠃ ᠬᠤᠷᠠᠯ ᠤᠨ ᠲᠣᠭᠲᠠᠭᠰᠠᠨ ᠭᠠᠵᠠᠷ ᠲᠠᠯᠠᠪᠤᠷ ᠲᠤ | ᠴᠤᠭᠯᠠᠭᠤᠯᠤᠭᠰᠠᠨ ᠠᠭᠤᠯᠭ᠎ᠠ ᠳᠤ ᠬᠤᠨᠣᠭᠯᠠᠬᠤ ᠭᠡᠷ ᠤᠨ ᠦᠨ᠎ᠡ ᠬᠠᠩᠰᠢ᠂ ᠬᠤᠷᠠᠯ ᠤᠨ ᠭᠡᠷ ᠤᠨ ᠲᠦᠷᠢᠶᠡᠰᠦᠨ | ᠮᠥᠩᠭᠦ᠂ ᠬᠤᠭᠤᠯᠠᠨ ᠰᠦᠢᠳᠬᠡᠯ᠂ ᠵᠠᠮ ᠬᠠᠷᠢᠯᠴᠠᠭᠠᠨ ᠤ ᠰᠦᠢᠳᠬᠡᠯ᠂ ᠪᠢᠴᠢᠭ ᠮᠠᠲ᠋ᠧᠷᠢᠶᠠᠯ ᠬᠡᠪᠯᠡᠬᠦ ᠰᠦᠢᠳᠬᠡᠯ᠂ | ᠸᠢᠳᠢᠤ᠋ ᠱᠤᠭᠤᠮ ᠢ ᠲᠦᠷᠢᠶᠡᠰᠦᠯᠡᠨ ᠬᠡᠷᠡᠭᠯᠡᠬᠦ ᠰᠦᠢᠳᠬᠡᠯ ᠵᠡᠷᠭᠡ ᠪᠠᠭᠲᠠᠨ᠎ᠠ᠃ ᠬᠤᠨᠤᠭ ᠰᠠᠭᠤᠴᠠ ᠶᠢᠨ ᠭᠡᠷ ᠤᠨ | ᠦᠨ᠎ᠡ ᠶᠢ ᠪᠠᠷᠢᠮᠵᠢᠶᠠᠲᠤ ᠥᠷᠥᠭᠡ᠂ ᠭᠠᠭᠴᠠ ᠬᠥᠮᠥᠨ ᠤ ᠥᠷᠥᠭᠡ ᠪᠣᠯᠣᠨ ᠡᠩ ᠤᠨ ᠭᠡᠷ ᠤᠨ ᠥᠷᠥᠭᠡ ᠭᠡᠬᠦ | ᠭᠤᠷᠪᠠᠨ ᠵᠦᠢᠯ ᠤᠨ ᠭᠡᠯᠪᠡᠷᠢ ᠪᠠᠷ ᠲᠣᠭᠲᠠᠭᠠᠨ᠎ᠠ᠃ ᠬᠤᠷᠠᠯ ᠤᠨ ᠭᠡᠷ ᠤᠨ ᠲᠦᠷᠢᠶᠡᠰᠦᠨ ᠮᠥᠩᠭᠦ ᠶᠢ ᠶᠡᠭᠡ | ᠬᠤᠷᠠᠯ ᠤᠨ ᠭᠡᠷ᠂ ᠳᠤᠮᠳᠠ ᠬᠤᠷᠠᠯ ᠤᠨ ᠭᠡᠷ ᠪᠣᠯᠣᠨ ᠪᠠᠭ᠎ᠠ ᠬᠤᠷᠠᠯ ᠤᠨ ᠭᠡᠷ ᠭᠡᠬᠦ ᠭᠤᠷᠪᠠᠨ ᠵᠦᠢᠯ ᠤᠨ | ᠭᠡᠯᠪᠡᠷᠢ ᠪᠠᠷ ᠲᠣᠭᠲᠠᠭᠠᠨ᠎ᠠ᠃ ᠬᠤᠭᠤᠯᠠᠨ ᠤ ᠵᠠᠷᠤᠳᠠᠯ ᠤᠨ ᠪᠠᠷᠢᠮᠵᠢᠶ᠎ᠠ ᠶᠢ ᠬᠥᠮᠥᠨ ᠪᠦᠷᠢ ᠶᠢᠨ ᠡᠳᠦᠷ ᠪᠦᠷᠢ ᠶᠢᠨ | ᠲᠣᠭᠲᠠᠭᠠᠭᠰᠠᠨ ᠪᠤᠶᠤ ᠲᠣᠳᠣᠷᠬᠠᠢ ᠲᠣᠭᠲᠠᠭᠠᠭᠰᠠᠨ ᠬᠤᠭᠤᠯᠠᠨ ᠤ ᠳᠠᠷᠠᠭ᠎ᠠ᠃ | ︵ᠬᠤᠶᠠᠷ︶ ᠬᠠᠩᠭᠠᠭᠴᠢ ᠬᠤᠳᠠᠯᠳᠤᠭᠠᠴᠢᠨ ᠤ ᠪᠦᠷᠢᠯᠳᠦᠭᠦᠯᠪᠡᠰᠦ ᠵᠣᠬᠢᠬᠤ ᠨᠥᠬᠦᠴᠡᠯ᠃ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ | ᠬᠤᠶᠠᠳᠤᠭᠠᠷ ᠵᠦᠢᠯ ᠳᠠᠬᠢ ᠬᠠᠩᠭᠠᠭᠴᠢ ᠬᠤᠳᠠᠯᠳᠤᠭᠠᠴᠢᠨ ᠤ ᠬᠢᠷᠢ ᠭᠡᠮ ᠤᠨ ᠨᠥᠬᠦᠴᠡᠯ ᠤᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ︔ | 1. ᠡᠷᠬᠡᠪᠰᠢ ᠪᠠᠶᠠᠨᠬᠤᠲᠠ ᠶᠢᠨ ᠣᠷᠣᠨ ᠳᠠᠬᠢ ᠵᠣᠴᠢᠳ ᠤᠨ ᠪᠠᠭᠤᠳᠠᠯ ᠬᠤᠭᠤᠯᠠᠨ ᠭᠡᠷ ︵ᠲᠤᠰᠬᠠᠢ | ᠬᠤᠷᠠᠯ ᠤᠨ ᠲᠠᠯᠠᠪᠠᠢ᠂ ᠪᠠᠶᠢᠭᠤᠯᠤᠯᠭ᠎ᠠ ᠶᠢᠨ ᠵᠣᠴᠢᠳ ᠤᠨ ᠪᠠᠭᠤᠳᠠᠯ᠂ ᠪᠣᠯᠪᠠᠰᠤᠷᠠᠯ ᠤᠨ ᠲᠥᠪ ᠵᠡᠷᠭᠡ ᠪᠠᠭᠲᠠᠨ᠎ᠠ︶ | ᠪᠠᠶᠢᠬᠤ ᠬᠡᠷᠡᠭᠲᠡᠢ︔ | 2. ᠡᠵᠡᠩᠨᠡᠯᠲᠡ ᠨᠢ ᠪᠣᠯᠪᠠᠰᠤᠷᠠᠩᠭᠤᠢ ᠵᠣᠴᠢᠳ ᠤᠨ ᠪᠠᠭᠤᠳᠠᠯ ᠬᠤᠭᠤᠯᠠᠨ ᠭᠡᠷ ᠨᠢ ᠬᠤᠷᠠᠯ ᠤᠨ | ᠵᠠᠷᠤᠳᠠᠯ ᠤᠨ ᠪᠠᠷᠢᠮᠵᠢᠶ᠎ᠠ ᠶᠢᠨ ᠬᠢᠵᠠᠭᠠᠷᠲᠤ ᠦᠨ᠎ᠡ ᠶᠢ ᠭᠥᠯᠢᠶᠡᠨ ᠠᠪᠬᠤ︔ | 3. ᠲᠥᠪ᠂ ᠮᠤᠵᠢ᠂ ᠬᠤᠲᠠ ᠶᠢᠨ ᠳᠡᠰ ᠤᠨ ᠭᠤᠷᠪᠠᠨ ᠲᠥᠷᠥᠯ ᠤᠨ ᠬᠤᠷᠠᠯ ᠠᠴᠠ ᠳᠡᠭᠡᠭᠰᠢᠬᠢ | ᠬᠡᠪᠴᠢᠶ᠎ᠡ ᠶᠢ ᠳᠠᠭᠠᠭᠠᠨ ᠡᠷᠭᠢᠯᠡᠭᠦ ᠴᠢᠳᠠᠪᠤᠷᠢ ᠶᠢ ᠪᠦᠷᠢᠯᠳᠦᠭᠦᠯᠬᠦ ᠶᠢᠨ ᠬᠠᠮᠲᠤ᠂ ᠬᠡᠯᠡᠯᠴᠡᠭᠡᠷ ᠤᠨ ᠶᠣᠰᠣᠭᠠᠷ ᠪᠦᠭᠦ | ᠵᠣᠴᠢᠨ ᠤ ᠥᠷᠥᠭᠡ ᠪᠠ ᠬᠤᠷᠠᠯ ᠤᠨ ᠭᠡᠷ ᠢ ᠬᠠᠩᠭᠠᠨ᠎ᠠ︔ | 4. ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠡᠯᠡᠳᠬᠡᠮᠵᠢ᠂ ᠲᠥᠬᠦᠭᠡᠷᠦᠮᠵᠢ᠂ | ᠠᠷᠢᠭᠤᠨ ᠴᠡᠪᠡᠷ ᠡᠷᠡᠭᠦᠯ ᠬᠠᠮᠠᠭᠠᠯᠠᠯ᠂ ᠠᠮᠤᠷ ᠲᠦᠪᠰᠢᠨ ᠤ ᠨᠥᠬᠦᠴᠡᠯ ᠪᠠ ᠦᠢᠯᠡᠴᠢᠯᠡᠭᠡᠨ ᠤ ᠶᠠᠰᠤ ᠴᠢᠨᠠᠷ | ᠵᠡᠷᠭᠡ ᠶᠢ ᠪᠦᠷᠢᠳᠦᠭᠦᠯᠬᠦ ᠬᠡᠷᠡᠭᠲᠡᠢ︔ | 5. ᠤᠯᠤᠰ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠵᠢᠯ | ᠲᠥᠷᠥᠯ ᠤᠨ ᠨᠡᠶᠢᠭᠡᠮᠯᠢᠭ ᠤᠨ ᠲᠣᠭᠲᠠᠭᠠᠭᠰᠠᠨ ᠲᠤᠰ ᠠᠵᠢᠯ ᠲᠥᠷᠥᠯ ᠢ ᠡᠷᠭᠢᠯᠡᠭᠦ ᠳᠤ ᠵᠠᠪᠠᠯ ᠬᠡᠷᠡᠭᠰᠡᠬᠦ ᠪᠤᠰᠤᠳ | ᠣᠨᠴᠠ ᠲᠣᠭᠲᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ︵ᠭᠤᠷᠪᠠ︶ ᠬᠤᠷᠠᠯ ᠤᠨ ᠲᠥᠷᠥᠯ ᠬᠤᠪᠢᠶᠠᠷᠢᠯᠠᠯ᠃ ᠨᠢᠭᠡᠳᠦᠭᠡᠷ ᠲᠥᠷᠥᠯ ᠤᠨ ᠬᠤᠷᠠᠯᠳᠤᠭᠠᠨ᠂ | ᠬᠤᠶᠠᠳᠤᠭᠠᠷ ᠲᠥᠷᠥᠯ ᠤᠨ ᠬᠤᠷᠠᠯᠳᠤᠭᠠᠨ᠂ ᠭᠤᠷᠪᠠᠳᠤᠭᠠᠷ ᠲᠥᠷᠥᠯ ᠤᠨ ᠬᠤᠷᠠᠯᠳᠤᠭᠠᠨ᠃ | 1. ᠨᠢᠭᠡᠳᠦᠭᠡᠷ ᠲᠥᠷᠥᠯ ᠤᠨ ᠬᠤᠷᠠᠯᠳᠤᠭᠠᠨ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠬᠤᠷᠠᠯᠳᠤᠭᠤᠯᠤᠭᠰᠠᠨ ᠪᠣᠯ ᠡᠯ᠎ᠡ ᠰᠤᠮᠤ ︵ᠪᠠᠯᠭᠠᠰᠤ︶᠂ ᠵᠡᠭᠡᠯᠢ ᠭᠤᠳᠤᠮᠵᠢ ᠶᠢᠨ ᠠᠯᠪᠠᠨ ᠭᠡᠷ᠂ ᠬᠤᠰᠢᠭᠤ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠡᠷᠭᠡ ᠭᠤᠣᠯ ᠬᠠᠷᠢᠭᠤᠴᠠᠯᠭᠠᠲᠠᠨ ᠨᠥᠬᠦᠳ ᠢ ᠬᠤᠷᠠᠯ ᠳᠤ | ᠣᠷᠣᠯᠴᠠᠭᠤᠯᠬᠤ ᠪᠠᠷ ᠱᠠᠭᠠᠷᠳᠠᠨ᠎ᠠ᠃ ᠨᠢᠭᠡᠳᠦᠭᠡᠷ ᠲᠥᠷᠥᠯ ᠤᠨ ᠬᠤᠷᠠᠯᠳᠤᠭᠠᠨ ᠨᠢ ᠬᠤᠷᠠᠯ ᠤᠨ ᠠᠭᠤᠯᠭ᠎ᠠ ᠶᠢ | ᠦᠨᠳᠦᠰᠦᠯᠡᠨ ᠬᠤᠷᠠᠯ ᠳᠤ ᠣᠷᠤᠯᠴᠠᠬᠤ ᠬᠥᠮᠥᠰ ᠪᠠ ᠠᠵᠢᠯᠲᠠᠨ ᠤ ᠲᠤᠭ᠎ᠠ ᠶᠢ ᠴᠢᠩᠭ᠎ᠠ ᠬᠢᠵᠠᠭᠠᠷᠯᠠᠪᠠ᠃ | 2. ᠬᠤᠶᠠᠳᠤᠭᠠᠷ ᠲᠥᠷᠥᠯ ᠤᠨ ᠬᠤᠷᠠᠯᠳᠤᠭᠠᠨ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠨᠡᠷ᠎ᠡ ᠪᠠᠷ ᠬᠤᠷᠠᠯᠳᠤᠭᠤᠯᠤᠭᠰᠠᠨ ᠪᠣᠯ ᠡᠯ᠎ᠡ ᠰᠤᠮᠤ ︵ᠪᠠᠯᠭᠠᠰᠤ︶᠂ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ | ᠭᠠᠵᠠᠷ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠡᠷᠭᠡ ᠬᠤᠪᠢᠳᠠᠨ ᠬᠠᠮᠢᠶᠠᠷᠴᠤ ᠪᠦᠬᠦᠢ | ᠬᠠᠷᠢᠭᠤᠴᠠᠯᠭᠠᠲᠠᠨ ᠨᠥᠬᠦᠳ ᠢ ᠬᠤᠷᠠᠯ ᠳᠤ ᠣᠷᠣᠯᠴᠠᠭᠤᠯᠬᠤ ᠪᠠᠷ ᠱᠠᠭᠠᠷᠳᠠᠨ᠎ᠠ᠃ ᠬᠤᠷᠠᠯ ᠳᠤ ᠣᠷᠤᠯᠴᠠᠬᠤ | ᠲᠥᠯᠥᠭᠡᠯᠡᠭᠴᠢ ᠶᠢᠨ ᠲᠤᠭ᠎ᠠ 100 ᠬᠥᠮᠥᠨ ᠠᠴᠠ ᠬᠡᠲᠦᠷᠡᠵᠦ ᠪᠤᠯᠬᠤ ᠦᠭᠡᠢ᠂ ᠬᠤᠨᠣᠭᠯᠠᠬᠤ ᠴᠢᠬᠤᠯᠠᠲᠠᠢ | ᠲᠥᠯᠥᠭᠡᠯᠡᠭᠴᠢ 20 ᠬᠥᠮᠥᠨ ᠠᠴᠠ ᠬᠡᠲᠦᠷᠡᠵᠦ ᠪᠤᠯᠬᠤ ᠦᠭᠡᠢ᠃ | 3. ᠭᠤᠷᠪᠠᠳᠤᠭᠠᠷ ᠲᠥᠷᠥᠯ ᠤᠨ ᠬᠤᠷᠠᠯᠳᠤᠭᠠᠨ᠃ ᠡᠯ᠎ᠡ ᠰᠤᠮᠤ ︵ᠪᠠᠯᠭᠠᠰᠤ︶ ᠵᠡᠭᠡᠯᠢ ᠭᠤᠳᠤᠮᠵᠢ ᠶᠢᠨ | ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠵᠡᠷᠭᠡ ᠶᠢᠨ ᠪᠦᠭᠦ ᠬᠤᠰᠢᠭᠤᠨ ᠤ ᠴᠢᠨᠠᠷᠲᠠᠢ | ᠠᠵᠢᠯ ᠤᠨ ᠬᠤᠷᠠᠯ᠃ ᠬᠤᠷᠠᠯ ᠳᠤ ᠣᠷᠤᠯᠴᠠᠬᠤ ᠲᠥᠯᠥᠭᠡᠯᠡᠭᠴᠢ ᠶᠢᠨ ᠲᠤᠭ᠎ᠠ ᠨᠢ 80 ᠬᠥᠮᠥᠨ ᠠᠴᠠ ᠬᠡᠲᠦᠷᠡᠵᠦ | ᠪᠤᠯᠬᠤ ᠦᠭᠡᠢ᠂ ᠬᠤᠨᠣᠭᠯᠠᠬᠤ ᠴᠢᠬᠤᠯᠠᠲᠠᠢ ᠲᠥᠯᠥᠭᠡᠯᠡᠭᠴᠢ 15 ᠬᠥᠮᠥᠨ ᠠᠴᠠ ᠬᠡᠲᠦᠷᠡᠵᠦ ᠪᠤᠯᠬᠤ ᠦᠭᠡᠢ᠃ ᠡᠯ᠎ᠡ | ᠲᠥᠷᠥᠯ ᠤᠨ ᠬᠤᠷᠠᠯ ᠤᠨ ᠲᠤᠰ ᠭᠠᠵᠠᠷ ᠲᠤ ᠬᠤᠷᠠᠯ ᠳᠤ ᠣᠷᠣᠯᠴᠠᠭᠰᠠᠳ ᠢ ᠬᠤᠨᠣᠭᠯᠠᠭᠤᠯᠬᠤ ᠪᠠᠷ ᠲᠣᠬᠢᠷᠠᠭᠤᠯᠬᠤ | ᠦᠭᠡᠢ᠃ | ᠬᠤᠶᠠᠷ᠂ ᠬᠤᠷᠠᠯ ᠤᠨ ᠲᠣᠭᠲᠠᠭᠰᠠᠨ ᠭᠠᠵᠠᠷ ᠲᠠᠯᠠᠪᠤᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠦᠨ᠎ᠡ ᠬᠠᠩᠰᠢ | 1. ᠦᠨ᠎ᠡ ᠬᠠᠩᠰᠢ ᠶᠢ ᠡᠵᠡᠮᠳᠡᠬᠦ᠄ ᠨᠢᠭᠡᠳᠦᠭᠡᠷ ᠲᠥᠷᠥᠯ ᠤᠨ ᠬᠤᠷᠠᠯ ᠤᠨ ᠶᠡᠷᠦᠩᠬᠡᠶᠢᠯᠡᠭᠰᠡᠨ ᠲᠣᠭᠲᠠᠭᠰᠠᠨ | ᠨᠣᠷᠮ᠎ᠠ ᠶᠢᠨ ᠪᠠᠷᠢᠮᠵᠢᠶ᠎ᠠ ᠨᠢ ᠬᠥᠮᠥᠨ ᠪᠦᠷᠢ ᠡᠳᠦᠷ ᠲᠤ 380 ᠲᠥᠭᠦᠷᠢᠭ︔ ᠬᠤᠶᠠᠳᠤᠭᠠᠷ ᠲᠥᠷᠥᠯ ᠤᠨ | ᠬᠤᠷᠠᠯᠳᠤᠭᠠᠨ ᠤ ᠶᠡᠷᠦᠩᠬᠡᠶᠢᠯᠡᠭᠰᠡᠨ ᠨᠣᠷᠮᠠᠲᠤ ᠪᠠᠷᠢᠮᠵᠢᠶ᠎ᠠ ᠪᠣᠯ ᠬᠥᠮᠥᠨ ᠪᠦᠷᠢ ᠡᠳᠦᠷ ᠲᠤ 320 ᠲᠥᠭᠦᠷᠢᠭ | ᠪᠣᠯᠣᠨ᠎ᠠ︔ ᠭᠤᠷᠪᠠᠳᠤᠭᠠᠷ ᠲᠥᠷᠥᠯ ᠤᠨ ᠬᠤᠷᠠᠯᠳᠤᠭᠠᠨ ᠤ ᠶᠡᠷᠦᠩᠬᠡᠶᠢᠯᠡᠭᠰᠡᠨ ᠨᠣᠷᠮᠠᠲᠤ ᠪᠠᠷᠢᠮᠵᠢᠶ᠎ᠠ ᠨᠢ ᠬᠥᠮᠥᠨ | ᠪᠦᠷᠢ ᠡᠳᠦᠷ ᠲᠤ 270 ᠲᠥᠭᠦᠷᠢᠭ ᠪᠣᠯᠣᠨ᠎ᠠ᠃ | 2. ᠬᠤᠷᠠᠯ ᠤᠨ ᠲᠣᠭᠲᠠᠭᠰᠠᠨ ᠭᠠᠵᠠᠷ ᠲᠠᠯᠠᠪᠤᠷ ᠤᠨ ᠬᠠᠮᠢᠶ᠎ᠠ ᠪᠦᠬᠦᠢ ᠦᠨ᠎ᠡ ᠬᠠᠩᠰᠢ ᠶᠢ ᠡᠵᠡᠮᠳᠡᠬᠦ ᠦᠨ᠎ᠡ | ᠬᠠᠩᠰᠢ ᠶᠢᠨ ᠳᠣᠲᠣᠷ᠎ᠠ ᠬᠠᠷᠠᠭᠠᠯᠵᠠᠯ ᠦᠵᠡᠭᠦᠯᠵᠦ᠂ ᠵᠤᠭᠠᠴᠠᠯ ᠤᠨ ᠬᠥᠭᠵᠢᠶᠡᠨ ᠲᠠᠢ ᠤᠯᠠᠷᠢᠯ ︵8 — 10 | ᠰᠠᠷ᠎ᠠ︶ ᠶᠢᠨ ᠶᠡᠷᠦᠩᠬᠡᠶᠢᠯᠡᠭᠰᠡᠨ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠬᠠᠮᠤᠭ ᠥᠨᠳᠥᠷ ᠲᠡᠭᠡᠨ 20 % ᠪᠠᠷ | ᠳᠡᠭᠡᠭᠰᠢᠯᠡᠭᠦᠯᠵᠦ ᠪᠤᠯᠬᠤ ᠠᠴᠠ ᠭᠠᠳᠠᠨ᠎ᠠ᠂ ᠵᠥᠪᠯᠡᠯᠴᠡᠭᠡᠷ ᠤᠨ ᠬᠤᠭᠤᠴᠠᠭᠠᠨ ᠳᠤ ᠵᠥᠪᠭᠡᠨ ᠨᠢᠭᠡ ᠲᠣᠭᠲᠠᠭᠰᠠᠨ | ᠦᠨ᠎ᠡ ᠬᠠᠩᠰᠢ ᠪᠠᠨ ᠮᠡᠳᠡᠭᠦᠯᠬᠦ ᠬᠡᠷᠡᠭᠲᠡᠢ᠃ | ᠭᠤᠷᠪᠠ᠂ ᠬᠦᠷᠢᠶ᠎ᠡ ᠬᠡᠪᠴᠢᠶᠡᠨ ᠳᠤ ᠣᠷᠣᠭᠤᠯᠬᠤ ᠠᠷᠭ᠎ᠠ ᠪᠠ ᠬᠤᠭᠤᠴᠠᠭ᠎ᠠ | 1. ᠬᠡᠪᠴᠢᠶᠡᠨ ᠳᠤ ᠣᠷᠣᠭᠤᠯᠬᠤ ᠠᠷᠭ᠎ᠠ᠃ ᠳᠡᠭᠡᠷᠡᠬᠢ ᠨᠥᠬᠦᠴᠡᠯ ᠢ ᠬᠠᠩᠭᠠᠭᠰᠠᠨ ᠪᠣᠯ᠂ ᠲᠣᠭᠲᠠᠭᠠᠯ | ᠶᠣᠰᠣᠭᠠᠷ ᠨᠡᠷ᠎ᠡ ᠮᠡᠳᠡᠭᠦᠯᠬᠦ ᠮᠠᠲ᠋ᠧᠷᠢᠶᠠᠯ ᠢ ᠲᠤᠰᠢᠶᠠᠭᠰᠠᠨ ᠪᠣᠯ ᠴᠥᠮ ᠣᠷᠣᠯᠴᠠᠭᠤᠯᠵᠤ ᠪᠣᠯᠣᠨ᠎ᠠ᠂ ᠨᠡᠷ᠎ᠡ ᠮᠡᠳᠡᠭᠦᠯᠬᠦ | ᠨᠡᠷᠡᠰ ᠢ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠢᠨᠠᠨ ᠬᠠᠷᠭᠤᠭᠤᠯᠵᠤ ᠨᠤᠲᠠᠯᠠᠨ | ᠲᠣᠭᠲᠠᠭᠠᠭᠰᠠᠨ ᠤ ᠳᠠᠷᠠᠭ᠎ᠠ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ᠃ | 2.ᠲᠤᠰ ᠡᠭᠡᠯᠵᠢ ᠶᠢᠨ ᠭᠡᠷ᠎ᠡ ᠶᠢᠨ ᠬᠤᠭᠤᠴᠠᠭ᠎ᠠ᠃ 2025 ᠣᠨ ᠤ 1 ᠰᠠᠷ᠎ᠠ ᠶᠢᠨ 1 ᠤ ᠡᠳᠦᠷ ᠠᠴᠠ | 2026 ᠣᠨ ᠤ 12 ᠰᠠᠷ᠎ᠠ ᠶᠢᠨ 31 ᠤ ᠡᠳᠦᠷ ᠪᠤᠯᠲᠠᠯ᠎ᠠ᠃ | ᠳᠥᠷᠪᠡ᠂ ᠨᠡᠷ᠎ᠡ ᠮᠡᠳᠡᠭᠦᠯᠵᠦ ᠲᠤᠰᠢᠶᠠᠭᠰᠠᠨ ᠮᠠᠲ᠋ᠧᠷᠢᠶᠠᠯ ︵ᠳᠣᠣᠷᠠᠬᠢ ᠮᠠᠲ᠋ᠧᠷᠢᠶᠠᠯ︶︵ᠳᠣᠣᠷᠠᠬᠢ | ᠮᠠᠲ᠋ᠧᠷᠢᠶᠠᠯ ᠨᠢ ᠡᠷᠬᠡᠪᠰᠢ ᠤᠤᠯ ᠮᠠᠲ᠋ᠧᠷᠢᠶᠠᠯ ᠢᠶᠠᠨ ᠠᠪᠴᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ︶ | 1. ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ︵ᠪᠤᠶᠤ ᠠᠵᠢᠯ | ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠤ ᠦᠨᠡᠮᠯᠡᠯ︶ ᠤᠨ ᠪᠠᠭᠤᠯᠭᠠᠪᠤᠷᠢ︔ | 2. ᠭᠠᠶᠢᠯᠢ ᠶᠢᠨ ᠶᠠᠪᠤᠳᠠᠯ ᠤᠨ ᠳᠠᠩᠰᠠᠯᠠᠬᠤ ᠦᠨᠡᠮᠯᠡᠯ ᠤᠯᠤᠰ ᠤᠨ ᠭᠠᠶᠢᠯᠢ ᠪᠤᠶᠤ ᠣᠷᠣᠨ ᠨᠤᠲᠤᠭ ᠤᠨ | ᠭᠠᠶᠢᠯᠢ ᠶᠢᠨ ᠪᠠᠭᠤᠯᠭᠠᠪᠤᠷᠢ︔ | 3. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠤᠭ ᠪᠢᠴᠢᠭ ᠵᠢᠴᠢ ᠡᠷᠬᠡ | ᠣᠯᠭᠤᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔ | 4. ᠣᠨᠴᠠ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ ᠤᠨ ᠪᠠᠭᠤᠯᠭᠠᠪᠤᠷᠢ︔ | 5. ᠢᠳᠡᠭᠡᠨ ᠤ ᠠᠷᠢᠭᠤᠨ ᠴᠡᠪᠡᠷ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠪᠠᠭᠤᠯᠭᠠᠪᠤᠷᠢ︔ | 6. ᠭᠠᠯ ᠤᠨᠲᠠᠷᠠᠭᠠᠬᠤ ᠰᠠᠯᠠᠭ᠎ᠠ ᠮᠥᠴᠢᠷ ᠠᠴᠠ ᠭᠠᠷᠭᠠᠭᠰᠠᠨ ᠭᠠᠯ ᠤᠨᠲᠠᠷᠠᠭᠠᠬᠤ ᠪᠠᠶᠢᠴᠠᠭᠠᠯᠲᠠ ᠳᠤ ᠬᠢᠷᠢ | ᠲᠡᠩᠴᠡᠭᠰᠡᠨ ᠭᠡᠷᠡᠴᠢ︔ | 7. ᠭᠦᠸᠧᠯᠦ᠂ ᠴᠠᠭᠢᠯᠭᠠᠨ ᠱᠠᠲᠤ ᠶᠢᠨ ᠠᠮᠤᠷ ᠲᠦᠪᠰᠢᠨ ᠤ ᠪᠠᠶᠢᠴᠠᠭᠠᠯᠲᠠ ᠳᠤ ᠬᠢᠷᠢ ᠲᠡᠩᠴᠡᠭᠰᠡᠨ | ᠭᠡᠷᠡᠴᠢ︔ | 8. ᠥᠷᠥᠭᠡᠨ ᠤ ᠬᠡᠪᠴᠢᠶ᠎ᠡ ᠪᠣᠯᠣᠨ ᠬᠤᠷᠠᠯ ᠤᠨ ᠭᠡᠷ ᠤᠨ ᠬᠡᠪᠴᠢᠶᠡᠨ ᠤ ᠭᠡᠷᠡᠴᠢ︔ | 9. ᠨᠠᠮ ᠵᠠᠰᠠᠭ ᠤᠨ ᠪᠠᠶᠢᠭᠤᠯᠭ᠎ᠠ ᠶᠢᠨ ᠬᠤᠷᠠᠯ ᠤᠨ ᠲᠣᠭᠲᠠᠭᠰᠠᠨ ᠭᠠᠵᠠᠷ ᠲᠠᠯᠠᠪᠤᠷ ᠵᠢᠴᠢ ᠬᠡᠯᠡᠯᠴᠡᠭᠡᠷ ᠤᠨ | ᠦᠨ᠎ᠡ ᠬᠠᠩᠰᠢ ᠶᠢᠨ ᠮᠡᠳᠡᠭᠦᠯᠬᠦ ᠬᠦᠰᠦᠨᠦᠭᠲᠦ ᠬᠠᠪᠰᠤᠷᠤᠯᠲᠠ ᠳᠤ ᠦᠵᠡᠬᠦ︶︔ | 10. ᠪᠠᠷᠠᠭ᠎ᠠ ᠬᠠᠩᠭᠠᠬᠤ ᠬᠤᠳᠠᠯᠳᠤᠭᠠᠴᠢᠨ ᠤ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ︵ | ᠬᠠᠪᠰᠤᠷᠤᠯᠲᠠ ᠢ ᠦᠵᠡ︶᠃ | ᠳᠡᠭᠡᠷ᠎ᠡ ᠳᠤᠷᠠᠳᠤᠭᠰᠠᠨ ᠨᠡᠷ᠎ᠡ ᠮᠡᠳᠡᠭᠦᠯᠬᠦ ᠮᠠᠲ᠋ᠧᠷᠢᠶᠠᠯ ᠢ ᠵᠢᠭᠰᠠᠭᠠᠭᠰᠠᠨ ᠳᠡᠰ ᠳᠠᠷᠠᠭᠠᠯᠠᠯ ᠢᠶᠠᠷ ᠭᠠᠷᠴᠠᠭ | ᠨᠠᠶᠢᠷᠠᠭᠤᠯᠤᠨ ᠵᠣᠬᠢᠶᠠᠬᠤ ᠶᠢᠨ ᠬᠠᠮᠲᠤ ᠭᠠᠷᠴᠠᠭ ᠤᠨ ᠳᠡᠰ ᠳᠠᠷᠠᠭᠠᠯᠠᠯ ᠢᠶᠠᠷ ᠳᠡᠪᠲᠡᠷᠯᠡᠭᠡᠳ ᠳᠡᠪᠲᠡᠷᠯᠡᠭᠡᠳ ᠠᠯᠪᠠᠨ | ᠲᠠᠮᠠᠭ᠎ᠠ ᠳᠠᠷᠤᠵᠤ᠂ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 414 ᠲᠠᠰᠤᠭ ᠲᠤ | ᠢᠷᠡᠵᠦ ᠨᠡᠷ᠎ᠡ ᠮᠡᠳᠡᠭᠦᠯᠬᠦ ᠬᠡᠷᠡᠭᠲᠡᠢ᠃ ᠤᠭ ᠪᠢᠴᠢᠭ ᠮᠠᠲ᠋ᠧᠷᠢᠶᠠᠯ ᠢ ᠠᠪᠴᠤ ᠶᠠᠪᠤᠭᠰᠠᠨ ᠦᠭᠡᠢ᠂ ᠳᠡᠪᠲᠡᠷᠯᠡᠵᠦ | ᠳᠡᠪᠲᠡᠷᠯᠡᠭᠰᠡᠨ ᠦᠭᠡᠢ ᠠᠴᠠ ᠪᠣᠯᠵᠤ ᠨᠡᠷ᠎ᠡ ᠮᠡᠳᠡᠭᠦᠯᠵᠦ ᠴᠢᠳᠠᠬᠤ ᠦᠭᠡᠢ ᠪᠣᠯ᠂ ᠬᠠᠷᠢᠭᠤᠴᠠᠯᠭ᠎ᠠ ᠶᠢ ᠨᠡᠷ᠎ᠡ | ᠮᠡᠳᠡᠭᠦᠯᠦᠭᠰᠡᠨ ᠨᠢᠭᠡᠴᠡ ᠥᠪᠡᠷ ᠲᠡᠭᠡᠨ ᠡᠭᠦᠷᠭᠡᠯᠡᠬᠦ ᠬᠡᠷᠡᠭᠲᠡᠢ᠃ ᠡᠭᠦᠨ ᠳᠤ ︽ᠨᠠᠮ ᠵᠠᠰᠠᠭ ᠤᠨ ᠪᠠᠶᠢᠭᠤᠯᠤᠯᠭ᠎ᠠ ᠶᠢᠨ | ᠬᠤᠷᠠᠯ ᠤᠨ ᠴᠢᠭ ᠲᠣᠭᠲᠠᠭᠠᠭᠰᠠᠨ ᠭᠠᠵᠠᠷ ᠲᠠᠯᠠᠪᠤᠷ ᠵᠢᠴᠢ ᠵᠥᠪᠯᠡᠯᠴᠡᠭᠡᠷ ᠤᠨ ᠦᠨ᠎ᠡ ᠬᠠᠩᠰᠢ ᠶᠢᠨ ᠮᠡᠳᠡᠭᠦᠯᠦᠨ | ᠬᠦᠷᠭᠡᠬᠦ ᠬᠦᠰᠦᠨᠦᠭᠲᠦ︾ ᠶᠢ ᠴᠠᠬᠢᠮ ᠬᠡᠪᠯᠡᠯ ︵ᠯᠠᠶᠢᠰᠧᠷ ᠫᠠᠨᠰᠠ︶ ᠢ ᠬᠠᠮᠲᠤ ᠳᠤᠨᠢ ᠮᠡᠳᠡᠭᠦᠯᠦᠨ ᠬᠦᠷᠭᠡᠬᠦ | ᠬᠡᠷᠡᠭᠲᠡᠢ᠃ | ᠲᠠᠪᠤ᠂ ᠨᠡᠷ᠎ᠡ ᠮᠡᠳᠡᠭᠦᠯᠬᠦ ᠴᠠᠭ᠃ 2024 ᠣᠨ ᠤ 10 ᠰᠠᠷ᠎ᠠ ᠶᠢᠨ 14-10 ᠰᠠᠷ᠎ᠠ ᠶᠢᠨ 18 ᠤ ᠡᠳᠦᠷ | ᠃ | ᠵᠢᠷᠭᠤᠭ᠎ᠠ᠂ ᠬᠢᠨᠠᠬᠤ᠃ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠠᠮᠢᠶ᠎ᠠ ᠪᠦᠬᠦᠢ | ᠲᠣᠭᠲᠠᠭᠠᠯ ᠶᠣᠰᠣᠭᠠᠷ᠂ ᠮᠠᠲ᠋ᠧᠷᠢᠶᠠᠯ ᠪᠠᠶᠢᠴᠠᠭᠠᠨ ᠦᠵᠡᠬᠦ᠂ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠨ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠠᠩᠭᠠᠭᠰᠠᠨ ᠮᠡᠳᠡᠭᠦᠯᠬᠦ ᠮᠠᠲ᠋ᠧᠷᠢᠶᠠᠯ ᠤᠨ | ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ ᠢ ᠬᠢᠨᠠᠨ ᠪᠠᠶᠢᠴᠠᠭᠠᠨ᠎ᠠ᠃ | ᠳᠣᠯᠤᠭ᠎ᠠ᠂ ᠨᠡᠶᠢᠲᠡᠯᠡᠬᠦ᠃ ᠬᠢᠨᠠᠨ ᠬᠠᠷᠭᠤᠭᠤᠯᠤᠯᠲᠠ ᠳᠠᠭᠤᠰᠤᠭᠰᠠᠨ ᠤ ᠳᠠᠷᠠᠭ᠎ᠠ᠂ ᠬᠢᠨᠠᠨ | ᠬᠠᠷᠭᠤᠭᠤᠯᠤᠯᠲᠠ ᠳᠤ ᠬᠢᠷᠢ ᠲᠡᠩᠴᠡᠭᠰᠡᠨ ᠬᠤᠷᠠᠯ ᠤᠨ ᠴᠢᠭ ᠲᠣᠭᠲᠠᠭᠠᠭᠰᠠᠨ ᠲᠠᠯᠠᠪᠤᠷ ᠤᠨ ᠣᠷᠣᠭᠰᠠᠨ ᠨᠡᠷᠡᠰ ᠢ | ᠵᠠᠷᠯᠠᠨ ᠨᠡᠶᠢᠲᠡᠯᠡᠨ᠎ᠡ᠂ ᠢᠯᠡ ᠨᠡᠶᠢᠲᠡᠯᠡᠬᠦ ᠲᠤᠬᠠᠢ ᠬᠤᠭᠤᠴᠠᠭ᠎ᠠ ᠨᠢ 3 ᠠᠵᠢᠯᠯᠠᠬᠤ ᠡᠳᠦᠷ ᠪᠣᠯᠣᠨ᠎ᠠ᠃ | ᠵᠠᠭᠠᠯᠳᠤᠬᠤ ᠤᠲᠠᠰᠤ᠄ 0483-822747 | ᠨᠠᠢᠮᠠ᠂ ᠨᠤᠲᠠᠯᠠᠬᠤ ᠬᠡᠷᠡᠭᠲᠡᠢ᠃ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠳᠠᠭᠠᠳᠬᠠᠯ ᠳᠤ | ᠣᠷᠣᠭᠰᠠᠨ ᠨᠡᠷᠡᠰ ᠢ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ | ᠵᠥᠪᠰᠢᠶᠡᠷᠡᠭᠦᠯᠵᠦ᠂ ᠴᠣᠬᠤᠯᠠᠪᠤᠷᠢᠯᠠᠬᠤ ᠪᠢᠴᠢᠭ ᠮᠠᠲ᠋ᠧᠷᠢᠶᠠᠯ ᠪᠠᠭᠤᠯᠭᠠᠭᠰᠠᠨ ᠤ ᠳᠠᠷᠠᠭ᠎ᠠ᠂ ᠲᠣᠭᠲᠠᠭᠠᠭᠰᠠᠨ ᠨᠡᠷᠡᠰ ︵ | 2025— 2026 ᠣᠨ ᠤ ᠠᠯᠠᠱᠠ ᠵᠡᠭᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠬᠤᠷᠠᠯ ᠢᠶᠠᠷ | ᠲᠣᠭᠲᠠᠭᠠᠭᠰᠠᠨ ᠭᠠᠵᠠᠷ ᠲᠠᠯᠠᠪᠤᠷ ᠤᠨ ᠨᠡᠷᠡᠰ ᠢ ᠨᠡᠶᠢᠲᠡᠯᠡᠨ᠎ᠡ︶᠃ | | |