ᠳᠤᠮᠳᠠᠳᠤ ᠤᠯᠤᠰ ᠤᠨ ᠬᠠᠮᠤᠭ ᠭᠤᠶᠤ ᠡᠯᠡᠰᠦ ᠮᠠᠩᠬ᠎ᠠ
ᠨᠡᠶᠢᠲᠡᠯᠡᠭᠰᠡᠨ ᠴᠠᠭ᠄
2024/9/30
                         ᠸᠠᠩ ᠫᠢᠩ              ᠪᠤᠤ ᠶᠦᠨ ᠹᠧᠩ              ᠠᠯᠲᠠᠨ ᠨᠠᠮᠤᠷ ᠤᠨ ᠤᠯᠠᠷᠢᠯ ᠢᠶᠠᠷ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠤ ᠥᠨᠳᠥᠷ ᠲᠤ ᠵᠣᠭᠰᠣᠨ ᠠᠯᠤᠰ ᠢ ᠪᠠᠷᠠᠯᠠᠬᠤᠶ᠎ᠠ᠂ ᠭᠦᠪᠡᠭᠡ ᠬᠢᠵᠠᠭᠠᠷ ᠨᠢ ᠬᠠᠷᠠᠭᠳᠠᠬᠤ ᠦᠭᠡᠢ ᠡᠯᠡᠰᠦ ᠮᠠᠩᠬ᠎ᠠ ᠦᠷᠭᠦᠯᠵᠢᠯᠡᠨ᠎ᠡ ᠁ ᠡᠨᠡ ᠪᠣᠯ ᠳᠠᠷᠤᠢ ᠪᠠᠳᠠᠢ ᠶᠢᠨ ᠵᠢᠷᠠᠨ ᠡᠯᠡᠰᠦ ᠪᠣᠯᠣᠨ᠎ᠠ᠂ ︽ᠳᠤᠮᠳᠠᠳᠤ ᠤᠯᠤᠰ ᠤᠨ ᠭᠠᠵᠠᠷ ᠵᠦᠢ︾ ᠶᠢᠨ ᠲᠠᠨᠢᠯᠴᠠᠭᠤᠯᠭ᠎ᠠ ᠶᠢ ᠣᠯᠠᠨᠲᠠ ᠬᠦᠷᠲᠡᠵᠦ᠂ ︽ᠳᠤᠮᠳᠠᠳᠤ ᠤᠯᠤᠰ ᠤᠨ ᠬᠠᠮᠤᠭ ᠭᠤᠶᠤ ᠡᠯᠡᠰᠦ ᠮᠠᠩᠬ᠎ᠠ︾ ᠬᠡᠮᠡᠭᠳᠡᠵᠡᠢ᠃              ᠡᠨᠡ ᠵᠢᠯ ᠤᠨ 7 ᠰᠠᠷ᠎ᠠ ᠶᠢᠨ 26 ᠤ ᠡᠳᠦᠷ᠂ ᠡᠨᠡᠳᠬᠡᠭ ᠤᠨ ᠰᠢᠨ᠎ᠡ ᠳ᠋ᠧᠯᠢ ᠳᠤ ᠶᠠᠪᠤᠭᠳᠠᠭᠰᠠᠨ᠂ 46 ᠳ᠋ᠤᠭᠠᠷ ᠬᠤᠭᠤᠴᠠᠭᠠᠨ ᠤ ᠳᠡᠯᠡᠬᠡᠢ ᠶᠢᠨ ᠥᠪ ᠤᠨ ᠶᠡᠭᠡ ᠬᠤᠷᠠᠯ ᠳᠤ ︽ᠪᠠᠳᠠᠢ ᠶᠢᠨ ᠵᠢᠷᠠᠨ ᠡᠯᠡᠰᠦ ᠮᠠᠩᠬ᠎ᠠ - ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ︾ ᠢ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠵᠤ᠂ ᠳᠤᠮᠳᠠᠳᠤ ᠤᠯᠤᠰ ᠤᠨ ᠰᠢᠷ᠎ᠠ ᠲᠠᠩᠭᠢᠰ ︵ᠪᠦᠸᠧ ᠬᠠᠢ ᠲᠠᠩᠭᠢᠰ︶  ᠤᠨ ᠨᠡᠭᠦᠳᠡᠯ ᠤᠨ ᠰᠢᠪᠠᠭᠤᠳ ᠤᠨ ᠣᠷᠣᠰᠢᠨ ᠠᠮᠢᠳᠤᠷᠠᠬᠤ ᠭᠠᠵᠠᠷ ︵ᠬᠤᠶᠠᠳᠤᠭᠠᠷ ᠬᠤᠭᠤᠴᠠᠭ᠎ᠠ︶ ᠪᠠ ︽ᠪᠡᠭᠡᠵᠢᠩ ᠤᠨ ᠭᠤᠣᠯ ᠲᠡᠩᠭᠡᠯᠢᠭ ᠱᠤᠭᠤᠮ - ᠳᠤᠮᠳᠠᠳᠤ ᠤᠯᠤᠰ ᠤᠨ ᠬᠦᠰᠡᠯ ᠮᠥᠷᠥᠭᠡᠳᠦᠯ ᠤᠨ ᠬᠤᠲᠠ ᠶᠢᠨ ᠡᠮᠬᠢ ᠳᠢᠭᠯᠢᠮ ᠤᠨ ᠪᠦᠲᠦᠭᠡᠯ︾ ᠲᠠᠢ ᠬᠠᠮᠲᠤ ᠪᠠᠷ ︽ᠳᠡᠯᠡᠬᠡᠢ ᠶᠢᠨ ᠥᠪ ᠤᠨ ᠨᠡᠷᠡᠰ ᠤᠨ ᠲᠡᠮᠳᠡᠭᠯᠡᠯ︾ ᠳᠤ ᠵᠢᠭᠰᠠᠭᠠᠭᠳᠠᠪᠠ᠃ ᠢᠩᠭᠢᠭᠡᠳ ᠮᠠᠨ ᠤ ᠤᠯᠤᠰ ᠤᠨ ᠳᠡᠯᠡᠬᠡᠢ ᠶᠢᠨ ᠥᠪ ᠤᠨ ᠶᠡᠷᠦᠩᠬᠡᠢ ᠲᠤᠭ᠎ᠠ 59 ᠵᠦᠢᠯ ᠳᠤ ᠬᠦᠷᠴᠦ᠂ 15 ᠵᠦᠢᠯ ᠤᠨ ᠳᠡᠯᠡᠬᠡᠢ ᠶᠢᠨ ᠪᠠᠶᠢᠭᠠᠯᠢ ᠶᠢᠨ ᠥᠪ᠂ 4 ᠵᠦᠢᠯ ᠤᠨ ᠰᠣᠶᠣᠯ ᠬᠢᠭᠡᠳ ᠪᠠᠶᠢᠭᠠᠯᠢ ᠶᠢᠨ ᠬᠤᠣᠰ ᠥᠪ ᠢ ᠪᠠᠭᠲᠠᠭᠠᠵᠤ᠂ ᠪᠠᠳᠠᠢ ᠶᠢᠨ ᠵᠢᠷᠠᠨ ᠡᠯᠡᠰᠦ ᠮᠠᠩᠬ᠎ᠠ ᠪᠠᠰᠠ ᠵᠢᠦ ᠵᠠᠢ ᠭᠧᠦ᠂ ᠱᠧᠨ ᠨᠦᠩ ᠵᠢᠶᠠ᠂ ᠬᠥᠬᠡᠰᠢᠯᠢ ᠵᠡᠷᠭᠡ ᠦᠵᠡᠮᠵᠢ ᠶᠢᠨ ᠣᠷᠣᠨ ᠲᠠᠢ ᠮᠥᠷᠥ ᠵᠡᠷᠭᠡᠴᠡᠨ ᠠᠯᠳᠠᠷᠰᠢᠭᠰᠠᠨ ᠳᠡᠯᠡᠬᠡᠢ ᠶᠢᠨ ᠳᠡᠰ ᠤᠨ ᠪᠠᠶᠢᠭᠠᠯᠢ ᠶᠢᠨ ᠦᠵᠡᠮᠵᠢ ᠪᠣᠯᠤᠭᠰᠠᠨ ᠪᠠᠶᠢᠨ᠎ᠠ᠃              2017 ᠣᠨ ᠳᠤ᠂ ᠠᠯᠠᠱᠠ ᠠᠶᠢᠮᠠᠭ ᠳᠡᠯᠡᠬᠡᠢ ᠶᠢᠨ ᠪᠠᠶᠢᠭᠠᠯᠢ ᠶᠢᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠡᠬᠢᠯᠡᠭᠦᠯᠪᠡ᠃ ᠲᠤᠬᠠᠢ ᠶᠢᠨ ᠦᠶ᠎ᠡ ᠳᠤ ᠳᠤᠮᠳᠠᠳᠤ ᠤᠯᠤᠰ ᠤᠨ ᠠᠩᠬᠠᠨ ᠤ ᠡᠯᠡᠰᠦ ᠮᠠᠩᠬᠠᠨ ᠤ ᠭᠡᠯᠪᠡᠷᠢ ᠶᠢᠨ ᠳᠡᠯᠡᠬᠡᠢ ᠶᠢᠨ ᠪᠠᠶᠢᠭᠠᠯᠢ ᠶᠢᠨ ᠥᠪ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠪᠠᠷ ᠪᠠᠶᠢᠭᠰᠠᠨ ᠴᠤ ᠲᠤᠷᠰᠢᠯᠭ᠎ᠠ ᠦᠭᠡᠢ ᠪᠤᠶᠤ ᠴᠢᠨᠠᠭᠰᠢᠯᠠᠪᠠᠯ ᠯᠠᠪᠯᠠᠯᠲᠠ ᠪᠤᠯᠭᠠᠬᠤ ᠵᠦᠢᠯ ᠦᠭᠡᠢ ᠪᠠᠶᠢᠭᠰᠠᠨ ᠮᠥᠷᠲᠡᠭᠡᠨ ᠪᠠᠳᠠᠢ ᠶᠢᠨ ᠵᠢᠷᠠᠨ ᠡᠯᠡᠰᠦ ᠶᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠠᠮᠵᠢᠯᠲᠠ ᠣᠯᠬᠤ ᠠᠴᠠ ᠡᠮᠦᠨᠡᠬᠢ ᠠᠵᠢᠯ ᠨᠢᠭᠡᠪᠦᠷᠢ ᠴᠥᠮ ᠵᠦᠭ ᠴᠢᠭ ᠦᠭᠡᠢ ᠪᠠᠶᠢᠵᠠᠢ᠃ ᠭᠡᠪᠡᠴᠦ᠂ ᠬᠡᠳᠦᠨ ᠵᠢᠯ ᠤᠨ ᠴᠢᠷᠮᠠᠶᠢᠯᠭ᠎ᠠ ᠪᠠᠷ ᠤᠳᠤ ᠶᠢᠨ ᠶᠠᠪᠤᠵᠤ ᠢᠷᠡᠭᠰᠡᠨ ᠠᠯᠬᠤᠮ ᠨᠢᠭᠡᠪᠦᠷᠢ ᠴᠥᠮ ᠠᠯᠠᠱᠠ ᠶᠢᠨ ᠲᠤᠷᠰᠢᠯᠭ᠎ᠠ ᠪᠠ ᠠᠯᠠᠱᠠ ᠶᠢᠨ ᠬᠡᠪ ᠵᠠᠭᠪᠤᠷ ᠪᠣᠯᠤᠭᠰᠠᠨ ᠪᠠᠶᠢᠨ᠎ᠠ᠃              ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠨᠢ ᠲᠦᠷ ᠴᠠᠭ ᠤᠨ ᠥᠷᠨᠢᠯᠲᠡ ᠪᠢᠰᠢ ᠶᠤᠮ᠃ ᠲᠤᠬᠠᠢ ᠶᠢᠨ ᠦᠶ᠎ᠡ ᠳᠤ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠬᠠᠳᠠᠩᠰᠢᠵᠤ᠂ ︽ᠳᠤᠮᠳᠠᠳᠤ ᠤᠯᠤᠰ ᠤᠨ ᠬᠠᠮᠤᠭ ᠭᠤᠶᠤ ᠡᠯᠡᠰᠦ ᠮᠠᠩᠬ᠎ᠠ︾ ᠭᠡᠬᠦ ᠡᠨᠡ ᠬᠦ ᠳᠡᠯᠡᠬᠡᠢ ᠶᠢᠨ ᠲᠡᠰ ᠤᠨ ᠡᠬᠢ ᠪᠠᠶᠠᠯᠢᠭ ᠢ ᠰᠠᠬᠢᠨ ᠬᠠᠮᠠᠭᠠᠯᠠᠬᠤ ᠶᠢᠨ ᠲᠤᠰᠠᠳᠠ᠂ ᠠᠯᠠᠱᠠ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠠᠯᠠᠱᠠ ᠶᠢᠨ ᠤᠯᠠᠨ ᠵᠢᠯ ᠤᠨ ᠲᠤᠷᠰᠢᠬᠢ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠲᠤᠷᠰᠢᠯᠭ᠎ᠠ᠂ ᠦᠷ᠎ᠡ ᠪᠦᠲᠦᠮᠵᠢ ᠶᠢ ᠭᠦᠨᠵᠡᠭᠡᠢ ᠳ᠋ᠦᠩᠨᠡᠵᠦ᠂ ᠪᠠᠳᠠᠢ ᠶᠢᠨ ᠵᠢᠷᠠᠨ ᠡᠯᠡᠰᠦ ᠮᠠᠩᠬ᠎ᠠ ᠭᠡᠬᠦ ᠡᠨᠡ ᠬᠦ ᠪᠠᠶᠢᠭᠠᠯᠢ ᠶᠢᠨ ᠦᠨᠡᠲᠦ ᠡᠷᠳᠡᠨᠢ ᠶᠢ ᠳᠡᠯᠡᠬᠡᠢ ᠳ᠋ᠠᠬᠢᠨ ᠤ ᠡᠮᠦᠨ᠎ᠡ ᠪᠦᠭᠦ ᠲᠠᠯ᠎ᠠ ᠪᠠᠷ ᠢᠯᠡᠷᠡᠭᠦᠯᠬᠦ ᠪᠠᠷ ᠵᠣᠷᠢᠭ ᠰᠢᠢᠳᠴᠡᠢ᠃              2017 - 2018 ᠣᠨ ᠪᠤᠯᠲᠠᠯ᠎ᠠ᠂ ᠠᠯᠠᠱᠠ ᠠᠶᠢᠮᠠᠭ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠢ ᠮᠡᠷᠭᠡᠵᠢᠯᠲᠡᠳ ᠢ ᠠᠷᠪᠢᠨᠳᠠ ᠤᠷᠢᠵᠤ ᠠᠯᠠᠱᠠ ᠪᠠᠷᠠᠭᠤᠨ ᠬᠤᠰᠢᠭᠤᠨ ᠳᠤ ᠰᠢᠨᠵᠢᠯᠡᠨ ᠪᠠᠶᠢᠴᠠᠭᠠᠵᠠᠢ᠃ ᠲᠤᠰᠬᠠᠢ ᠮᠡᠷᠭᠡᠵᠢᠯᠲᠡᠳ᠂ ᠪᠠᠳᠠᠢ ᠶᠢᠨ ᠵᠢᠷᠠᠨ ᠡᠯᠡᠰᠦ ᠮᠠᠩᠬ᠎ᠠ ᠨᠢ ᠣᠷᠣᠨ ᠪᠦᠰᠡ ᠶᠢᠨ ᠭᠠᠵᠠᠷ ᠰᠢᠨᠵᠢᠯᠡᠭᠡᠨ ᠤ ᠲᠣᠭᠲᠠᠴᠠ ᠶᠢᠨ ᠪᠦᠷᠢᠯᠳᠦᠯ ᠠᠴᠠ ᠡᠳᠦᠭᠡ ᠪᠤᠯᠲᠠᠯᠠᠭᠢ ᠦᠨᠡᠨ ᠪᠣᠳᠠᠲᠤ ᠴᠢᠨᠠᠷ ᠪᠣᠯᠣᠨ ᠪᠦᠷᠢᠨ ᠪᠦᠲᠦᠨ ᠴᠢᠨᠠᠷ ᠢ ᠬᠠᠮᠤᠭ ᠶᠡᠭᠡ ᠬᠡᠮᠵᠢᠶ᠎ᠡ ᠪᠠᠷ ᠬᠠᠳᠠᠭᠠᠯᠠᠭᠰᠠᠨ ᠪᠣᠯᠬᠤᠷ ︽ᠳᠡᠯᠡᠬᠡᠢ ᠶᠢᠨ ᠥᠪ ᠤᠨ ᠨᠡᠷᠡᠰ ᠤᠨ ᠲᠡᠮᠳᠡᠭᠯᠡᠯ︾ ᠳᠤ ᠣᠷᠣᠬᠤ ᠨᠥᠬᠦᠴᠡᠯ ᠳᠤ ᠨᠡᠶᠢᠴᠡᠨ᠎ᠡ ᠭᠡᠵᠦ ᠦᠵᠡᠪᠡ᠃ ᠠᠯᠠᠱᠠ ᠪᠠᠷᠠᠭᠤᠨ ᠬᠤᠰᠢᠭᠤᠨ ᠤ ᠬᠢᠨ ᠲᠡᠷᠡ ᠳᠠᠷᠤᠢ ᠳᠤᠨᠢ ᠲᠤᠰᠬᠠᠢ ᠬᠥᠮᠥᠨ ᠲᠣᠮᠢᠯᠠᠨ ᠰᠧᠴᠦᠸᠠᠨ ᠳᠤ ᠶᠠᠪᠤᠭᠳᠠᠭᠰᠠᠨ ᠳᠡᠯᠡᠬᠡᠢ ᠶᠢᠨ ᠥᠪ ᠤᠨ ᠲᠦᠷᠦᠭᠦᠴᠦᠳ ᠤᠨ ᠬᠤᠷᠠᠯ ᠳᠤ ᠣᠷᠣᠯᠴᠠᠭᠤᠯᠬᠤ ᠶᠢᠨ ᠬᠠᠮᠲᠤ ᠬᠤᠷᠠᠯ ᠳᠡᠭᠡᠷ᠎ᠡ IUCN ᠳᠡᠯᠡᠬᠡᠢ ᠶᠢᠨ ᠥᠪ ᠤᠨ ᠬᠢᠨᠠᠨ ᠲᠣᠭᠲᠠᠭᠠᠬᠤ ᠲᠥᠪ ᠤᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠳᠤ ᠪᠠᠳᠠᠢ ᠶᠢᠨ ᠵᠢᠷᠠᠨ ᠡᠯᠡᠰᠦ ᠮᠠᠩᠬ᠎ᠠ ᠶᠢ ᠰᠣᠶᠣᠯ ᠤᠨ ᠥᠪ ᠢᠶᠠᠷ ᠮᠡᠳᠡᠭᠦᠯᠬᠦ ᠲᠤᠬᠠᠢ ᠲᠤᠰᠬᠠᠢ ᠬᠠᠷᠢᠭᠤ ᠮᠡᠳᠡᠭᠦᠯᠦᠯᠲᠡ ᠪᠠ ᠰᠣᠯᠢᠯᠴᠠᠭ᠎ᠠ ᠬᠢᠭᠰᠡᠨ ᠪᠠᠶᠢᠨ᠎ᠠ᠃              ᠲᠤᠬᠠᠢ ᠶᠢᠨ ᠦᠶ᠎ᠡ ᠳᠤ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠭᠢᠯᠡᠭᠴᠢ᠂ ᠬᠠᠤᠯᠢ ᠳᠦᠷᠢᠮ ᠤᠨ ᠠᠯᠪᠠᠨ ᠭᠡᠷ ᠤᠨ ᠡᠷᠭᠢᠯᠡᠭᠴᠢ᠂ ᠣᠲᠣ ᠠᠯᠲᠠᠨᠴᠤᠭ ᠰᠤᠮᠤᠨ ᠤ ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠤ ᠪᠠᠶᠢᠭ᠎ᠠ ᠸᠠᠩ ᠴᠢᠶᠠᠩ ᠶᠤᠸᠠᠨ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠣᠭᠰᠠᠨ ᠢ ᠮᠡᠳᠡᠭᠰᠡᠨ ᠤ ᠲᠠᠷᠠᠭ᠎ᠠ ᠪᠠᠶᠠᠷᠯᠠᠵᠤ ᠳᠣᠭᠳᠣᠯᠬᠤ ᠶᠢᠨ ᠵᠡᠷᠭᠡ ᠪᠠᠷ 2018 ᠣᠨ ᠤ ᠲᠡᠷᠡ ᠬᠦ ᠭᠤᠶᠤᠴᠢᠯᠠᠵᠤ ᠮᠡᠳᠡᠭᠦᠯᠦᠭᠡᠳ ᠳᠦᠩᠭᠢᠨᠡᠵᠦ ᠪᠠᠶᠢᠭᠰᠠᠨ ᠴᠠᠭ ᠦᠶ᠎ᠡ ᠪᠠᠨ ᠡᠷᠭᠢᠴᠡᠭᠦᠯᠦᠯ᠎ᠡ᠃ ᠲᠤᠬᠠᠢ ᠶᠢᠨ ᠦᠶ᠎ᠡ ᠳᠤ᠂ ᠲᠡᠷᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢᠶᠠᠨ ᠪᠡᠯᠡᠳᠬᠡᠭᠡᠳ IUCN ᠳᠡᠯᠡᠬᠡᠢ ᠶᠢᠨ ᠥᠪ ᠤᠨ ᠬᠢᠨᠠᠨ ᠲᠣᠭᠲᠠᠭᠠᠬᠤ ᠲᠥᠪ ᠤᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠲᠠᠢ ᠨᠢᠭᠤᠷᠲᠠᠨ ᠶᠠᠷᠢᠯᠴᠠᠬᠤ ᠪᠠᠷ ᠮᠣᠷᠳᠠᠵᠠᠢ᠃ ᠲᠡᠷᠡ᠂ ᠪᠢᠳᠡᠨ ᠤ ᠬᠢᠵᠦ ᠪᠠᠶᠢᠭ᠎ᠠ ᠶᠠᠪᠤᠳᠠᠯ ᠪᠠ ᠬᠢᠬᠦ ᠪᠠᠷ ᠪᠡᠯᠡᠳᠬᠡᠵᠦ ᠪᠠᠶᠢᠭ᠎ᠠ ᠶᠠᠪᠤᠳᠠᠯ ᠨᠢ ᠭᠦᠢᠴᠡᠳᠬᠡᠬᠦ ᠲᠤᠰᠢᠶᠠᠯᠲᠠᠨ ᠤ ᠪᠤᠳᠤᠯ ᠰᠠᠨᠠᠭ᠎ᠠ ᠪᠣᠯᠣᠨ ᠴᠠᠭ ᠦᠶ᠎ᠡ ᠶᠢᠨ ᠬᠥᠭᠵᠢᠯᠲᠡ ᠲᠠᠢ ᠴᠢᠪ ᠬᠡᠮᠡᠨ ᠨᠡᠶᠢᠴᠡᠭᠰᠡᠨ ᠪᠣᠯᠬᠤᠷ ᠲᠠᠷᠠᠭᠠᠴᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠭᠤᠷᠢ ᠶᠢ ᠲᠠᠯᠪᠢᠵᠠᠢ ᠭᠡᠪᠡ᠃              ᠲᠤᠬᠠᠢ ᠶᠢᠨ ᠦᠶ᠎ᠡ ᠳᠤ᠂ ᠬᠠᠭᠠᠰ ᠴᠠᠭ ᠤᠨ ᠶᠠᠷᠢᠯᠴᠠᠭ᠎ᠠ ᠳᠤ ᠸᠠᠩ ᠴᠢᠶᠠᠩ ᠶᠤᠸᠠᠨ ᠪᠤᠢ ᠪᠦᠬᠦᠢ ᠵᠦᠢᠯᠡᠰ ᠢᠶᠠᠨ ᠣᠬᠤᠷ ᠠᠪᠰᠠᠷᠬᠠᠨ ᠪᠥᠭᠡᠳ ᠨᠠᠷᠢᠯᠢᠭ ᠲᠠᠨᠢᠯᠴᠠᠭᠤᠯᠬᠤ ᠶᠢᠨ ᠬᠠᠮᠲᠤ᠂ ᠲᠤᠰᠬᠠᠢ ᠮᠡᠷᠭᠡᠵᠢᠯᠲᠡᠨ ᠤ ᠰᠠᠨᠠᠯ ᠰᠠᠨᠠᠭᠤᠯᠭ᠎ᠠ ᠪᠣᠯᠣᠨ ᠨᠤᠲᠠᠯᠠᠯᠲᠠ ᠶᠢ ᠭᠠᠷᠳᠠᠭᠠᠳ ᠠᠯᠠᠱᠠ ᠳᠠᠭᠠᠨ ᠪᠤᠴᠠᠭᠰᠠᠨ ᠪᠠᠶᠢᠨ᠎ᠠ᠃              2018 ᠣᠨ ᠤ 5 ᠰᠠᠷ᠎ᠠ ᠳᠤ ᠠᠯᠠᠱᠠ ᠠᠶᠢᠮᠠᠭ᠂ ᠠᠶᠢᠮᠠᠭ ᠬᠤᠰᠢᠭᠤ ᠬᠤᠶᠠᠷ ᠱᠠᠲᠤᠨ ᠳᠤ ᠳᠡᠯᠡᠬᠡᠢ ᠶᠢᠨ ᠪᠠᠶᠢᠭᠠᠯᠢ ᠶᠢᠨ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ᠂ ᠥᠪᠡᠷᠲᠡᠭᠡᠨ ᠵᠠᠰᠠᠬᠤ ᠣᠷᠣᠨ ᠬᠢᠭᠡᠳ ᠤᠯᠤᠰ ᠤᠨ ᠲᠠᠰ ᠤᠨ ᠠᠯᠳᠠᠷᠲᠤ ᠦᠵᠡᠮᠵᠢ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠲᠣᠰ ᠵᠢᠯ ᠤᠨ 9 ᠰᠠᠷ᠎ᠠ ᠳᠤ᠂ ᠸᠠᠩ ᠴᠢᠶᠠᠩ ᠶᠤᠸᠠᠨ ᠠᠯᠠᠱᠠ ᠪᠠᠷᠠᠭᠤᠨ ᠬᠤᠰᠢᠭᠤ ᠶᠢ ᠲᠥᠯᠥᠭᠡᠯᠡᠨ ᠴᠠᠩ ᠪᠠᠢ ᠱᠠᠨ ᠬᠤᠳᠠ ᠳᠤ ᠶᠠᠪᠤᠭᠳᠠᠭᠰᠠᠨ ᠣᠯᠠᠨ ᠤᠯᠤᠰ ᠤᠨ ᠠᠮᠢ ᠠᠬᠤᠢ ᠶᠢᠨ ᠬᠤᠷᠠᠯ ᠵᠢᠴᠢ ᠳᠡᠯᠡᠬᠡᠢ ᠶᠢᠨ ᠥᠪ ᠤᠨ ᠬᠠᠮᠠᠭᠠᠯᠠᠯᠲᠠ ᠪᠠ ᠬᠥᠭᠵᠢᠯᠲᠡ ᠶᠢᠨ ᠰᠢᠨ᠎ᠡ ᠠᠵᠠ ᠲᠣᠭᠢᠶᠠᠯ ᠤᠨ ᠲᠦᠷᠦᠭᠦᠴᠦᠳ ᠤᠨ ᠬᠤᠷᠠᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠡᠭᠡᠳᠦ ᠬᠡᠮᠵᠢᠶᠡᠨ ᠤ ᠦᠨᠡᠯᠡᠯᠲᠡ ᠶᠢ ᠣᠯᠵᠤ᠂ ᠨᠢᠭᠡᠳᠦᠭᠡᠷ ᠲᠤ ᠵᠢᠭᠰᠠᠭᠠᠭᠳᠠᠵᠠᠢ᠃              ︽ᠨᠢᠭᠡᠳᠦᠭᠡᠷ ᠲᠤ ᠵᠢᠭᠰᠠᠭᠠᠭᠰᠠᠨ ᠢ ᠮᠡᠳᠡᠭᠰᠡᠨ ᠲᠡᠷᠡ ᠮᠥᠴᠡ ᠳᠤ᠂ ᠰᠡᠳᠬᠢᠯ ᠳᠣᠬᠳᠣᠯᠤᠬᠰᠠᠨ ᠭᠡᠳᠡᠭ ᠢ ᠦᠭᠡ ᠪᠠᠷ ᠢᠯᠡᠳᠬᠡᠬᠦ ᠶᠢᠨ ᠠᠷᠭ᠎ᠠ ᠦᠭᠡᠢ᠂ ᠠᠯᠠᠱᠠ ᠪᠠᠷᠠᠭᠤᠨ ᠬᠤᠰᠢᠭᠤᠨ ᠤ ᠬᠥᠮᠥᠨ ᠪᠣᠯᠤᠭᠰᠠᠨ ᠤ ᠬᠤᠪᠢ ᠳᠤ᠂ ᠮᠥᠨ ᠴᠤ ᠪᠠᠳᠠᠢ ᠶᠢᠨ ᠵᠢᠷᠠᠨ ᠡᠯᠡᠰᠦ ᠮᠠᠩᠬ᠎ᠠ ᠶᠢ ᠰᠣᠶᠣᠯ ᠤᠨ ᠥᠪ ᠢᠶᠠᠷ ᠭᠤᠶᠤᠴᠢᠯᠠᠬᠤ ᠳᠤ ᠣᠷᠣᠯᠴᠠᠭᠴᠢ ᠪᠣᠯᠤᠭᠰᠠᠨ ᠤ ᠬᠤᠪᠢ ᠳᠤ᠂ ᠲᠤᠬᠠᠢ ᠶᠢᠨ ᠦᠶ᠎ᠡ ᠳᠤ ᠲᠤᠩ ᠣᠮᠣᠭᠰᠢᠯ ᠲᠠᠢ ᠰᠠᠨᠠᠭᠳᠠᠵᠤ᠂ ᠠᠯᠠᠱᠠ  ᠶᠢᠨ ᠠᠮᠢ ᠠᠬᠤᠢ᠂ ᠰᠣᠶᠣᠯ ᠵᠢᠭᠤᠯᠴᠢᠯᠠᠯ ᠤᠨ ᠦᠢᠯᠡᠰ ᠤᠨ ᠲᠥᠯᠥᠭᠡ ᠵᠢᠳᠬᠦᠭᠰᠡᠨ ᠮᠠᠨᠢ ᠲᠠᠯᠠᠭᠠᠷ ᠪᠣᠯᠤᠭᠰᠠᠨ ᠦᠭᠡᠢ ᠭᠡᠳᠡᠭ ᠢ ᠮᠠᠲᠠᠵᠠᠢ︾ ᠭᠡᠵᠦ ᠸᠠᠩ ᠴᠢᠶᠠᠩ ᠶᠤᠸᠠᠨ ᠬᠡᠯᠡᠵᠦ ᠪᠠᠶᠢᠯ᠎ᠠ᠃              ᠡᠭᠦᠨ ᠠᠴᠠ ᠡᠬᠢᠯᠡᠨ᠂ ᠪᠠᠳᠠᠢ ᠶᠢᠨ ᠵᠢᠷᠠᠨ ᠡᠯᠡᠰᠦ ᠮᠠᠩᠬ᠎ᠠ ᠶᠢ ᠰᠣᠶᠣᠯ ᠤᠨ ᠥᠪ ᠢᠶᠠᠷ ᠮᠡᠳᠡᠭᠦᠯᠬᠦ ᠠᠵᠢᠯ ᠤᠷᠤᠭᠰᠢᠲᠠᠢ ᠶᠠᠪᠤᠭᠳᠠᠵᠤ᠂ ᠬᠥᠮᠥᠰ ᠢ ᠪᠠᠶᠠᠷᠯᠠᠭᠤᠯᠤᠮ᠎ᠠ ᠴᠢᠮᠡᠭᠡ ᠤᠳᠠᠭ᠎ᠠ ᠳᠠᠷᠠᠭᠠᠯᠠᠨ ᠲᠤᠭᠤᠯᠳᠠᠯ᠎ᠠ - ᠳᠡᠯᠡᠬᠡᠢ ᠶᠢᠨ ᠪᠠᠶᠢᠭᠠᠯᠢ ᠶᠢᠨ ᠥᠪ ᠤᠨ ᠪᠡᠯᠡᠳᠬᠡᠯ ᠨᠡᠷᠡᠰ ᠤᠨ ᠲᠡᠮᠳᠡᠭᠯᠡᠯ ᠳᠤ ᠵᠢᠬᠰᠠᠭᠠᠬᠳᠠᠪᠠ;ᠳᠡᠯᠡᠭᠡᠢ ᠶᠢᠨ ᠥᠪ ᠤᠨ ᠪᠡᠯᠡᠳᠬᠡᠯ ᠨᠡᠷᠡᠰ ᠤᠨ ᠲᠡᠮᠳᠡᠭᠯᠡᠯ ᠳᠤ ᠵᠢᠩᠬᠢᠨᠢ ᠪᠠᠷ ᠵᠢᠬᠰᠠᠭᠠᠬᠳᠠᠪᠠ;ᠮᠠᠨ ᠤ ᠤᠯᠤᠰ ᠤᠨ 2020 ᠣᠨ ᠤ ᠴᠤᠷ ᠤᠨ ᠭᠠᠭᠴᠠ ᠳᠡᠯᠡᠬᠡᠢ ᠶᠢᠨ ᠥᠪ ᠢ ᠭᠤᠶᠤᠴᠢᠯᠠᠨ ᠮᠡᠳᠡᠭᠦᠯᠬᠦ ᠲᠦᠷᠦᠯ ᠵᠦᠢᠯ ᠪᠣᠯᠵᠠᠢ᠃ ᠨᠡᠩ ᠴᠢᠨᠠᠭᠰᠢᠯᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠳᠡᠯᠡᠬᠡᠢ ᠶᠢᠨ ᠥᠪ ᠤᠨ ᠲᠥᠪ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠪᠦᠷᠢᠨ ᠪᠦᠲᠦᠨ ᠬᠢᠨᠠᠨ ᠪᠠᠶᠢᠴᠠᠭᠠᠯᠲᠠ ᠶᠢ ᠥᠩᠭᠡᠷᠡᠭᠡᠪᠡ ᠁              ᠪᠠᠳᠠᠢ ᠶᠢᠨ ᠵᠢᠷᠠᠨ ᠡᠯᠡᠰᠦ ᠮᠠᠩᠬ᠎ᠠ ᠶᠢ ᠰᠣᠶᠣᠯ ᠤᠨ ᠥᠪ ᠢᠶᠠᠷ ᠮᠡᠳᠡᠭᠦᠯᠬᠦ ᠠᠵᠢᠯ ᠤᠨ ᠲᠤᠬᠠᠢ ᠥᠪᠥᠷ ᠮᠣᠩᠭᠤᠯ ᠤᠨ ᠪᠠᠳᠠᠢ ᠶᠢᠨ ᠵᠢᠷᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠩᠰᠤᠬᠪᠤᠯᠠᠭ ᠲᠠᠬᠢ ᠠᠵᠢᠯ ᠤᠨ ᠦᠷᠳᠡᠭᠡ ᠶᠢᠨ ᠳᠠᠷᠤᠭ᠎ᠠ ᠽᠧᠩ ᠰᠢᠶᠠᠩ ᠹᠧᠩ᠂ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠲᠤᠷᠰᠢᠯᠭ᠎ᠠ ᠪᠠ ᠯᠠᠪᠯᠠᠯᠲᠠ ᠦᠭᠡᠢ ᠪᠣᠯᠬᠤᠷ᠂ ᠣᠶᠢᠷ᠎ᠠ ᠶᠢᠨ ᠳᠥᠷᠪᠡ ᠲᠠᠪᠤᠨ ᠵᠢᠯ ᠤᠨ ᠲᠤᠷᠰᠢ ᠪᠢᠳᠡ ᠵᠥᠪᠭᠡᠨ ᠡᠯᠡᠰᠦ ᠮᠠᠩᠬᠠᠨ ᠤ ᠳᠣᠲᠣᠷ᠎ᠠ ᠭᠠᠵᠠᠷ ᠢᠶᠠᠷ ᠨᠢᠭᠡ ᠯᠡ ᠤᠳᠠᠭ᠎ᠠ ᠶᠠᠪᠤᠵᠤ ᠦᠯᠢᠭᠡᠷ ᠡᠳ᠋ ᠪᠤᠶᠤ ᠪᠣᠷᠣ ᠮᠠᠲ᠋ᠧᠷᠢᠶᠠᠯ ᠴᠤᠭᠯᠠᠭᠤᠯᠵᠤ᠂ ᠳᠠᠷᠠᠭ᠎ᠠ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠳᠡᠭᠡᠳᠦ ᠰᠤᠷᠭᠠᠭᠤᠯᠢ ᠳᠤ ᠬᠦᠷᠭᠡᠵᠦ᠂ ᠮᠡᠳᠡᠭᠦᠯᠦᠯᠲᠡ ᠶᠢᠨ ᠪᠢᠴᠢᠭ ᠪᠣᠯᠣᠨ ᠳᠠᠭᠠᠯᠲᠠ ᠮᠠᠲ᠋ᠧᠷᠢᠶᠠᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠡᠢ ᠭᠡᠪᠡ᠃              ᠡᠨᠡ ᠵᠢᠯ ᠤᠨ 7 ᠰᠠᠷ᠎ᠠ ᠶᠢᠨ 26 ᠤ ᠡᠳᠦᠷ᠂ 46 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠳᠡᠯᠡᠬᠡᠢ ᠶᠢᠨ ᠥᠪ ᠤᠨ ᠵᠥᠪᠯᠡᠯ ᠤᠨ ᠬᠤᠷᠠᠯ ᠠᠴᠠ ᠳᠤᠮᠳᠠᠳᠤ ᠤᠯᠤᠰ ᠤᠨ ︽ᠪᠠᠳᠠᠢ ᠶᠢᠨ ᠵᠢᠷᠠᠨ ᠡᠯᠡᠰᠦ ᠮᠠᠩᠬ᠎ᠠ - ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ︾ ᠢ ︽ᠳᠡᠯᠡᠬᠡᠢ ᠶᠢᠨ ᠥᠪ ᠤᠨ ᠨᠡᠷᠡᠰ ᠤᠨ ᠲᠡᠮᠳᠡᠭᠯᠡᠯ︾ ᠳᠤ ᠣᠷᠣᠭᠤᠯᠬᠤ ᠰᠢᠢᠳᠪᠦᠷᠢ ᠶᠢ ᠪᠠᠲᠤᠯᠠᠵᠤ᠂ ᠠᠯᠠᠱᠠ ᠶᠢᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ 7 ᠵᠢᠯ ᠤᠨ ᠬᠦᠰᠡᠯ ᠡᠷᠡᠮᠡᠯᠵᠡᠯ ᠲᠡᠭᠦᠰ ᠠᠮᠵᠢᠯᠲᠠ ᠲᠠᠢ ᠪᠡᠶᠡᠯᠡᠭᠳᠡᠭᠰᠡᠨ ᠪᠠᠶᠢᠨ᠎ᠠ᠃              ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠳ᠋ᠦᠩ ᡁᠢ ᠪᠦᠦ᠂ ᠡᠨᠡ ᠪᠣᠯ ᠠᠯᠠᠱᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠨᠤᠲᠠᠯᠠᠵᠤ ᠪᠠᠶᠢᠭ᠎ᠠ ᠶᠠᠪᠤᠳᠠᠯ ᠮᠥᠨ᠂ ᠲᠠᠷᠠᠭᠠᠴᠢ  ᠪᠠᠷ ᠬᠡᠰᠡᠭ ᠠᠮᠵᠢᠯᠲᠠ ᠪᠠ ᠲᠤᠷᠰᠢᠯᠭ᠎ᠠ ᠪᠠᠨ ᠰᠠᠶᠢᠲᠤᠷ ᠳ᠋ᠦᠩᠨᠡᠵᠦ᠂ ᠰᠠᠶᠢᠲᠤᠷ ᠳᠡᠯᠭᠡᠷᠡᠭᠦᠯᠬᠦ ᠴᠢᠬᠤᠯᠠ ᠲᠠᠢ ᠭᠡᠵᠦ ᠪᠠᠶᠢᠪᠠ᠃              ᠳᠡᠯᠡᠬᠡᠢ ᠶᠢᠨ ᠪᠠᠶᠢᠭᠠᠯᠢ ᠶᠢᠨ ᠥᠪ ︽ᠪᠠᠳᠠᠢ ᠶᠢᠨ ᠵᠢᠷᠠᠨ ᠡᠯᠡᠰᠦ ᠮᠠᠩᠬ᠎ᠠ - ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ︾ ᠪᠣᠯ ᠤᠷᠠᠨ ᠨᠠᠷᠢᠨ ᠬᠢᠴᠡ ᠲᠠᠢ ᠪᠠᠶᠢᠭᠠᠯᠢ ᠶᠢᠨ ᠭᠠᠶᠢᠬᠠᠮᠰᠢᠭᠲᠤ ᠦᠵᠡᠭᠳᠡᠯ ᠪᠤᠯᠬᠤ ᠪᠠᠷ ᠪᠠᠷᠠᠬᠤ ᠦᠭᠡᠢ᠂ ᠨᠡᠩ ᠴᠤ ᠣᠶᠢᠷ᠎ᠠ ᠶᠢᠨ ᠵᠢᠯ ᠤᠨ ᠠᠯᠠᠱᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠦᠷ᠎ᠡ ᠳ᠋ᠦᠩ ᠪᠣᠯᠣᠨ᠎ᠠ᠂ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠣᠭᠰᠠᠨ ᠶᠠᠪᠤᠳᠠᠯ ᠨᠢ ︽ᠡᠯᠡᠰᠦ ᠮᠠᠩᠬᠠᠨ ᠤ ᠬᠡᠷᠡᠯᠳᠦ ᠰᠤᠪᠤᠳ︾ ᠳᠡᠯᠡᠬᠡᠢ ᠳ᠋ᠠᠬᠢᠨ ᠳᠤ ᠭᠡᠷᠡᠯ ᠭᠢᠯᠪᠠᠭ᠎ᠠ ᠪᠠᠨ ᠦᠷᠭᠦᠯᠵᠢᠯᠡᠨ ᠰᠠᠴᠤᠷᠠᠭᠤᠯᠬᠤ ᠨᠢ ᠳᠠᠮᠵᠢᠭ ᠦᠭᠡᠢ ᠶᠤᠮ᠃                            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号