| ᠪᠠᠳᠠᠢ ᠶᠢᠨ ᠵᠢᠷᠠᠨ ᠡᠯᠡᠰᠦ ᠤᠨᠴᠠᠭᠠᠢ᠃ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠨᠢ 40 | ᠮᠢᠯᠢᠮᠧᠲᠷ ᠴᠦ ᠬᠦᠷᠬᠦ ᠦᠭᠡᠢ ᠪᠤᠯᠪᠠᠴᠤ 144 ᠨᠠᠭᠤᠷ ᠪᠦᠷᠢᠳᠦ ᠲᠠᠢ᠂ ᠡᠪᠡᠰᠦ ᠤᠷᠭᠤᠮᠠᠯ ᠢᠭᠴᠤᠷᠠᠨ ᠤᠷᠭᠤᠵᠤ | ᠂ ᠤᠰᠤᠨ ᠤ ᠰᠢᠪᠠᠭᠤᠳ ᠭᠠᠩᠭᠠᠨᠠᠯᠳᠤᠨ ᠨᠡᠯᠦᠭᠡᠷ ᠶᠡᠭᠡ ᠡᠯᠡᠰᠦᠨ ᠳᠤ ᠬᠢᠵᠠᠭᠠᠯᠠᠰᠢ ᠦᠭᠡᠢ ᠶᠡᠭᠡ ᠠᠮᠢᠵᠢᠷᠠᠯ ᠤᠨ | ᠬᠦᠴᠦᠨ ᠢ ᠨᠡᠮᠡᠷᠢᠯᠡᠨ᠎ᠡ᠃ ᠡᠯᠡᠰᠦ ᠮᠠᠩᠬᠠᠨ ᠪ᠊ ᠥᠷᠥᠴᠡᠨ ᠳᠤ ᠡᠯᠡᠰᠦᠨ ᠴᠣᠬᠢᠶ᠎ᠠ ᠰᠡᠬᠦᠶᠢᠨ ᠰᠦᠨᠳᠡᠷᠯᠡᠨ᠂ | ᠦᠶᠡᠯᠵᠡᠨ ᠵᠠᠯᠭᠠᠯᠳᠤᠵᠤ᠂ ᠶᠠᠭ ᠯᠠ ᠲᠡᠯᠡᠶ ᠶᠢᠨ ᠢᠰᠬᠡᠷᠦᠯᠲᠡ ᠶᠢ ᠳᠠᠭᠠᠵᠦ ᠪᠣᠰᠣᠭᠰᠠᠨ ᠠᠪᠤᠷᠭᠤ ᠳᠠᠪᠠᠯᠭᠠᠨ ᠮᠡᠲᠦ | ᠰᠦᠷᠲᠡᠢ ᠬᠠᠷᠠᠭᠳᠠᠨ᠎ᠠ᠃ ᠳᠡᠯᠡᠬᠡᠢ ᠶᠢᠨ ᠬᠠᠮᠤᠭ ᠥᠨᠳᠥᠷ ᠡᠯᠡᠰᠦᠨ ᠴᠣᠬᠢᠶ᠎ᠠ ᠡ᠊ᠨᠳᠡ ᠪᠠᠶᠢᠷᠢᠯᠠᠵᠤ᠂ ︽ᠳᠡᠯᠡᠬᠡᠢ | ᠶᠢᠨ ᠡᠯᠡᠰᠦ ᠮᠠᠩᠬᠠᠨ ᠪ᠊ ᠵᠦᠮᠤᠯᠠᠩᠮᠠ ᠣᠷᠭᠢᠯ︾ ᠬᠡᠮᠡᠭᠳᠡᠵᠡᠢ᠃ | 7 ᠰᠠᠷ᠎ᠠ ᠶᠢᠨ 26 ᠤ ᠡᠳᠦᠷ᠂ ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ ᠨᠠᠭᠤᠷ ᠪᠦᠷᠢᠳᠦ | ᠨᠢ ︽ᠳᠡᠯᠡᠬᠡᠢ ᠶᠢᠨ ᠥᠪ ᠤᠨ ᠨᠡᠷᠡᠰ ᠤᠨ ᠲᠡᠮᠳᠡᠭᠯᠡᠯ︾ ᠳᠤ ᠪᠦᠷᠢᠳᠬᠡᠭᠳᠡᠵᠦ᠂ ᠥᠪᠥᠷ ᠮᠣᠩᠭᠤᠯ ᠤᠨ | ᠠᠩᠬᠠᠳᠠᠭᠴᠢ ᠳᠡᠯᠡᠬᠡᠢ ᠶᠢᠨ ᠪᠠᠶᠢᠭᠠᠯᠢ ᠶᠢᠨ ᠥᠪ᠂ ᠳᠤᠮᠳᠠᠳᠤ ᠤᠯᠤᠰ ᠤᠨ ᠠᠩᠬᠠᠳᠠᠭᠴᠢ ᠡᠯᠡᠰᠦ ᠮᠠᠩᠬᠠᠨ ᠪ᠊ | ᠲᠥᠷᠥᠯ ᠭᠡᠯᠪᠡᠷᠢ ᠶᠢᠨ ᠳᠡᠯᠡᠬᠡᠢ ᠶᠢᠨ ᠪᠠᠶᠢᠭᠠᠯᠢ ᠶᠢᠨ ᠥᠪ ᠪᠣᠯᠵᠤ᠂ ᠪᠦᠭᠦ ᠳᠡᠯᠡᠬᠡᠢ ᠳᠤ ᠮᠠᠨ ᠤ ᠤᠯᠤᠰ ᠤᠨ | ᠨᠠᠭᠤᠷ ᠴᠥᠭᠦᠷᠥᠮ ᠪᠠ ᠡᠯᠡᠰᠦᠨ ᠳᠣᠪᠣᠴᠠᠭ ᠡᠯᠡᠰᠦ ᠮᠠᠩᠬᠠᠨ ᠪ᠊ ᠣᠨᠴᠠᠯᠢᠭ ᠪᠦᠬᠦᠢ ᠪᠠᠶᠢᠭᠠᠯᠢ ᠶᠢᠨ ᠥᠪ ᠤᠨ | ᠬᠤᠣᠰ ᠦᠭᠡᠢ ᠦᠨ᠎ᠡ ᠥᠷᠲᠡᠭ ᠢ ᠳᠡᠯᠭᠡᠨ ᠦᠵᠡᠭᠦᠯᠵᠦ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ | ᠬᠦᠷᠢᠶᠡᠯᠡᠩ ᠳᠤ ᠥᠩᠭᠡ ᠪᠤᠳᠤᠭ ᠨᠡᠮᠡᠷᠢᠯᠡᠯ᠎ᠡ᠃ | ᠡᠨᠡ ᠬᠦ ᠪᠠᠶᠢᠭᠠᠯᠢ ᠶᠢᠨ ᠬᠤᠪᠣᠷ ᠡᠷᠳᠡᠨᠢ ᠶᠢᠷᠲᠢᠨᠴᠦ ᠶᠢᠨ ᠬᠥᠮᠥᠰ ᠤᠨ ᠬᠠᠷᠠᠭᠠᠨ ᠳᠤ ᠣᠷᠣᠭᠰᠠᠨ | ᠶᠠᠪᠤᠳᠠᠯ ᠪᠣᠯ ᠡᠬᠡ ᠪᠠᠶᠢᠭᠠᠯᠢ ᠠᠴᠠ ᠢᠪᠡᠭᠡᠭᠰᠡᠨ ᠡᠴᠢᠨ᠎ᠡ ᠭᠠᠶᠢᠬᠠᠮᠰᠢᠭ᠂ ᠬᠡᠳᠦᠨ ᠠᠷᠪᠠᠨ ᠵᠢᠯ ᠢᠶᠠᠷ ᠬᠦᠴᠦᠯᠡᠨ | ᠪᠠᠷᠢᠮᠲᠠᠯᠠᠭᠰᠠᠨ ᠬᠠᠮᠠᠭᠠᠯᠠᠯᠲᠠ᠂ 7 ᠵᠢᠯ ᠬᠠᠯᠠᠰᠢᠷᠠᠯ ᠦᠭᠡᠢ ᠡᠷᠡᠮᠡᠯᠵᠡᠭᠰᠡᠨ ᠦᠷ᠎ᠡ ᠪᠦᠲᠦᠭᠡᠯ ᠪᠤᠯᠬᠤ ᠶᠤᠮ᠃ | ︽ᠪᠠᠶᠢᠭᠠᠯᠢ ᠶᠢᠨ ᠥᠪ ᠪᠣᠯ ᠪᠠᠶᠢᠭᠠᠯᠢ ᠶᠢᠨ ᠤᠯᠠᠷᠢᠯ ᠬᠤᠪᠢᠰᠤᠯᠲᠠ ᠶᠢᠨ ᠴᠢᠬᠤᠯᠠ ᠦᠷ᠎ᠡ | ᠪᠦᠲᠦᠭᠡᠯ ᠮᠥᠨ᠃ ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ ᠨᠠᠭᠤᠷ ᠪᠦᠷᠢᠳᠦ ᠶᠢ ᠰᠣᠶᠣᠯ ᠤᠨ ᠥᠪ ᠢᠶᠠᠷ | ᠠᠮᠵᠢᠯᠲᠠ ᠲᠠᠢ ᠪᠦᠷᠢᠳᠬᠡᠭᠦᠯᠦᠭᠰᠡᠨ ᠨᠢ ᠲᠡᠭᠦᠨ ᠤ ᠥᠪᠡᠷᠮᠢᠴᠡ ᠭᠤᠸ᠎ᠠ ᠵᠦᠢ ᠶᠢᠨ ᠦᠨ᠎ᠡ ᠥᠷᠲᠡᠭ ᠪᠠ ᠭᠠᠵᠠᠷ | ᠰᠢᠨᠵᠢᠯᠡᠭᠡ ᠭᠠᠵᠠᠷ ᠤᠨ ᠭᠠᠳᠠᠷᠭᠤ ᠶᠢᠨ ᠦᠨ᠎ᠡ ᠥᠷᠲᠡᠭ ᠲᠤᠨᠢ ᠪᠤᠢ︾ ᠭᠡᠵᠦ 46 ᠳ᠋ᠤᠭᠠᠷ ᠬᠤᠭᠤᠴᠠᠭᠠᠨ ᠤ | ᠳᠡᠯᠡᠬᠡᠢ ᠶᠢᠨ ᠥᠪ ᠤᠨ ᠶᠡᠭᠡ ᠬᠤᠷᠠᠯ ᠤᠨ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ ᠤᠨ ᠭᠡᠰᠢᠭᠦᠨ᠂ | ᠳᠤᠮᠳᠠᠳᠤ ᠤᠯᠤᠰ ᠤᠨ ᠠᠯᠳᠠᠷᠲᠤ ᠦᠵᠡᠮᠵᠢ ᠶᠢᠨ ᠣᠷᠣᠨ ᠤ ᠨᠡᠶᠢᠭᠡᠮᠯᠢᠭ ᠤᠨ ᠥᠪ ᠰᠣᠶᠣᠯ ᠤᠨ ᠭᠠᠳᠠᠭᠠᠳᠤ | ᠬᠠᠷᠢᠯᠴᠠᠭᠠᠨ ᠤ ᠭᠠᠵᠠᠷ ᠤᠨ ᠡᠷᠭᠢᠯᠡᠭᠴᠢ ᠶᠠᠩ ᠽᠢ ᠶᠠᠨ ᠬᠡᠯᠡᠨ᠎ᠡ᠃ | ᠪᠠᠳᠠᠢ ᠶᠢᠨ ᠵᠢᠷᠠᠨ ᠡᠯᠡᠰᠦ ᠠᠯᠠᠱᠠ ᠶᠢᠨ ᠥᠨᠳᠦᠷᠯᠢᠭ ᠲᠤ ᠣᠷᠣᠰᠢᠵᠤ᠂ ᠳᠤᠮᠳᠠᠳᠤ ᠤᠯᠤᠰ ᠤᠨ | ᠪᠠᠷᠠᠭᠤᠨ ᠬᠤᠶᠢᠲᠤ ᠶᠢᠨ ᠲᠤᠶᠢᠯ ᠤᠨ ᠭᠠᠩ ᠬᠠᠭᠤᠷᠠᠢ ᠣᠷᠣᠨ ᠤ ᠰᠡᠷᠢᠭᠦᠨ ᠪᠦᠰᠡ ᠶᠢᠨ ᠡᠯᠡᠰᠦ ᠮᠠᠩᠬᠠᠨ ᠪ᠊ | ᠣᠷᠣᠨ ᠳᠤ ᠬᠠᠷᠢᠶᠠᠯᠠᠭᠳᠠᠨ᠂ ᠳᠤᠮᠳᠠᠳᠤ ᠤᠯᠤᠰ ᠤᠨ ᠭᠤᠷᠪᠠᠳᠤᠭᠠᠷ ᠶᠡᠭᠡ ᠡᠯᠡᠰᠦ ᠪᠠ ᠬᠤᠶᠠᠳᠤᠭᠠᠷ ᠶᠡᠭᠡ ᠨᠡᠭᠦᠳᠡᠯ | ᠡᠯᠡᠰᠦ ᠪᠣᠯᠣᠨ᠎ᠠ᠃ ᠰᠠᠯᠬᠢᠨ ᠳᠤ ᠢᠳᠡᠭᠳᠡᠭᠰᠡᠨ ᠡᠯᠳᠡᠪ ᠵᠦᠢᠯ ᠤᠨ ᠭᠠᠵᠠᠷ ᠤᠨ ᠳᠦᠷᠰᠦ᠂ ᠨᠢᠭᠲᠠᠷᠠᠨ ᠲᠠᠷᠬᠠᠭᠰᠠᠨ | ᠤᠯᠠᠨ ᠠᠷᠪᠢᠨ ᠡᠯᠡᠰᠦ ᠮᠠᠩᠬᠠᠨ ᠪ᠊ ᠨᠠᠭᠤᠷ ᠪᠦᠷᠢᠳᠦ᠂ ᠬᠠᠮᠤᠭ ᠥᠷᠭᠡᠨ ᠠᠭᠤᠳᠠᠮ ᠪᠦᠷᠢᠶ᠎ᠡ ᠮᠠᠩᠬᠠᠨ ᠤ ᠪᠦᠰᠡ ᠪᠠ | ᠳᠡᠯᠡᠬᠡᠢ ᠳᠡᠭᠡᠷᠡᠬᠢ ᠬᠠᠮᠤᠭ ᠥᠨᠳᠥᠷ ︵ᠬᠠᠷᠢᠴᠠᠩᠭᠤᠢ ᠪᠠᠷ ᠳᠠᠯᠠᠶ ᠶᠢᠨ ᠲᠦᠪᠰᠢᠨ ᠠᠴᠠ 460 ᠮᠧᠲᠷ ᠥᠨᠳᠥᠷ︶ | ᠂ ᠬᠠᠮᠤᠭ ᠨᠢᠭᠲᠠ ᠲᠥᠪᠯᠡᠷᠡᠭᠰᠡᠨ ᠥᠨᠳᠥᠷ ᠡᠯᠡᠰᠦᠨ ᠴᠣᠬᠢᠶ᠎ᠠ ᠨᠢ ᠶᠡᠷᠦ ᠪᠤᠰᠤ ᠶᠢᠨ ᠪᠠᠶᠢᠭᠠᠯᠢ ᠶᠢᠨ ᠦᠵᠡᠮᠵᠢ ᠶᠢ | ᠪᠦᠷᠢᠯᠳᠦᠭᠦᠯᠵᠡᠢ᠃ ᠢᠯᠠᠩᠭᠤᠶ᠎ᠠ 144 ᠨᠠᠭᠤᠷ ᠪᠦᠷᠢᠳᠦ ᠨᠢ ᠠᠳᠠᠯᠢ ᠪᠤᠰᠤ ᠳᠠᠪᠤᠰᠤᠨ ᠤ ᠬᠡᠮᠵᠢᠶ᠎ᠡ ᠪᠠ | ᠮᠢᠺᠷᠣᠪ ᠤᠨ ᠪᠦᠯᠦᠭᠯᠡᠯ ᠠᠴᠠ ᠪᠣᠯᠵᠤ ᠭᠠᠶᠢᠬᠠᠯᠲᠠᠢ ᠰᠠᠶᠢᠬᠠᠨ ᠥᠩᠭᠡ ᠪᠤᠳᠤᠭ ᠲᠠᠢ ᠪᠠᠶᠢᠵᠤ ᠥᠪᠡᠷᠮᠢᠴᠡ ᠭᠤᠸ᠎ᠠ | ᠰᠠᠶᠢᠬᠠᠨ ᠤ ᠦᠨ᠎ᠡ ᠥᠷᠲᠡᠭ ᠢ ᠡᠭᠦᠳᠦᠭᠰᠡᠨ ᠪᠠᠶᠢᠨ᠎ᠠ᠃ ᠡᠭᠦᠨ ᠤ ᠬᠠᠮᠲᠤ ᠲᠡᠷᠡ ᠨᠢ ᠪᠠᠰᠠ ᠡᠯᠪᠡᠭ ᠪᠠᠶᠠᠯᠢᠭ | ᠠᠮᠢᠳᠤ ᠪᠣᠳᠠᠰ ᠤᠨ ᠣᠷᠣᠰᠢᠨ ᠠᠮᠢᠳᠤᠷᠠᠬᠤ ᠣᠷᠣᠨ ᠪᠠᠶᠢᠵᠤ᠂ ᠰᠡᠷᠢᠭᠦᠨ ᠪᠦᠰᠡ ᠪᠠ ᠲᠤᠶᠢᠯ ᠤᠨ ᠭᠠᠩ ᠬᠠᠭᠤᠷᠠᠢ | ᠠᠭᠤᠷ ᠠᠮᠢᠰᠬᠤᠯ ᠳᠣᠣᠷᠠᠬᠢ ᠡᠯᠡᠰᠦ ᠮᠠᠩᠬᠠᠨ ᠪ᠊ ᠦᠵᠡᠮᠵᠢ ᠪᠠ ᠭᠠᠵᠠᠷ ᠤᠨ ᠭᠠᠳᠠᠷᠭᠤ ᠶᠢᠨ ᠦᠷᠭᠦᠯᠵᠢᠯᠡᠨ | ᠤᠯᠠᠷᠢᠨ ᠬᠤᠪᠢᠷᠠᠭᠰᠠᠨ ᠰᠣᠳᠣᠨ ᠵᠢᠱᠢᠶ᠎ᠡ ᠪᠣᠯᠵᠠᠢ᠃ | ᠳᠡᠯᠡᠬᠡᠢ ᠶᠢᠨ ᠥᠪ ᠲᠤ ᠪᠦᠷᠢᠳᠬᠡᠭᠦᠯᠬᠦ ᠪᠣᠯ ᠨᠠᠷᠢᠨ ᠪᠤᠳᠤᠯᠢᠶᠠᠨᠲᠠᠢ ᠡᠷᠡᠮᠡᠯᠵᠡᠨ ᠮᠡᠳᠡᠭᠦᠯᠬᠦ ᠲᠦᠷᠦᠯ | ᠵᠦᠢᠯ ᠪᠣᠯᠣᠨ᠎ᠠ᠃ ᠡᠯᠡᠰᠦ ᠮᠠᠩᠬᠠᠨ ᠪ᠊ ᠬᠠᠬᠢᠷ ᠬᠠᠲᠠᠭᠤ ᠠᠭᠤᠷ ᠠᠮᠢᠰᠬᠤᠯ ᠢ ᠬᠦᠯᠢᠴᠡᠨ ᠲᠡᠰᠪᠦᠷᠢᠯᠡᠵᠦ᠂ ᠡᠯᠡᠰᠦ | ᠮᠠᠩᠬᠠᠨ ᠳᠤ ᠲᠤᠭ᠎ᠠ ᠦᠭᠡᠢ ᠤᠯᠠᠨ ᠤᠳᠠᠭ᠎ᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠢᠴᠢᠭ | ᠲᠠᠶᠢᠯᠪᠤᠷᠢ ᠨᠠᠶᠢᠷᠠᠭᠤᠯᠤᠨ ᠵᠣᠬᠢᠶᠠᠬᠤ᠂ ᠤᠯᠠᠨ ᠤᠯᠤᠰ ᠤᠨ ᠦᠨᠡᠯᠡᠨ ᠵᠢᠱᠢᠯᠲᠡ ᠬᠢᠬᠦ ᠠᠴᠠ ᠠᠪᠤᠭᠠᠳ ᠳᠡᠯᠡᠬᠡᠢ | ᠶᠢᠨ ᠥᠪ ᠤᠨ ᠶᠡᠭᠡ ᠬᠤᠷᠠᠯ ᠳᠤ ᠮᠡᠳᠡᠭᠦᠯᠬᠦ ᠭᠦᠷᠲᠡᠯ᠎ᠡ᠂ ᠠᠯᠬᠤᠮ ᠪᠦᠷᠢ ᠳᠤ ᠲᠤᠰᠬᠠᠢ ᠮᠡᠷᠭᠡᠵᠢᠯᠲᠡᠨ ᠢᠶᠠᠷ ᠲᠠᠭᠢᠨ | ᠳᠠᠪᠲᠠᠨ ᠰᠤᠳᠤᠯᠤᠨ ᠶᠠᠷᠢᠯᠴᠠᠭᠤᠯᠵᠤ᠂ ᠨᠤᠲᠠᠯᠠᠯᠲᠠ ᠬᠢᠯᠭᠡᠨ᠂ ᠨᠢᠮᠪᠠᠢ ᠵᠠᠰᠠᠯᠲᠠ ᠭᠢᠯᠭᠡᠳᠡᠭ᠃ ᠲᠣᠰ ᠤᠳᠠᠭᠠᠨ ᠤ | ᠳᠡᠯᠡᠬᠡᠢ ᠶᠢᠨ ᠥᠪ ᠢᠶᠠᠷ ᠪᠦᠷᠢᠳᠬᠡᠭᠦᠯᠬᠦ ᠪᠠᠷ ᠡᠷᠡᠮᠡᠯᠵᠡᠬᠦ ᠮᠡᠷᠭᠡᠵᠢᠯ ᠤᠨ ᠪᠦᠯᠭᠦᠮ ᠤᠨ ᠭᠡᠰᠢᠭᠦᠨ ᠪᠣᠯᠤᠭᠰᠠᠨ ᠶᠠᠩ | ᠽᠢ ᠶᠠᠨ ᠪᠦᠭᠦᠶᠢᠯᠠ ᠶᠠᠪᠤᠴᠠ ᠶᠢ ᠲᠤᠭᠤᠯᠵᠦ᠂ ᠲᠡᠭᠦᠨ ᠤ ᠳᠣᠲᠣᠷᠠᠬᠢ 2 ᠤᠳᠠᠭ᠎ᠠ ᠶᠢᠨ ᠬᠠᠮᠤᠭ ᠵᠠᠩᠭᠢᠯᠠᠭ᠎ᠠ ᠶᠢᠨ | ᠭᠤᠭᠴᠤᠭ᠎ᠠ ᠨᠢ ᠲᠡᠭᠦᠨ ᠳᠤ ᠭᠦᠨ ᠰᠠᠭᠤᠭᠳᠠᠯ ᠦᠯᠡᠳᠡᠭᠡᠵᠡᠢ᠃ | 2018 ᠣᠨ ᠤ 5 ᠰᠠᠷ᠎ᠠ ᠳᠤ ᠶᠠᠪᠤᠭᠳᠠᠭᠰᠠᠨ ᠴᠠᠩ ᠪᠠᠢ ᠱᠠᠨ ᠤ ᠤᠯᠠᠨ ᠤᠯᠤᠰ ᠤᠨ ᠠᠮᠢ ᠠᠬᠤᠢ | ᠶᠢᠨ ᠬᠤᠷᠠᠯ ᠵᠢᠴᠢ ᠳᠡᠯᠡᠬᠡᠢ ᠶᠢᠨ ᠥᠪ ᠤᠨ ᠬᠠᠮᠠᠭᠠᠯᠠᠯᠲᠠ ᠬᠥᠭᠵᠢᠭᠦᠯᠦᠯᠲᠡ ᠶᠢᠨ ᠰᠢᠨ᠎ᠡ ᠠᠵᠠ ᠲᠣᠭᠢᠶᠠᠯ ᠤᠨ | ᠲᠦᠷᠦᠭᠦᠴᠦᠳ ᠤᠨ ᠬᠤᠷᠠᠯ ᠳᠡᠭᠡᠷ᠎ᠡ᠂ ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ ᠨᠠᠭᠤᠷ ᠪᠦᠷᠢᠳᠦ ᠨᠢ | ᠳᠡᠯᠡᠬᠡᠢ ᠶᠢᠨ ᠥᠪ ᠲᠤ ᠪᠦᠷᠢᠳᠬᠡᠭᠦᠯᠬᠦ ᠪᠡᠯᠡᠳᠬᠡᠯ ᠰᠣᠩᠭᠤᠭᠤᠯᠢ ᠳᠤ ᠣᠷᠣᠭᠰᠠᠨ ᠪᠤᠰᠤᠳ 7 ᠭᠠᠵᠠᠷ ᠲᠠᠢ | ᠥᠷᠢᠰᠦᠯᠳᠦᠭᠡᠳ ᠲᠦᠷᠦᠭᠦᠯᠡᠵᠦ᠂ 2020 ᠣᠨ ᠤ ᠳᠤᠮᠳᠠᠳᠤ ᠤᠯᠤᠰ ᠤᠨ ᠴᠤᠷ ᠤᠨ ᠭᠠᠭᠴᠠ ᠳᠡᠯᠡᠬᠡᠢ ᠶᠢᠨ | ᠥᠪ ᠲᠤ ᠪᠦᠷᠢᠳᠬᠡᠭᠦᠯᠬᠦ ᠲᠦᠷᠦᠯ ᠵᠦᠢᠯ ᠪᠣᠯᠪᠠ᠃ | 2024 ᠣᠨ ᠤ 5 ᠰᠠᠷ᠎ᠠ ᠳᠤ ᠳᠡᠯᠡᠬᠡᠢ ᠶᠢᠨ ᠥᠪ ᠲᠤ ᠪᠦᠷᠢᠳᠬᠡᠭᠦᠯᠬᠦ ᠪᠠᠷ ᠡᠷᠡᠮᠡᠯᠵᠡᠬᠦ | ᠮᠡᠷᠭᠡᠵᠢᠯ ᠤᠨ ᠪᠦᠯᠭᠦᠮ ᠨᠢ IUCN ︵ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠤᠭ᠎ᠠ︶ ᠠᠴᠠ | ᠭᠠᠷᠭᠠᠭᠰᠠᠨ ᠦᠨᠡᠯᠡᠯᠲᠡ ᠶᠢᠨ ᠮᠡᠳᠡᠭᠦᠯᠦᠯᠲᠡ ᠶᠢ ᠣᠯᠵᠤ᠂ ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ ᠨᠠᠭᠤᠷ | ᠪᠦᠷᠢᠳᠦ ᠶᠢ ᠳᠡᠯᠡᠬᠡᠢ ᠶᠢᠨ ᠥᠪ ᠤᠨ ᠨᠡᠷᠡᠰ ᠲᠤ ᠳᠡᠪᠰᠢᠭᠦᠯᠦᠨ ᠲᠠᠨᠢᠯᠴᠠᠭᠤᠯᠬᠤ ᠶᠢ ᠰᠠᠨᠠᠭᠤᠯᠤᠭᠰᠠᠨ ᠨᠢ ᠳᠡᠯᠡᠬᠡᠢ | ᠨᠡᠶᠢᠭᠡᠮ ᠤᠨ ᠬᠢᠨ ᠡᠨᠡ ᠬᠦ ᠪᠠᠶᠢᠭᠠᠯᠢ ᠶᠢᠨ ᠥᠪ ᠤᠨ ᠦᠨ᠎ᠡ ᠦᠷᠳᠡᠭ ᠢ ᠮᠡᠳᠡᠷᠡᠵᠦ ᠪᠠᠶᠢᠬᠤ ᠶᠢ ᠬᠠᠷᠠᠭᠤᠯᠵᠤ ᠪᠤᠢ᠃ | | ︽ᠳᠡᠯᠡᠬᠡᠢ ᠶᠢᠨ ᠥᠪ ᠢᠶᠠᠷ ᠠᠮᠵᠢᠯᠲᠠ ᠲᠠᠢ ᠪᠦᠷᠢᠳᠬᠡᠭᠦᠯᠦᠭᠰᠡᠨ ᠨᠢ ᠡᠴᠦᠰ ᠤᠨ ᠴᠡᠭ ᠪᠢᠰᠢ᠂ | ᠬᠠᠷᠢᠨ ᠡᠭᠢᠯᠡᠯᠲᠡ ᠶᠢᠨ ᠴᠡᠭ ᠪᠤᠯᠬᠤ ᠶᠤᠮ︾᠃ ᠶᠠᠩ ᠽᠢ ᠶᠠᠨ ᠤ ᠦᠵᠡᠬᠦ ᠪᠠᠷ᠂ ᠳᠡᠯᠡᠬᠡᠢ ᠶᠢᠨ ᠥᠪ ᠢᠶᠠᠷ | ᠪᠦᠷᠢᠳᠬᠡᠭᠦᠯᠬᠦ ᠶᠠᠪᠤᠴᠠ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠳᠡᠯᠡᠬᠡᠢ ᠳ᠋ᠠᠬᠢᠨ ᠳᠤ ᠦᠵᠡᠭᠦᠯᠪᠡ᠂ | ᠳᠡᠯᠡᠬᠡᠢ ᠶᠢᠨ ᠥᠪ ᠢᠶᠠᠷ ᠪᠦᠷᠢᠳᠬᠡᠭᠦᠯᠦᠭᠰᠡᠨ ᠤ ᠳᠠᠷᠠᠭ᠎ᠠ ᠪᠢᠳᠡ ᠣᠯᠠᠨ ᠤᠯᠤᠰ ᠤᠨ ᠬᠠᠮᠠᠭᠠᠯᠠᠯᠲᠠ ᠶᠢᠨ ᠰᠢᠨᠵᠢ | ᠴᠢᠨᠠᠷ ᠵᠢᠴᠢ ᠬᠤᠯᠪᠣᠭᠳᠠᠯ ᠪᠦᠬᠦᠢ ᠳᠦᠷᠢᠮ ᠪᠠ ᠪᠠᠷᠢᠮᠵᠢᠶ᠎ᠠ ᠪᠠᠷ ᠳᠠᠮᠵᠢᠨ ᠲᠤᠬᠠᠢ ᠶᠢᠨ ᠭᠠᠵᠠᠷ ᠤᠨ ᠪᠣᠳᠠᠲᠠᠢ | ᠪᠠᠶᠢᠳᠠᠯ ᠳᠤ ᠲᠣᠬᠢᠷᠠᠭᠤᠯᠤᠨ ᠬᠠᠮᠠᠭᠠᠯᠠᠯᠲᠠ ᠬᠠᠮᠢᠶᠠᠷᠤᠯᠲᠠ ᠥᠷᠨᠢᠭᠦᠯᠵᠦ᠂ ᠪᠦᠬᠦᠯᠢ ᠴᠣᠭᠴᠠ ᠶᠢᠨ ᠬᠠᠮᠠᠭᠠᠯᠠᠯᠲᠠ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠡᠯᠡᠰᠦ ᠮᠠᠩᠬ᠎ᠠ ᠨᠠᠭᠤᠷ ᠪᠦᠷᠢᠳᠦ ᠶᠢᠨ ᠲᠤᠰᠬᠠᠢ ᠡᠷᠳᠡᠮ | ᠰᠢᠨᠵᠢᠯᠡᠭᠡᠨ ᠤ ᠰᠤᠳᠤᠯᠭᠠᠨ ᠢ ᠤᠯᠠᠮ ᠨᠢᠭᠡ ᠠᠯᠬᠤᠮ ᠥᠷᠨᠢᠭᠦᠯᠬᠦ ᠳᠤ ᠰᠠᠭᠤᠷᠢ ᠲᠠᠯᠪᠢᠬᠤ ᠪᠣᠯᠣᠨ᠎ᠠ᠃ | ᠠᠯᠠᠱᠠ ᠶᠢᠨ ᠡᠯᠡᠰᠦ ᠮᠠᠩᠬᠠᠨ ᠪ᠊ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠠᠯᠠᠱᠠ | ᠪᠠᠷᠠᠭᠤᠨ ᠬᠤᠰᠢᠭᠤᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠯᠢᠶᠠᠩ ᠪᠦᠦ ᠷᠦᠩ᠄ ︽ᠲᠠᠷᠠᠭᠠᠴᠢ ᠶᠢᠨ | ᠠᠯᠬᠤᠮ ᠳᠤ ᠠᠯᠠᠱᠠ ᠪᠠᠷᠠᠭᠤᠨ ᠬᠤᠰᠢᠭᠤ ᠳᠡᠯᠡᠬᠡᠢ ᠶᠢᠨ ᠥᠪ ᠪᠣᠯᠤᠭᠰᠠᠨ ᠭᠠᠵᠠᠷ ᠤᠨ ᠬᠠᠮᠠᠭᠠᠯᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠬᠠᠮᠠᠭᠠᠯᠠᠯᠲᠠ ᠬᠢᠭᠡᠳ ᠨᠡᠶᠢᠭᠡᠮ ᠠᠵᠤ ᠠᠬᠤᠢ ᠶᠢᠨ ᠦᠷᠭᠦᠯᠵᠢᠯᠡᠬᠦ | ᠬᠥᠭᠵᠢᠯᠲᠡ ᠶᠢᠨ ᠬᠤᠭᠤᠷᠣᠨᠳᠣᠭᠢ ᠲᠡᠩᠴᠡᠭᠦᠷᠢ ᠶᠢᠨ ᠠᠷᠭ᠎ᠠ ᠵᠠᠮ ᠢ ᠰᠦᠪᠡᠭᠴᠢᠯᠡᠨ᠂ ᠪᠠᠳᠠᠢ ᠶᠢᠨ ᠵᠢᠷᠠᠨ ᠡᠯᠡᠰᠦ | - ᠡᠯᠡᠰᠦᠨ ᠴᠣᠬᠢᠶ᠎ᠠ ᠨᠠᠭᠤᠷ ᠪᠦᠷᠢᠳᠦ ᠭᠡᠬᠦ ᠡᠨᠡ ᠬᠦ ᠨᠡᠷ᠎ᠡ ᠶᠢᠨ ᠬᠠᠭᠤᠳᠠᠰᠤ ᠶᠢ ᠨᠠᠩ ᠦᠵᠡᠰᠬᠦᠯᠡᠩᠲᠦ ᠰᠠᠶᠢᠬᠠᠨ | ᠪᠣᠯᠭᠠᠨ᠎ᠠ︾ ᠭᠡᠵᠡᠢ᠃ | |