ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ 2024 ᠣᠨ ᠤ ᠵᠠᠰᠠᠭ ᠤᠨ ᠣᠷᠳᠣᠨ ᠤ ᠮᠡᠳᠡᠭᠡᠯᠡᠯ ᠢ ᠢᠯᠡ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/9/30
      ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇2011﹈ 30 ᠳ᠋ᠤᠭᠠᠷ ᠲᠣᠭᠠᠲᠤ︶  ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠶᠠᠪᠤᠳᠠᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ  ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ  ᠶᠢᠨ ᠴᠠᠬᠢᠮ ᠬᠡᠪᠯᠡᠯ ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http : / / www . alszq . gov . cn︶  ᠠᠴᠠ ᠲᠠᠲᠠᠵᠤ ᠠᠪᠬᠤ ᠪᠣᠯᠣᠮᠵᠢ ᠲᠠᠢ᠃ ᠲᠤᠰ ᠵᠢᠯ ᠤᠨ ᠮᠡᠳᠡᠭᠦᠯᠦᠯᠲᠡ ᠳᠤ ᠰᠡᠵᠢᠭᠯᠡᠯ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠲᠠᠢ ᠬᠠᠷᠢᠯᠴᠠᠭᠠᠷᠠᠢ ︵ᠤᠲᠠᠰᠤ᠄ 0483 - 821322︶᠃       ᠨᠢᠭᠡ᠂ ᠲᠣᠶᠢᠮᠣ ᠪᠠᠶᠢᠳᠠᠯ       2024 ᠣᠨ ᠳᠤ᠂ ᠮᠠᠨ ᠤ ᠲᠣᠪᠴᠢᠶ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ᠂ ᠬᠤᠰᠢᠭᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠥᠯᠥᠭᠡᠯᠡᠬᠦ ᠬᠦᠴᠦᠨ ᠪᠠ ᠤᠯᠠᠮᠵᠢᠯᠠᠨ ᠲᠠᠷᠬᠠᠭᠠᠬᠤ ᠬᠦᠴᠦᠨ ᠢ ᠴᠢᠩᠭᠠᠳᠬᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠣᠯᠠᠨ ᠲᠦᠮᠡᠨ ᠤ ᠵᠠᠰᠠᠭ ᠤᠨ ᠣᠷᠳᠣᠨ ᠤ ᠮᠡᠳᠡᠭᠡᠯᠡᠯ ᠢ ᠣᠯᠬᠤ ᠰᠡᠳᠬᠢᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠦᠨᠡᠨᠬᠦ ᠲᠦᠯᠬᠢᠨ ᠠᠬᠢᠭᠤᠯᠪᠠ᠃       ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ       ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠢ ᠴᠡᠷᠢᠭ ᠠᠴᠠ ᠬᠠᠯᠠᠭᠳᠠᠭᠰᠠᠳ ᠤᠨ ᠬᠦᠷᠢᠶ᠎ᠡ ᠬᠡᠪᠴᠢᠶᠡᠨ ᠳᠠᠬᠢ ᠬᠠᠯᠠᠮᠰᠢᠯ᠂ ᠭᠤᠣᠯᠳᠠᠯᠭ᠎ᠠ ᠶᠢᠨ ᠲᠣᠭᠤᠷᠢᠨ ᠳᠤ᠂ ︽ᠢᠯᠡ ᠲᠣᠳᠣ ᠪᠠᠶᠢᠬᠤ ᠶᠢ ᠢᠯᠠ ᠲᠣᠳᠣ ᠪᠣᠯᠭᠠᠬᠤ︾ ᠶᠢ ᠪᠠᠷᠢᠮᠲᠠᠯᠠᠵᠤ᠂ ᠡᠯ᠎ᠡ ᠲᠥᠷᠥᠯ ᠤᠨ ᠰᠤᠷᠠᠭ ᠵᠠᠩᠭᠢ ᠪᠠᠨ ᠴᠠᠭ ᠲᠤᠬᠠᠢ ᠳᠤᠨᠢ ᠵᠥᠪ ᠣᠨᠣᠪᠴᠢᠲᠠᠢ ᠢᠯᠡ ᠲᠣᠳᠣ ᠪᠣᠯᠭᠠᠵᠠᠢ᠃ ᠴᠠᠭ ᠲᠤᠬᠠᠢ ᠳᠤᠨᠢ ᠵᠠᠰᠠᠭ ᠤᠨ ᠴᠢᠬᠤᠯᠠ ᠮᠡᠳᠡᠭᠡ᠂ ᠠᠵᠢᠯ ᠤᠨ ᠪᠠᠶᠢᠳᠠᠯ᠂ ᠠᠵᠢᠯᠲᠠᠨ ᠤ ᠶᠠᠪᠤᠳᠠᠯ ᠤᠨ ᠮᠡᠳᠡᠭᠡᠯᠡᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠢ ᠲᠠᠶᠢᠯᠪᠤᠷᠢᠯᠠᠬᠤ ᠵᠡᠷᠭᠡ ᠠᠭᠤᠯᠭ᠎ᠠ ᠶᠢ ᠨᠡᠶᠢᠲᠡᠯᠡᠬᠦ ᠶᠢᠨ ᠬᠠᠮᠲᠤ ᠠᠵᠢᠯ ᠤᠨ ᠱᠠᠭᠠᠷᠳᠠᠯᠭ᠎ᠠ ᠶᠣᠰᠣᠭᠠᠷ ᠡᠳ᠋ ᠤᠨ ᠵᠠᠰᠠᠭ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢ ᠪᠡᠶᠡᠯᠡᠭᠦᠯᠵᠡᠢ︔ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠢ ᠪᠤᠯᠤᠩ ᠢ ᠢᠳᠡᠪᠬᠢᠲᠡᠢ ᠬᠠᠮᠠᠭᠠᠯᠠᠵᠤ᠂ ᠵᠡᠮᠳᠡᠭ ᠤᠨ ᠳᠡᠰ ᠢ ᠦᠨᠡᠯᠡᠨ ᠲᠣᠭᠲᠠᠭᠠᠬᠤ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠠᠵᠢᠯ ᠵᠣᠬᠢᠴᠠᠭᠤᠯᠬᠤ ᠭᠡᠵᠦ ᠪᠠᠶᠢᠭ᠎ᠠ ᠬᠤᠭᠤᠴᠠᠭᠠᠨ ᠳᠠᠬᠢ ᠠᠮᠢᠳᠤᠷᠠᠯ ᠤᠨ ᠵᠠᠷᠤᠳᠠᠯ ᠣᠯᠭᠤᠬᠤ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠴᠢᠷ ᠶᠠᠪᠤᠳᠠᠯ ᠭᠦᠢᠴᠡᠳᠬᠡᠬᠦ ᠵᠦᠭᠯᠡᠭᠦᠷ ᠢ ᠨᠡᠶᠢᠲᠡᠯᠡᠵᠦ᠂ ᠦᠢᠯᠡᠴᠢᠯᠡᠬᠦ ᠡᠲᠡᠭᠡᠳ ᠲᠤ ᠨᠡᠩ ᠳᠥᠭᠦᠮ ᠳᠥᠲᠡ ᠦᠢᠯᠡᠴᠢᠯᠡᠭᠡᠨ ᠬᠠᠩᠭᠠᠵᠠᠢ᠃       ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ       ᠵᠠᠰᠠᠭ ᠤᠨ ᠣᠷᠳᠣᠨ ᠤ ᠮᠡᠳᠡᠭᠡᠯᠡᠯ ᠢ ᠡᠷᠭᠦᠳᠡᠯ ᠢ ᠢᠯᠠ ᠲᠣᠳᠣ ᠪᠣᠯᠭᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠭᠦᠳᠡᠯ ᠢ ᠦᠨᠳᠦᠰᠦᠯᠡᠨ ᠢᠯᠠ ᠲᠣᠳᠣ ᠪᠣᠯᠭᠠᠬᠤ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠵᠠᠰᠠᠭ ᠤᠨ ᠣᠷᠳᠣᠨ ᠤ ᠮᠡᠳᠡᠭᠡᠯᠡᠯ ᠢ ᠡᠷᠡᠮᠡᠯᠵᠡᠯ ᠢᠶᠠᠷ ᠢᠯᠠ ᠲᠣᠳᠣ ᠪᠣᠯᠭᠠᠬᠤ ᠠᠵᠢᠯ ᠢ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ᠂ ᠲᠣᠣᠷ ᠰᠦᠯᠵᠢᠶ᠎ᠡ᠂ ᠵᠠᠬᠢᠳᠠᠯ᠂ ᠨᠢᠭᠤᠷᠳᠠᠨ ᠭᠤᠶᠤᠴᠢᠯᠠᠬᠤ ᠵᠡᠷᠭᠡ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠪᠣᠯᠣᠨ ᠯᠠᠪᠯᠠᠯᠭ᠎ᠠ ᠶᠢᠨ ᠳ᠋ᠢᠶᠠᠩᠬᠤᠸᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠪᠠ᠃ 2024 ᠣᠨ ᠳᠤ ᠵᠠᠰᠠᠭ ᠤᠨ ᠣᠷᠳᠣᠨ ᠤ ᠮᠡᠳᠡᠭᠡᠯᠡᠯ ᠢ ᠭᠥᠯᠢᠶᠡᠨ ᠠᠪᠤᠭᠰᠠᠨ ᠦᠭᠡᠢ ᠡᠷᠭᠦᠳᠡᠯ ᠢ ᠢᠯᠡ ᠲᠣᠳᠣ ᠪᠣᠯᠭᠠᠵᠠᠢ᠃       ︵ᠭᠤᠷᠪᠠ︶ ᠮᠡᠳᠡᠭᠡᠯᠡᠯ ᠤᠨ ᠬᠠᠮᠢᠶᠠᠷᠤᠯᠲᠠ       ᠵᠠᠰᠠᠭ ᠤᠨ ᠶᠠᠪᠤᠳᠠᠯ ᠤᠨ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ ᠶᠢ ᠡᠷᠭᠦᠳᠡᠯ ᠢ ᠢᠯᠠ ᠲᠣᠳᠣ ᠪᠣᠯᠭᠠᠬᠤ ᠪᠠ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠳᠦᠷᠢᠮ ᠵᠡᠷᠭᠡ ᠶᠢ ᠪᠠᠶᠢᠭᠤᠯᠤᠯᠭ᠎ᠠ ᠶᠢᠨ ᠬᠠᠮᠢᠶᠠᠷᠤᠯᠲᠠ ᠶᠢᠨ ᠳᠦᠷᠢᠮ ᠳᠤ ᠣᠷᠣᠭᠤᠯᠬᠤ ᠶᠢᠨ ᠬᠠᠮᠲᠤ ᠲᠤᠰ ᠤᠨ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠣᠨ ᠤ ᠠᠵᠢᠯ ᠤᠨ ᠭᠤᠣᠯᠳᠠᠯᠭ᠎ᠠ ᠳᠠᠭᠠᠨ ᠣᠷᠣᠭᠤᠯᠬᠤ ᠶᠢᠨ ᠬᠠᠮᠲᠤ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢ ᠦᠨᠳᠦᠰᠦᠯᠡᠨ ᠠᠯᠠᠱᠠ ᠵᠡᠭᠦᠨ ᠬᠤᠰᠢᠭᠤᠨ ᠤ ᠴᠡᠷᠢᠭ ᠤᠨ ᠶᠠᠪᠤᠳᠠᠯ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠤᠯᠠᠮ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠵᠢᠷᠤᠮᠵᠢᠬᠰᠠᠨ ᠠᠵᠢᠯᠯᠠᠭᠠᠨ ᠢ ᠦᠨᠡᠨᠬᠦ ᠪᠠᠲᠤᠯᠠᠪᠠ᠃       ︵ᠳᠥᠷᠪᠡ︶ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ       ᠠᠵᠢᠯ ᠤᠨ ᠱᠠᠭᠠᠷᠳᠠᠯᠭ᠎ᠠ ᠶᠣᠰᠣᠭᠠᠷ᠂ ᠠᠯᠪᠠᠨ ᠤ ᠰᠦᠯᠵᠢᠶ᠎ᠡ ᠪᠠ ︽ᠠᠯᠠᠱᠠ ᠵᠡᠭᠦᠨ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠠᠵᠢᠯᠲᠠᠨ ᠤ ᠶᠠᠪᠤᠳᠠᠯ ᠤᠨ ᠲᠣᠪᠴᠢᠶ᠎ᠠ︾ ᠶᠢᠨ ᠵᠢᠷᠭᠢᠶ᠎ᠡ ᠶᠢᠨ ᠲᠠᠪᠴᠠᠩ ᠢ ᠵᠢᠷᠤᠮᠵᠢᠭᠤᠯᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠤᠰᠬᠠᠢ ᠪᠤᠯᠤᠩ ᠲᠣᠬᠢᠷᠠᠭᠤᠯᠵᠤ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ᠂ ᠤᠳᠤᠷᠢᠳᠤᠯᠭ᠎ᠠ ᠶᠢᠨ ᠮᠡᠳᠡᠭᠡᠯᠡᠯ᠂ ᠠᠵᠢᠯ ᠤᠨ ᠪᠠᠶᠢᠳᠠᠯ᠂ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠴᠢᠬᠤᠯᠠ ᠮᠡᠳᠡᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠠᠭᠤᠯᠭ᠎ᠠ ᠶᠢ ᠴᠠᠭ ᠲᠤᠬᠠᠢ ᠳᠤᠨᠢ ᠢᠯᠠ ᠲᠣᠳᠣ ᠪᠣᠯᠭᠠᠬᠤ ᠶᠢᠨ ᠬᠠᠮᠲᠤ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠭᠦᠢᠴᠡᠳᠬᠡᠵᠦ᠂ ᠠᠯᠪᠠᠨ ᠤ ᠲᠠᠯ᠎ᠠ ᠶᠢᠨ ᠰᠦᠯᠵᠢᠶ᠎ᠡ ᠪᠠ ᠸᠢᠴᠠᠲ ᠤᠨ ᠲᠠᠪᠴᠠᠩ ᠤᠨ ᠪᠠᠷᠢᠮᠵᠢᠶ᠎ᠠ ᠳᠤ ᠭᠦᠷᠦᠭᠰᠡᠨ ᠠᠵᠢᠯᠯᠠᠭᠠᠨ ᠢ ᠦᠨᠡᠨᠬᠦ ᠪᠠᠲᠤᠯᠠᠪᠠ᠃ 2024 ᠣᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ 42 ᠵᠤᠷᠪᠤᠰ ᠢ ᠢᠯᠡ ᠨᠡᠶᠢᠲᠡᠯᠡᠵᠦ᠂ ᠸᠢᠴᠠᠲ ᠲᠠᠪᠴᠠᠩ 144 ᠵᠤᠷᠪᠤᠰ ᠮᠡᠳᠡᠭᠡᠯᠡᠯ ᠨᠡᠶᠢᠲᠡᠯᠡᠵᠡᠢ᠃       ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ       ᠠᠯᠠᠱᠠ ᠵᠡᠭᠦᠨ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠠᠵᠢᠯᠲᠠᠨ ᠤ ᠶᠠᠪᠤᠳᠠᠯ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠣᠨ ᠤ ᠠᠵᠢᠯ ᠤᠨ ᠭᠤᠣᠯᠳᠠᠯᠭ᠎ᠠ ᠳᠠᠭᠠᠨ ᠣᠷᠣᠭᠤᠯᠬᠤ ᠶᠢᠨ ᠬᠠᠮᠲᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠬᠢᠨᠠᠨ ᠰᠢᠯᠭᠠᠬᠤ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠦᠭᠦ ᠲᠠᠯ᠎ᠠ ᠶᠢᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠬᠢᠨᠠᠯᠲᠠ ᠪᠠᠲᠤᠯᠠᠭ᠎ᠠ ᠶᠢ ᠦᠨᠡᠨᠬᠦ ᠴᠢᠩᠭᠠᠳᠬᠠᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠬᠠᠤᠯᠢ ᠶᠣᠰᠣᠭᠠᠷ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠪᠠ᠃       ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ             ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ       ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ       ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ       ᠨᠢᠭᠡ ᠳᠤ ᠲᠤᠬᠠᠶᠢᠯᠠᠭᠰᠠᠨ ᠠᠵᠢᠯ ᠨᠢ ᠡᠳᠦᠷ ᠲᠤᠲᠤᠮ ᠤᠨ ᠲᠤᠬᠠᠶᠢᠯᠠᠭᠰᠠᠨ ᠠᠵᠢᠯ ᠳᠠᠭᠠᠨ ᠶᠠᠭᠠᠷᠠᠵᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢᠨ ᠬᠦᠴᠦᠨ ᠲᠡᠭᠦᠯᠳᠡᠷ ᠪᠤᠰᠤ ᠪᠠᠶᠢᠨ᠎ᠠ᠃ ᠬᠤᠶᠠᠷ ᠲᠤ᠂ ᠬᠢᠨᠠᠨ ᠪᠠᠶᠢᠴᠠᠭᠠᠬᠤ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠤᠯᠠᠮ ᠴᠢᠩᠭᠠᠳᠬᠠᠬᠤ ᠴᠢᠬᠤᠯᠠ ᠲᠠᠢ ᠪᠠᠶᠢᠨ᠎ᠠ᠃       ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ       ᠨᠢᠭᠡ ᠳᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠠᠷᠠᠯᠲᠠᠲᠤ ᠬᠠᠮᠢᠶᠠᠷᠤᠯᠲᠠ ᠪᠣᠯᠣᠨ ᠡᠭᠦᠷᠭᠡ ᠶᠢ ᠵᠠᠳᠠᠯᠬᠤ᠂ ᠠᠵᠢᠯ ᠢ ᠰᠠᠶᠢᠲᠤᠷ ᠭᠦᠢᠴᠡᠳᠬᠡᠵᠦ᠂ ᠴᠠᠭ ᠲᠤᠬᠠᠢ ᠳᠤᠨᠢ  ᠨᠡᠶᠢᠲᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠡᠢ᠃ ᠬᠤᠶᠠᠷ ᠲᠤ ᠰᠢᠨ᠎ᠡ ᠵᠠᠭᠤᠴᠢ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠤᠤᠯ ᠤᠨ ᠡᠭᠦᠳᠦᠭᠰᠡᠨ ᠪᠠ ᠤᠯᠠᠮᠵᠢᠯᠠᠨ ᠶᠠᠪᠤᠭᠤᠯᠤᠭᠰᠠᠨ ᠪᠢᠴᠢᠭ ᠮᠠᠲ᠋ᠧᠷᠢᠶᠠᠯ ᠢ ᠴᠢᠩᠭ᠎ᠠ ᠬᠢᠨᠠᠵᠤ᠂ ᠲᠠᠷᠬᠠᠭᠠᠭᠰᠠᠨ ᠪᠢᠴᠢᠭ ᠮᠠᠲ᠋ᠧᠷᠢᠶᠠᠯ ᠢ ᠲᠤᠩᠭᠠᠨ ᠪᠣᠳᠣᠯᠬᠢᠯᠠᠬᠤ᠂ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ᠂ ᠨᠡᠶᠢᠭᠡᠮ ᠤᠨ ᠰᠢᠯᠭᠠᠯᠲᠠ ᠶᠢ ᠳᠠᠭᠠᠭᠠᠵᠤ ᠳᠡᠶᠢᠯᠭᠦ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠪᠠ ᠴᠡᠷᠢᠭ ᠤᠨ ᠠᠯᠪᠠᠨ ᠠᠴᠠ ᠪᠠᠭᠤᠭᠰᠠᠳ ᠢ ᠬᠥᠲᠥᠯᠥᠨ ᠵᠢᠯᠤᠭᠤᠳᠴᠤ ᠵᠥᠪ ᠡᠨᠧᠷᠭᠢ ᠶᠢ ᠤᠯᠠᠮᠵᠢᠯᠠᠨ ᠲᠠᠷᠬᠠᠭᠠᠵᠤ᠂ ᠵᠥᠪ ᠦᠵᠡᠯ ᠰᠠᠨᠠᠭ᠎ᠠ ᠶᠢ ᠪᠤᠢ ᠪᠣᠯᠭᠠᠵᠠᠢ᠃       ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ       ᠮᠡᠳᠡᠭᠡᠯᠡᠯ ᠢ ᠢᠯᠡ ᠲᠣᠳᠣ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号