| ︽ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ︾ ᠢ ᠪᠣᠳᠠᠰ ᠤᠨ | ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠵᠤ᠂ ᠪᠦᠭᠦ ᠳᠡᠯᠡᠬᠡᠢ ᠶᠢᠨ ᠬᠡᠪᠴᠢᠶᠡᠨ ᠳᠤ ᠮᠠᠨ ᠤ | ᠤᠯᠤᠰ ᠤᠨ ᠨᠠᠭᠤᠷ ᠪᠦᠷᠢᠳᠦ ᠪᠠ ᠡᠯᠡᠰᠦ ᠮᠠᠩᠬᠠᠨ ᠤ ᠣᠨᠴᠠᠯᠢᠭᠲᠤ ᠪᠠᠶᠢᠭᠠᠯᠢ ᠶᠢᠨ ᠥᠪ ᠤᠨ ᠷᠢᠳᠢ ᠰᠢᠳᠢ ᠶᠢ | ᠳᠡᠯᠭᠡᠨ ᠦᠵᠡᠭᠦᠯᠵᠦ᠂ ᠨᠡᠩ ᠴᠤ ᠠᠶᠠᠯᠠᠯ ᠵᠢᠭᠤᠯᠴᠢᠯᠠᠯ ᠳᠤ ᠪᠠᠭ᠋ᠠᠲᠠᠢ ᠬᠥᠮᠥᠰ ᠤᠨ ᠡᠷᠬᠡᠪᠰᠢ ᠲᠣᠭᠤᠷᠢᠵᠤ | ᠵᠤᠭᠠᠯᠠᠬᠤ ᠭᠠᠵᠠᠷ ᠤᠨ ᠨᠢᠭᠡ ᠪᠣᠯᠤᠭᠰᠠᠨ ᠪᠠᠶᠢᠨ᠎ᠠ᠃ | ︽ᠭᠡᠷ ᠤᠨ ᠬᠥᠮᠥᠰ ᠪᠠ ᠨᠠᠶᠢᠵᠠ ᠨᠠᠷ ᠢᠶᠠᠨ ᠦᠷᠭᠦᠯᠵᠢ ᠵᠣᠬᠢᠶᠠᠨ ᠪᠠᠶᠢᠭᠤᠯᠵᠤ ᠪᠠᠶᠢᠭᠠᠳ | ᠪᠠᠳᠠᠢ ᠶᠢᠨ ᠵᠢᠷᠠᠨ ᠡᠯᠡᠰᠦᠨ ᠳᠤ ᠣᠴᠢᠵᠤ ᠪᠠᠷᠳᠠᠭ᠎ᠠ ᠰᠢᠨᠵᠢᠯᠡᠳᠡᠭ᠂ ᠡᠨᠡ ᠤᠳᠠᠭᠠᠨ ᠤ ᠪᠣᠳᠠᠰ ᠤᠨ ᠪᠤᠰᠤ | ᠰᠣᠶᠣᠯ ᠤᠨ ᠥᠪ ᠢᠶᠠᠷ ᠭᠤᠶᠤᠴᠢᠯᠠᠭᠠᠳ ᠠᠮᠵᠢᠯᠲᠠ ᠣᠯᠣᠭᠰᠠᠨ ᠨᠢ ᠪᠢᠳᠠ ᠪᠦᠭᠦᠳᠠ ᠶᠢᠨ ᠣᠮᠣᠭᠰᠢᠯ ᠰᠢᠤ᠂ | ᠪᠦᠭᠦ ᠤᠯᠤᠰ ᠤᠨ ᠡᠯ᠎ᠡ ᠭᠠᠵᠠᠷ ᠤᠨ ᠬᠥᠮᠥᠰ ᠲᠤ ᠪᠠᠳᠠᠢ ᠶᠢᠨ ᠵᠢᠷᠠᠨ ᠢ ᠲᠠᠨᠢᠭᠤᠯᠵᠤ᠂ ᠣᠶᠢᠯᠠᠭᠠᠭᠤᠯᠤᠨ᠂ | ᠣᠯᠠᠨ ᠢᠶᠠᠷ ᠢᠶᠠᠨ ᠪᠠᠳᠠᠢ ᠶᠢᠨ ᠵᠢᠷᠠᠨ ᠳᠤ ᠲᠣᠭᠤᠷᠢᠨ ᠵᠤᠭᠠᠯᠠᠬᠤ ᠪᠠᠷ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ︾ | ᠭᠡᠵᠦ ᠲᠤᠬᠠᠢ ᠶᠢᠨ ᠭᠠᠵᠠᠷ ᠤᠨ ᠬᠡᠭᠡᠷ᠎ᠡ ᠶᠢᠨ ᠠᠶᠠᠯᠠᠯ ᠳᠤ ᠪᠠᠭ᠋ᠠᠲᠠᠢ ᠫᠠᠨ ᠰᠢᠨ ᠬᠡᠯᠡᠵᠦ ᠪᠠᠶᠢᠯ᠎ᠠ᠃ | 2008 ᠣᠨ ᠳᠤ᠂ ᠠᠯᠠᠱᠠ ᠶᠢᠨ ᠬᠡᠪᠢᠰ ᠨᠡᠬᠡᠬᠦ ᠤᠷᠠᠯᠠᠯ ᠨᠢ ᠤᠯᠤᠰ ᠤᠨ ᠲᠠᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠪᠠ᠃ ᠥᠪᠡᠷᠲᠡᠭᠡᠨ | ᠵᠠᠰᠠᠬᠤ ᠣᠷᠣᠨ ᠤ ᠳᠡᠰ ᠤᠨ ᠡᠷᠲᠡᠨ ᠤ ᠳᠠᠭᠤᠷᠢᠶᠠᠮᠠᠯ ᠬᠡᠪᠢᠰ ᠨᠡᠬᠡᠮᠡᠯ ᠤᠨ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠭᠴᠢ ᠳ᠋ᠤᠸᠠᠨ ᠯᠢ ᠵᠧᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ | ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠲᠤ | ᠴᠡᠭᠡᠵᠢᠯᠡᠵᠦ᠂ ᠥᠪᠡᠷ ᠤᠨ ᠤᠷ᠎ᠠ ᠮᠡᠷᠭᠡᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠠᠯᠠᠱᠠ ᠶᠢᠨ ᠬᠡᠪᠢᠰ ᠨᠡᠬᠡᠮᠡᠯ ᠤᠨ ᠤᠷ᠎ᠠ ᠮᠡᠷᠭᠡᠵᠢᠯ ᠢ ᠨᠡᠩ ᠤᠯᠠᠨ ᠬᠥᠮᠥᠨ ᠳᠤ ᠤᠯᠠᠮᠵᠢᠯᠠᠨ᠎ᠠ᠂ ᠪᠢᠳᠠ ᠪᠦᠭᠦᠳᠠ | ᠶᠢᠨ ᠴᠢᠷᠮᠠᠶᠢᠯᠭ᠎ᠠ ᠪᠠᠷ ᠠᠯᠠᠱᠠ ᠶᠢᠨ ᠡᠷᠲᠡᠨ ᠤ ᠳᠠᠭᠤᠷᠢᠶᠠᠮᠠᠯ ᠬᠡᠪᠢᠰ ᠠᠯᠠᠱᠠ ᠠᠴᠠ ᠴᠢᠨᠠᠭᠰᠢ ᠪᠦᠭᠦ ᠤᠯᠤᠰ | ᠲᠡᠷᠡᠴᠢᠯᠡᠨ ᠪᠦᠭᠦ ᠳᠡᠯᠡᠬᠡᠢ ᠶᠢᠨ ᠵᠠᠬ᠎ᠠ ᠳᠡᠯᠭᠡᠭᠦᠷ ᠲᠤ ᠭᠠᠷᠬᠤ ᠨᠢ ᠯᠠᠪᠲᠠᠢ ᠭᠡᠵᠦ ᠪᠠᠶᠢᠪᠠ᠃ | ᠠᠯᠠᠱᠠ ᠶᠢᠨ ᠰᠢᠷᠠᠭᠰᠠᠨ ᠪᠦᠬᠦᠯᠢ ᠬᠤᠨᠢ ᠪᠣᠯ ᠠᠯᠠᠱᠠ ᠣᠷᠣᠨ ᠤ ᠤᠯᠠᠮᠵᠢᠯᠠᠯᠲᠤ ᠨᠠᠷᠠᠲᠤ ᠢᠳᠡᠭᠡᠨ | ᠪᠥᠭᠡᠳ ᠣᠲᠣ ᠪᠤᠯᠲᠠᠯ᠎ᠠ ᠨᠢᠭᠡᠨᠲᠡ 300 ᠭᠠᠷᠤᠢ ᠵᠢᠯ ᠤᠨ ᠲᠡᠦᠬᠡ ᠲᠠᠢ ᠪᠢᠯᠡ᠃ 2008 ᠣᠨ ᠳᠤ᠂ | ᠠᠯᠠᠱᠠ ᠶᠢᠨ ᠰᠢᠷᠠᠭᠰᠠᠨ ᠪᠦᠬᠦᠯᠢ ᠬᠤᠨᠢ ᠬᠤᠶᠠᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ | ᠪᠤᠰᠤ ᠰᠣᠶᠣᠯ ᠤᠨ ᠤᠯᠠᠮᠵᠢᠯᠠᠭᠴᠢ ᠴᠧᠨ ᠲᠤᠤ ᠠᠯᠠᠱᠠ ᠶᠢᠨ ᠪᠦᠬᠦᠯᠢ ᠬᠤᠨᠢ ᠰᠢᠷᠠᠬᠤ ᠤᠷ᠎ᠠ ᠮᠡᠷᠭᠡᠵᠢᠯ ᠢ | ᠤᠯᠠᠮᠵᠢᠯᠠᠨ ᠵᠠᠯᠭᠠᠮᠵᠢᠯᠠᠭᠠᠳ ᠨᠢᠭᠡᠨᠲᠡ 32 ᠵᠢᠯ ᠪᠣᠯᠵᠠᠢ᠃ ᠲᠡᠷᠡ᠂ ᠤᠯᠠᠮᠵᠢᠯᠠᠭᠴᠢ ᠪᠣᠯᠤᠭᠰᠠᠨ ᠤ ᠬᠤᠪᠢ ᠳᠤ | ᠮᠠᠰᠢ ᠣᠮᠣᠭᠰᠢᠵᠤ ᠪᠠᠶᠢᠨ᠎ᠠ᠂ ᠪᠣᠳᠠᠲᠤ ᠠᠵᠢᠯᠯᠠᠭ᠎ᠠ ᠪᠠᠷ ᠢᠶᠠᠨ ᠤᠯᠠᠮᠵᠢᠯᠠᠨ ᠵᠠᠯᠭᠠᠮᠵᠢᠯᠠᠬᠤ ᠬᠡᠪᠴᠢᠶ᠎ᠡ ᠪᠠᠨ ᠴᠢᠷᠮᠠᠶᠢᠨ | ᠥᠷᠭᠡᠳᠬᠡᠵᠦ᠂ ᠠᠯᠠᠱᠠ ᠶᠢᠨ ᠪᠦᠬᠦᠯᠢ ᠬᠤᠨᠢ ᠰᠢᠷᠠᠬᠤ ᠡᠨᠡ ᠬᠦ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ | ᠵᠦᠢᠯ ᠢ ᠨᠡᠩ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠠᠰᠢᠭᠯᠠᠨ᠎ᠠ ᠭᠡᠪᠡ᠃ | | |