ᠮᠠᠲ᠋ᠧᠷᠢᠶᠠᠯ ᠤᠨ ᠳ᠋ᠤᠭᠠᠷ᠄ 111529210117651641 / 2024-01622 | ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ | ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠪᠡ | ᠠᠩᠭᠢᠯᠠᠯ᠄ ᠮᠡᠳᠡᠭᠳᠡᠯ | | ᠠᠯᠠᠱᠠ ᠠᠶᠢᠮᠠᠭ ᠤᠨ ᠱᠤ᠋ ᠭᠤᠸᠠᠩ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ | ᠵᠡᠷᠭᠡ 476 ᠠᠵᠤ ᠠᠬᠤᠶᠢᠯᠠᠯ ᠳᠤ᠄ | ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ | ᠪᠠᠶᠢᠴᠠᠭᠠᠨ ᠯᠠᠪᠯᠠᠬᠤ ᠪᠠᠷ ᠳᠠᠮᠵᠢᠨ᠂ ᠲᠠᠨ ᠤ ᠨᠢᠭᠡᠴᠢ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠵᠠᠷᠯᠠᠬᠤ | ᠲᠦᠷ ᠬᠡᠷᠡᠭᠵᠢᠭᠦᠯᠬᠦ ᠳᠦᠷᠢᠮ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ 2022᠂ 2023 ᠣᠨ ᠤ ᠮᠡᠳᠡᠭᠦᠯᠦᠯᠲᠡ ᠶᠢ ᠢᠯᠡ ᠨᠡᠶᠢᠲᠡᠯᠡᠭᠰᠡᠨ ᠦᠭᠡᠢ᠂ ᠨᠢᠭᠡᠨᠲᠡ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠡᠵᠡᠩᠨᠡᠯᠲᠡ ᠶᠢᠨ | ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃ | 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷ ᠬᠡᠷᠡᠭᠵᠢᠭᠦᠯᠬᠦ | ᠳᠦᠷᠢᠮ︾ ᠤᠨ ᠠᠷᠪᠠᠨ ᠨᠠᠢᠮᠠᠳᠤᠭᠠᠷ ᠵᠦᠢᠯ ᠢ ᠦᠨᠳᠦᠰᠦᠯᠡᠪᠡᠯ᠂ ︽ᠠᠵᠤ ᠠᠬᠤᠶᠢᠯᠠᠯ ᠲᠤᠰ ᠳᠦᠷᠢᠮ ᠳᠤ | ᠲᠣᠭᠲᠠᠭᠠᠭᠰᠠᠨ ᠬᠤᠭᠤᠴᠠᠭ᠎ᠠ ᠬᠢᠵᠠᠭᠠᠷ ᠤᠨ ᠶᠣᠰᠣᠭᠠᠷ ᠣᠨ ᠤ ᠮᠡᠳᠡᠭᠦᠯᠦᠯᠲᠡ ᠪᠠᠨ ᠨᠡᠶᠢᠲᠡᠯᠡᠭᠰᠡᠨ ᠦᠭᠡᠢ ᠪᠤᠶᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷ ᠤᠨ ᠶᠣᠰᠣᠭᠠᠷ ᠬᠤᠯᠪᠣᠭᠳᠠᠯ ᠪᠦᠬᠦᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠨᠡᠶᠢᠲᠡᠯᠡᠭᠰᠡᠨ ᠦᠭᠡᠢ ᠪᠣᠯ | ᠂ ᠰᠤᠮᠤ ᠪᠠᠯᠭᠠᠰᠤᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠲᠡᠭᠦᠪᠦᠷᠢ ᠳᠤ ᠵᠢᠭᠰᠠᠭᠠᠨ ᠣᠷᠣᠭᠤᠯᠬᠤ ᠶᠢᠨ ᠬᠠᠮᠲᠤ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠣᠯᠭᠤᠬᠤ ᠬᠡᠷᠡᠭᠲᠡᠢ᠃ ᠠᠵᠤ ᠠᠬᠤᠶᠢᠯᠠᠯ ᠨᠢ ᠵᠢᠯ | ᠳᠠᠷᠠᠭᠠᠯᠠᠨ ᠲᠣᠭᠲᠠᠭᠠᠯ ᠶᠣᠰᠣᠭᠠᠷ ᠣᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠭᠰᠡᠨ ᠦᠭᠡᠢ ᠠᠴᠠ ᠪᠣᠯᠵᠤ | ᠡᠵᠡᠩᠨᠡᠯᠲᠡ ᠨᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠨᠢ ᠦᠯᠦ ᠬᠠᠯᠳᠠᠭᠠᠭᠰᠠᠨ | ᠮᠥᠷᠲᠡᠭᠡᠨ ᠳᠠᠩᠰᠠᠯᠠᠭᠤᠯᠤᠭᠰᠠᠨ ᠣᠷᠣᠨ ᠰᠠᠭᠤᠴᠠ ᠪᠤᠶᠤ ᠡᠵᠡᠩᠨᠡᠯᠲᠡ ᠶᠢᠨ ᠲᠠᠯᠠᠪᠤᠷ ᠲᠠᠢ ᠬᠠᠷᠢᠯᠴᠠᠬᠤ ᠶᠢᠨ ᠠᠷᠭ᠎ᠠ | ᠦᠭᠡᠢ ᠪᠠᠶᠢᠪᠠᠯ᠂ ᠰᠤᠮᠤ ᠪᠠᠯᠭᠠᠰᠤᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ | ᠪᠤᠯᠭᠠᠬᠤ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ᠎ᠠ᠂ ᠲᠠᠨ ᠤ ᠨᠢᠭᠡᠴᠢ ᠨᠢ | ᠬᠤᠶᠠᠷ ᠵᠢᠯ ᠳᠠᠷᠠᠭᠠᠯᠠᠨ ᠣᠨ ᠤ ᠮᠡᠳᠡᠭᠦᠯᠦᠯᠲᠡ ᠦᠭᠡᠢ ᠴᠡᠪᠡᠷᠯᠡᠬᠦ ᠪᠠᠷ ᠪᠠᠶᠢᠭ᠎ᠠ ᠡᠲᠡᠭᠡᠳ ᠤᠨ ᠨᠢᠭᠡ ᠪᠣᠯᠣᠨ᠎ᠠ᠃ | ᠡᠵᠡᠩᠨᠡᠯᠲᠡ ᠶᠢᠨ ᠳᠤᠮᠳᠠ ᠪᠠᠶᠢᠬᠤ ᠪᠤᠶᠤ ᠦᠷᠭᠦᠯᠵᠢᠯᠡᠨ ᠡᠵᠡᠩᠨᠡᠬᠦ ᠬᠦᠰᠡᠯ ᠡᠷᠡᠮᠡᠯᠵᠡᠯ ᠲᠠᠢ ᠪᠠᠶᠢᠪᠠᠯ᠂ ᠲᠤᠰ | ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠬᠠᠤᠯᠢ ᠶᠣᠰᠣᠭᠠᠷ ᠣᠨ ᠤ | ᠮᠡᠳᠡᠭᠦᠯᠦᠯᠲᠡ ᠬᠢᠬᠦ ᠵᠡᠷᠭᠡ ᠬᠠᠤᠯᠢ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠬᠦ ᠶᠢᠨ ᠬᠠᠮᠲᠤ ᠡᠵᠡᠩᠨᠡᠯᠲᠡ ᠶᠢᠨ | ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠬᠤ ᠡᠷᠭᠦᠳᠡᠯ ᠳᠤᠷᠠᠳᠤᠨ᠎ᠠ︔ ᠬᠡᠷᠪᠡ | ᠳᠠᠩᠰᠠᠯᠠᠭᠤᠯᠤᠭᠰᠠᠨ ᠣᠷᠣᠨ ᠰᠠᠭᠤᠴᠠ ᠪᠤᠶᠤ ᠡᠵᠡᠩᠨᠡᠯᠲᠡ ᠶᠢᠨ ᠲᠠᠯᠠᠪᠤᠷ ᠲᠤᠨᠢ ᠬᠤᠪᠢᠷᠠᠯᠲᠠ ᠭᠠᠷᠪᠠᠯ᠂ ᠲᠤᠰ | ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠬᠤᠪᠢᠷᠠᠭᠤᠯᠬᠤ ᠳᠠᠩᠰᠠᠯᠠᠯᠲᠠ | ᠬᠢᠯᠭᠡᠬᠦ ᠬᠡᠷᠡᠭᠲᠡᠢ︔ ᠬᠡᠷᠪᠡ ᠲᠠᠨ ᠤ ᠨᠢᠭᠡᠴᠢ ᠡᠵᠡᠩᠨᠡᠯᠲᠡ ᠶᠢᠨ ᠠᠵᠢᠯᠯᠠᠭ᠎ᠠ ᠪᠠᠨ ᠨᠢᠭᠡᠨᠲᠡ ᠬᠢᠬᠦ ᠦᠭᠡᠢ ᠪᠣᠯᠤᠭᠰᠠᠨ | ᠪᠣᠯ᠂ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ | ᠳᠠᠩᠰᠠᠯᠠᠯ ᠢᠶᠠᠨ ᠬᠦᠴᠦᠨ ᠦᠭᠡᠢ ᠪᠤᠯᠭᠠᠬᠤ ᠭᠠᠷᠳᠠᠮ ᠢ ᠭᠦᠢᠴᠡᠳᠬᠡᠵᠦ᠂ ᠬᠤᠭᠤᠴᠠᠭ᠎ᠠ ᠨᠢ ᠬᠡᠲᠦᠷᠡᠭᠡᠳ ᠣᠨ ᠤ | ᠮᠡᠳᠡᠭᠦᠯᠦᠯᠲᠡ ᠶᠢᠨ ᠡᠭᠦᠷᠭᠡ ᠪᠠᠨ ᠭᠦᠢᠴᠡᠳᠬᠡᠭᠰᠡᠨ ᠦᠭᠡᠢ ᠪᠤᠶᠤ ᠳᠠᠩᠰᠠᠯᠠᠯ ᠢᠶᠠᠨ ᠬᠤᠪᠢᠷᠠᠭᠤᠯᠬᠤ ᠶᠢ | ᠭᠤᠶᠤᠴᠢᠯᠠᠭᠰᠠᠨ ᠦᠭᠡᠢ ᠪᠣᠯ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠨᠢ ᠪᠠᠶᠢᠴᠠᠭᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠡᠵᠡᠩᠨᠡᠯᠲᠡ ᠶᠢᠨ ᠦᠨᠡᠮᠯᠡᠯ ᠢᠶᠠᠨ ᠬᠦᠴᠦᠨ | ᠦᠭᠡᠢ ᠪᠤᠯᠭᠠᠬᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠳᠡᠰ ᠳᠠᠷᠠᠭᠠᠯᠠᠯ ᠢ ᠬᠠᠤᠯᠢ ᠶᠣᠰᠣᠭᠠᠷ | ᠡᠬᠢᠯᠡᠭᠦᠯᠬᠦ ᠬᠡᠷᠡᠭᠲᠡᠢ᠃ | ᠬᠠᠷᠢᠯᠴᠠᠬᠤ ᠬᠠᠶ᠋ᠢᠭ᠄ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶᠠᠨ ᠤ 209 ᠲᠠᠰᠤᠭ | ᠬᠠᠷᠢᠯᠴᠠᠬᠤ ᠤᠲᠠᠰᠤ᠄ 0483-8331049 | ᠬᠠᠪᠰᠤᠷᠤᠯᠲᠠ᠄ ᠣᠨ ᠤ ᠮᠡᠳᠡᠭᠦᠯᠦᠯᠲᠡ ᠶᠢ ᠬᠤᠶᠠᠷ ᠵᠢᠯ ᠳᠠᠷᠠᠭᠠᠯᠠᠨ ᠢᠯᠡ ᠨᠡᠶᠢᠲᠡᠯᠡᠭᠰᠡᠨ ᠦᠭᠡᠢ᠂ | ᠬᠦᠴᠦᠨ ᠦᠭᠡᠢ ᠪᠤᠯᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠨᠡᠷᠡᠰ ᠢ ᠬᠦᠴᠦᠨ ᠦᠭᠡᠢ ᠪᠣᠯᠭᠠᠨ᠎ᠠ | ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | 2024 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ | ᠬᠠᠪᠰᠤᠷᠤᠯᠲᠠ᠄ ᠬᠤᠶᠠᠷ ᠵᠢᠯ ᠳᠠᠷᠠᠭᠠᠯᠠᠨ ᠵᠢᠯ ᠤᠨ ᠮᠡᠳᠡᠭᠦᠯᠦᠯᠲᠡ ᠪᠠᠨ ᠨᠡᠶᠢᠲᠡᠯᠡᠭᠡᠳᠦᠢ ᠪᠣᠯ᠂ ᠣᠨ ᠤ | ᠮᠡᠳᠡᠭᠦᠯᠦᠯᠲᠡ ᠪᠠᠨ ᠬᠦᠴᠦᠨ ᠦᠭᠡᠢ ᠪᠤᠯᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠨᠡᠷᠡᠰ᠁ |