ᠬᠠᠨ ᠲᠡᠭᠷᠢ ᠶᠢᠨ ᠪᠠᠶᠠᠨ ᠬᠡᠰᠢᠭ
ᠨᠡᠶᠢᠲᠡᠯᠡᠭᠰᠡᠨ ᠴᠠᠭ᠄
2024/9/30
                         - ᠠᠯᠠᠱᠠ ᠶᠢᠨ ᠡᠯᠡᠰᠦ ᠪᠠ ᠨᠠᠭᠤᠷ              ᠠᠯᠠᠱᠠ ᠶᠢᠨ ᠨᠤᠲᠤᠭ ᠳᠡᠪᠢᠰᠬᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ ᠪᠠᠶᠢᠳᠠᠭ᠃ ᠡ᠊ᠡᠳᠡ ᠳᠡᠯᠡᠬᠡᠢ ᠶᠢᠨ ᠴᠣᠷ ᠤᠨ ᠭᠠᠭᠴᠠ ᠡᠯᠡᠰᠦ ᠮᠠᠩᠬᠠᠨ ᠪ᠊ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠠᠶᠢᠬᠤ ᠪᠠᠷ ᠪᠠᠷᠠᠬᠤ ᠦᠭᠡᠢ᠂ ᠪᠠᠰᠠ ︽ᠳᠡᠯᠡᠬᠡᠢ ᠶᠢᠨ ᠥᠪ ᠤᠨ ᠨᠡᠷᠡᠰ ᠤᠨ ᠵᠢᠭᠰᠠᠭᠠᠯᠲᠠ︾ ᠳᠤ ᠣᠷᠣᠭᠰᠠᠨ ︽ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ︾ ᠪᠤᠶ᠃ ᠠᠯᠲᠠᠨ ᠰᠢᠷᠭᠠᠯ ᠡᠯᠡᠰᠦ᠂ ᠥᠩᠭᠡ ᠢᠯᠭᠠᠷᠠᠭᠰᠠᠨ ᠨᠠᠭᠤᠷ ᠪᠦᠷᠢᠳᠦ ᠳᠤ ᠭᠠᠶᠢᠬᠠᠮᠰᠢᠭᠲᠤ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠢᠯᠭᠠᠷᠠᠨ ᠂ ︽ᠬᠠᠨ ᠲᠡᠭᠷᠢ ᠠᠯᠠᠱᠠ︾ ᠶᠢᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ ᠪᠠᠶᠢᠳᠠᠭ᠃              ᠳᠡᠯᠡᠬᠡᠢ ᠶᠢᠨ ᠥᠪ ᠪᠣᠯ ᠠᠮᠢᠳᠤ ᠥᠪ ᠮᠥᠨ᠂ ᠲᠡᠷᠡ ᠨᠢ ᠲᠡᠦᠬᠡᠨ ᠳᠤ ᠬᠠᠷᠢᠶᠠᠯᠠᠭᠳᠠᠬᠤ ᠪᠠᠷ ᠪᠠᠷᠠᠬᠤ ᠦᠭᠡᠢ᠂ ᠨᠡᠩ ᠴᠤ ᠣᠳᠣ ᠪᠠ ᠢᠷᠡᠭᠡᠳᠦᠢ ᠳᠤ ᠬᠠᠷᠢᠶᠠᠯᠠᠭᠳᠠᠨ᠎ᠠ᠃ ᠦᠶ᠎ᠡ ᠶᠢᠨ ᠦᠶ᠎ᠡ ᠳᠡᠭᠡᠨ ᠰᠠᠬᠢᠨ ᠬᠠᠮᠠᠭᠠᠯᠠᠬᠤ ᠶᠢ ᠱᠠᠭᠠᠷᠳᠠᠬᠤ ᠪᠠᠷ ᠪᠠᠷᠠᠬᠤ ᠦᠭᠡᠢ ᠨᠡᠩ ᠴᠤ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠬᠡᠷᠡᠭᠲᠡᠢ᠃ ᠤᠯᠠᠨ ᠵᠢᠯ ᠤᠨ ᠲᠤᠷᠰᠢ᠂ ᠬᠥᠮᠥᠨ ᠪᠣᠯᠣᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠪᠠᠷ ᠬᠠᠷᠠᠯᠲᠠ ᠪᠤᠯᠭᠠᠵᠤ᠂ ᠠᠯᠠᠱᠠ ᠠᠶᠢᠮᠠᠭ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠶᠢᠨ ᠬᠠᠮᠲᠤ᠂ ᠡᠯᠡᠰᠦ ᠮᠠᠩᠬ᠎ᠠ᠂ ᠨᠠᠭᠤᠷ ᠪᠦᠷᠢᠳᠦ ᠵᠡᠷᠭᠡ ᠪᠠᠶᠢᠭᠠᠯᠢ ᠶᠢᠨ ᠥᠪ ᠤᠨ ᠬᠠᠮᠠᠭᠠᠯᠠᠯᠲᠠ᠂ ᠵᠠᠰᠠᠯᠲᠠ ᠪᠣᠯᠣᠨ ᠠᠰᠢᠭᠯᠠᠯᠲᠠ ᠶᠢ ᠶᠡᠬᠡᠪᠡᠷ ᠴᠢᠩᠭᠠᠳᠬᠠᠵᠤ᠂ ᠣᠨᠴᠠᠯᠢᠭᠲᠤ ᠰᠣᠶᠣᠯ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠦᠷᠭᠦᠯᠵᠢᠯᠡᠨ ᠠᠯᠳᠠᠷᠰᠢᠭᠤᠯᠤᠨ᠂ ᠠᠯᠠᠱᠠ ᠶᠢᠨ ᠡᠯᠡᠰᠦ ᠪᠣᠯᠣᠨ ᠨᠠᠭᠤᠷ ᠤᠨ ᠦᠵᠡᠮᠵᠢ ᠶᠢ ᠬᠥᠮᠥᠰ ᠲᠤ ᠭᠠᠶᠢᠬᠠᠭᠤᠯᠤᠨ ᠦᠵᠡᠭᠦᠯᠵᠦ᠂ ᠵᠤᠭᠠᠴᠠᠭᠰᠠᠳ ᠤᠨ ᠠᠩᠬᠠᠷᠤᠯ ᠢ ᠤᠯᠠᠮ ᠲᠠᠲᠠᠭᠰᠠᠨ ᠪᠠᠶᠢᠨ᠎ᠠ᠃                
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号