| ᠠᠯᠠᠱᠠ ᠶᠢᠨ ︽ᠲᠥᠷᠪᠡᠨ ᠡᠳᠦᠷ ᠤᠨ ᠵᠢᠭᠤᠯᠴᠢᠯᠠᠯ︾ ᠤᠨ ᠱᠤᠭᠤᠮ ᠵᠢᠭᠰᠠᠭᠠᠭᠳᠠᠵᠠᠢ | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ᠲᠦᠷᠦᠭᠦᠬᠡᠨ᠂ 2024 ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠶᠡᠭᠡ ᠬᠤᠷᠠᠯ ᠭᠦᠭᠡᠬᠤᠲᠠ ᠳᠤ ᠬᠤᠷᠠᠯᠳᠤᠵᠤ᠂ | ᠥᠪᠥᠷ ᠮᠣᠩᠭᠤᠯ ᠤᠨ ᠵᠤᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠪᠡ᠃ ᠡᠭᠦᠨ ᠳᠤ | ᠠᠯᠠᠱᠠ ᠶᠢᠨ ︽ᠭᠠᠶᠢᠬᠠᠮᠰᠢᠭᠲᠤ ᠡᠯᠡᠰᠦ ᠮᠠᠩᠬ᠎ᠠ · ᠪᠠᠳᠠᠢ ᠶᠢᠨ ᠵᠢᠷᠠᠨ ᠡᠯᠡᠰᠦᠨ ᠤ ᠪᠠᠷᠲᠠᠭ᠎ᠠ ᠰᠢᠨᠵᠢᠯᠡᠬᠦ ᠠᠶᠠᠯᠠᠯ︾ | ᠲᠦᠷᠪᠡᠠ ᠡᠳᠦᠷ ᠤᠨ ᠵᠢᠭᠤᠯᠴᠢᠯᠠᠯ ᠨᠢ ᠥᠪᠥᠷ ᠮᠣᠩᠭᠤᠯ ᠤᠨ ᠵᠤᠠ ᠤ ᠤᠯᠠᠷᠢᠯ ᠤᠨ ᠰᠣᠳᠣᠨ ᠵᠢᠭᠤᠯᠴᠢᠯᠠᠯ ᠤᠨ | ᠵᠠᠮ ᠱᠤᠭᠤᠮ ᠳᠤ ᠵᠢᠭᠰᠠᠭᠠᠭᠳᠠᠪᠠ᠃ | ︽ᠭᠠᠶᠢᠬᠠᠮᠰᠢᠭᠲᠤ ᠡᠯᠡᠰᠦ ᠮᠠᠩᠬ᠎ᠠ · ᠪᠠᠳᠠᠢ ᠶᠢᠨ ᠵᠢᠷᠠᠨ ᠡᠯᠡᠰᠦᠨ ᠤ ᠪᠠᠷᠲᠠᠭ᠎ᠠ ᠰᠢᠨᠵᠢᠯᠡᠬᠦ ᠠᠶᠠᠯᠠᠯ︾ | ᠲᠦᠷᠪᠡᠠ ᠡᠳᠦᠷ ᠤᠨ ᠵᠢᠭᠤᠯᠴᠢᠯᠠᠯ ᠨᠢ᠂ ᠲᠦᠷᠦᠭᠦᠤ ᠡᠳᠦᠷ᠂ ᠠᠯᠠᠱᠠ ᠵᠡᠭᠦᠨ ᠬᠤᠰᠢᠭᠤᠨ ᠳᠤ ᠬᠦᠷᠴᠦ᠂ | ᠪᠠᠶᠠᠨᠬᠤᠲᠠ ᠪᠠᠯᠭᠠᠰᠤᠨ ᠤ ᠵᠢᠵᠢᠭ ᠬᠤᠲᠠ ᠶᠢᠨ ᠥᠩᠭᠡ ᠦᠵᠡᠮᠵᠢ ᠪᠠᠷ ᠲᠣᠭᠤᠷᠢᠨ ᠦᠵᠡᠵᠦ᠂ ᠠᠯᠠᠱᠠ ᠶᠢᠨ | ᠣᠨᠴᠠᠯᠢᠭᠲᠤ ᠠᠮᠲᠠᠲᠤ ᠢᠳᠡᠭᠡᠠ ᠢ ᠠᠮᠳᠠᠯᠠᠨ᠎ᠠ; ᠬᠤᠶᠠᠳᠤᠭᠠᠷ ᠡᠳᠦᠷ᠂ ᠠᠯᠠᠱᠠ ᠵᠡᠭᠦᠨ ᠬᠤᠰᠢᠭᠤᠨ ᠠᠴᠠ | ᠮᠣᠷᠳᠠᠨ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠡᠯᠡᠰᠦᠨ ᠤ ᠦᠵᠡᠮᠵᠢ ᠶᠢᠨ ᠣᠷᠣᠨ ᠳᠤ ᠬᠦᠷᠴᠦ᠂ | ᠮᠠᠰᠢᠨ ᠲᠡᠷᠭᠡ ᠪᠠᠷ ᠡᠯᠡᠰᠦ ᠶᠢ ᠳᠤᠭᠤᠯᠵᠤ᠂ ᠵᠠᠮ ᠳᠠᠭᠠᠤ ᠠᠯᠠᠱᠠ ᠶᠢᠨ ᠬᠦᠰᠡᠯᠡᠩᠲᠦ ᠡᠯᠡᠰᠦ ᠮᠠᠩᠬᠠᠨ ᠤ ᠮᠠᠰᠢᠨ | ᠲᠡᠷᠭᠡᠨ ᠤ ᠬᠦᠷᠢᠶᠡᠯᠡᠩ ᠢᠶᠠᠷ ᠲᠣᠭᠤᠷᠢᠨ᠂ ᠪᠠᠳᠠᠢ ᠨᠠᠭᠤᠷ ᠵᠡᠷᠭᠡ ᠦᠵᠡᠮᠵᠢ ᠶᠢᠨ ᠭᠠᠵᠠᠷ ᠢᠶᠠᠷ ᠵᠤᠭᠠᠯᠠᠨ᠂ ᠲᠤᠬᠠᠢ | ᠶᠢᠨ ᠭᠠᠵᠠᠷ ᠤᠨ ᠮᠠᠯ ᠤᠨ ᠮᠢᠬ᠎ᠠ ᠵᠡᠷᠭᠡ ᠠᠮᠲᠠᠲᠤ ᠢᠳᠡᠭᠡᠠ ᠢ ᠠᠮᠳᠠᠯᠠᠨ᠎ᠠ; ᠭᠤᠷᠪᠠᠳᠤᠭᠠᠷ ᠡᠳᠦᠷ᠂ ᠠᠯᠠᠱᠠ | ᠪᠠᠷᠠᠭᠤᠨ ᠬᠤᠰᠢᠭᠤᠨ ᠤ ᠬᠠᠶᠢᠰᠤᠨ ᠴᠢᠯᠠᠭᠤ ᠵᠡᠷᠭᠡ ᠭᠠᠵᠠᠷ ᠲᠤ ᠬᠦᠷᠴᠦ᠂ ᠡᠷᠭᠢᠠ ᠲᠣᠭᠤᠷᠢᠨ 20 ᠭᠠᠷᠤᠢ | ᠺᠢᠯᠣᠮᠧᠲᠷ ᠭᠠᠵᠠᠷ ᠤᠨ ᠶᠡᠭᠡ ᠪᠠᠭ᠎ᠠ ᠨᠢ ᠠᠳᠠᠯᠢ ᠪᠤᠰᠤ᠂ ᠭᠡᠯᠪᠡᠷᠢ ᠳᠦᠷᠰᠦ ᠨᠢ ᠠᠳᠠᠯᠢ ᠪᠤᠰᠤ ᠬᠠᠴᠢᠨ ᠴᠢᠯᠠᠭᠤ | ᠶᠢ ᠰᠣᠨᠢᠷᠬᠠᠨ᠂ ᠶᠡᠭᠡ ᠪᠠᠶᠢᠭᠠᠯᠢ ᠶᠢᠨ ᠭᠠᠶᠢᠬᠠᠮᠰᠢᠭ ᠢ ᠰᠣᠨᠢᠷᠬᠠᠨ᠎ᠠ᠂ ᠳᠠᠷᠠᠭ᠎ᠠ ᠪᠠᠷ ᠨᠢ ᠡᠵᠡᠨ᠎ᠡ ᠬᠤᠰᠢᠭᠤ ᠵᠦᠭ | ᠮᠤᠷᠳᠠᠨ᠎ᠠ; ᠳᠥᠷᠪᠡᠳᠦᠭᠡᠷ ᠡᠳᠦᠷ᠂ ᠠᠯᠠᠱᠠ ᠠᠶᠢᠮᠠᠭ ᠤᠨ ᠲᠣᠣᠷᠠᠢ ᠶᠢᠨ ᠣᠶ ᠶᠢᠨ ᠵᠢᠭᠤᠯᠴᠢᠯᠠᠯ ᠤᠨ ᠣᠷᠣᠨ ᠳᠤ | ᠬᠦᠷᠴᠦ᠂ ᠦᠵᠡᠰᠬᠦᠯᠡᠩᠲᠦ ᠲᠣᠣᠷᠠᠢ ᠶᠢᠨ ᠭᠤᠶᠤ ᠰᠠᠶᠢᠬᠠᠨ ᠢ ᠰᠤᠨᠢᠷᠬᠠᠠᠬᠤ ᠶᠢᠨ ᠬᠠᠮᠲᠤ ᠴᠠᠭᠠᠨ ᠭᠤᠶᠣᠣ ᠶᠢᠨ | ᠤᠮᠳᠠᠭᠠᠨ ᠤᠤᠭᠤᠵᠤ ᠰᠢᠮ᠎ᠡ ᠲᠡᠵᠢᠭᠡᠯ ᠨᠥᠬᠦᠨ᠂ ᠲᠡᠮᠡᠭᠡᠨ ᠮᠢᠬᠠᠨ ᠱᠠᠯᠪᠢᠩ᠂ ᠤᠯᠠᠭᠠᠨ ᠭᠤᠶᠣᠣ ᠶᠢᠨ | ᠪᠤᠭᠤᠷᠰᠤᠭ᠂ ᠬᠠᠮᠢ ᠭᠤᠸ᠎ᠠ ᠵᠡᠷᠭᠡ ᠶᠢ ᠠᠮᠲᠠᠯᠠᠵᠤ ᠪᠠᠷᠠᠪᠠᠯ ᠪᠤᠴᠠᠬᠤ ᠵᠠᠮ ᠢᠶᠠᠨ ᠡᠯᠭᠦᠬᠦ ᠪᠣᠯᠣᠨ᠎ᠠ᠃ | ᠮᠠᠨ ᠤ ᠣᠷᠣᠨ ᠤ ᠰᠣᠳᠣᠨ ᠵᠢᠭᠤᠯᠴᠢᠯᠠᠯ ᠤᠨ ᠵᠠᠮ ᠱᠤᠭᠤᠮ ᠭᠡᠪᠡᠯ᠄ | ᠨᠢᠭᠡ᠂ ︽ᠨᠢᠭᠡ ᠬᠤᠲᠠ ᠠᠴᠠ ᠤᠮᠠᠷᠠᠲᠤ ᠬᠢᠯᠢ ᠶᠢ ᠰᠣᠨᠢᠷᠬᠠᠬᠤ · ᠦᠵᠡᠮᠵᠢᠲᠦ ᠰᠠᠶᠢᠬᠠᠨ | ᠭᠦᠭᠡᠬᠤᠳᠠ︾ ᠳᠦᠷᠪᠡᠨ ᠡᠳᠦᠷ ᠤᠨ ᠵᠢᠭᠤᠯᠴᠢᠯᠠᠯ ᠊᠊᠊ ᠭᠦᠭᠡᠬᠤᠲᠠ ᠠᠴᠠ ᠮᠣᠷᠳᠠᠵᠤ᠂ ᠵᠠᠮ ᠳᠠᠭᠠᠤ ᠲᠠᠯ᠎ᠠ | ᠨᠤᠲᠤᠭ ᠤᠨ ᠦᠵᠡᠮᠵᠢ ᠰᠣᠨᠢᠷᠬᠠᠨ᠂ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠵᠢᠵᠢᠭ ᠪᠠᠯᠭᠠᠰᠤ᠂ ᠳ᠋ᠠ | ᠵᠤᠤ ᠲᠡᠦᠬᠡ ᠰᠣᠶᠣᠯ ᠤᠨ ᠵᠤᠭᠠᠴᠠᠯ ᠤᠨ ᠣᠷᠣᠨ᠂ ᠵᠤᠤ ᠵᠢᠶᠦ᠋ᠨ ᠤ ᠮᠦᠽᠧᠢ᠂ ᠠᠳᠤᠭᠤᠨ ᠰᠣᠶᠣᠯ ᠤᠨ ᠠᠮᠢ | ᠠᠬᠤᠢ ᠶᠢᠨ ᠵᠤᠭᠠᠴᠠᠯ ᠤᠨ ᠣᠷᠣᠨ᠂ ᠮᠧᠩ ᠼᠤᠤ ᠡᠪᠡᠰᠦᠨ ᠤ ᠬᠦᠷᠢᠶᠡᠯᠡᠩ᠂ ᠯᠣᠣ ᠨᠢᠦ ᠫᠥᠸᠧ ᠶᠢᠨ | ᠬᠤᠪᠢᠰᠬᠠᠯ ᠤᠨ ᠰᠣᠶᠣᠯ ᠤᠨ ᠵᠤᠭᠠᠴᠠᠯ ᠤᠨ ᠣᠷᠣᠨ ᠳᠤ ᠬᠦᠷᠴᠦ᠂ ᠡᠴᠦᠰ ᠤᠨ ᠴᠡᠭ ᠨᠢ ᠯᠣᠣ ᠨᠢᠦ ᠸᠠᠨ ᠤ | ᠬᠠᠳᠤᠨ ᠭᠤᠣᠯ ᠤᠨ ᠶᠡᠭᠡ ᠬᠠᠪᠴᠢᠯ ᠤᠨ ᠵᠤᠭᠠᠴᠠᠯ ᠤᠨ ᠣᠷᠣᠨ ᠪᠣᠯᠣᠨ᠎ᠠ᠃ | ᠬᠤᠶᠠᠷ᠂ ︽ᠬᠠᠮᠤᠭ ᠭᠤᠶᠤ ᠲᠠᠯ᠎ᠠ ᠨᠤᠲᠤᠭ · ᠬᠥᠯᠥᠨ ᠪᠤᠶᠢᠷ︾ ᠤᠨ ᠲᠠᠪᠤᠨ ᠡᠳᠦᠷ ᠤᠨ | ᠵᠢᠭᠤᠯᠴᠢᠯᠠᠯ ᠊᠊᠊᠊ ᠬᠠᠶᠢᠯᠠᠷ ᠠᠴᠠ ᠮᠣᠷᠳᠠᠵᠤ᠂ ᠬᠥᠯᠥᠨ ᠪᠤᠶᠢᠷ ᠤᠨ ᠲᠠᠯ᠎ᠠ ᠨᠤᠲᠤᠭ · ᠮᠡᠷᠭᠡᠯ ᠭᠤᠣᠯ ᠤᠨ | ᠦᠵᠡᠮᠵᠢ ᠶᠢᠨ ᠣᠷᠣᠨ᠂ ᠤᠯᠠᠭᠠᠨ ᠠᠭᠤᠯᠠ᠂ ᠡᠷᠭᠦᠨ᠎ᠡ ᠨᠤᠭᠤ ᠭᠠᠵᠠᠷ᠂ ᠴᠠᠭᠠᠨ ᠬᠤᠰᠤ ᠶᠢᠨ ᠣᠶ᠂ ᠳᠠᠭᠢᠨ | ᠬᠥᠬᠡᠨᠠᠭᠤᠷ ᠵᠢᠭᠤᠯᠴᠢᠯᠠᠯ ᠤᠨ ᠣᠷᠣᠨ ᠢᠶᠠᠷ ᠲᠣᠭᠤᠷᠢᠨ ᠡᠴᠦᠰ ᠤᠨ ᠴᠡᠭ ᠨᠢ ᠬᠥᠯᠥᠨ ᠪᠤᠶᠢᠷ ᠤᠨ ᠡᠷᠲᠡᠨ ᠤ | ᠬᠤᠲᠠ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠪᠣᠯᠣᠨ᠎ᠠ᠃ | ᠭᠤᠷᠪᠠ᠂ ︽ᠬᠢᠯᠢ ᠶᠢᠨ ᠦᠵᠡᠮᠵᠢ · ᠬᠢᠩᠭᠠᠨ ᠳᠠᠪᠠᠭ᠎ᠠ ᠶᠢ ᠲᠣᠭᠤᠷᠢᠭᠰᠠᠨ ᠥᠪᠡᠷ ᠢᠶᠠᠨ ᠮᠠᠰᠢᠨ | ᠲᠡᠷᠭᠡ ᠪᠠᠷ ᠠᠶᠠᠯᠠᠬᠤ︾ ᠳᠥᠷᠪᠡᠨ ᠡᠳᠦᠷ ᠤᠨ ᠵᠢᠭᠤᠯᠴᠢᠯᠠᠯ ᠊᠊᠊᠊᠊᠊ ᠤᠯᠠᠭᠠᠨᠬᠤᠲᠠ ᠠᠴᠠ ᠮᠣᠷᠳᠠᠵᠤ᠂ ᠬᠠᠩᠭᠠᠯ | ᠨᠠᠭᠤᠷ ᠤᠨ ᠰᠡᠯᠡᠭᠦᠴᠡᠯ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠬᠤᠩᠬᠤᠷᠵᠢ ᠶᠢᠨ ᠵᠢᠭᠠᠷᠲᠤ ᠨᠠᠷᠠᠰᠤᠨ | ᠣᠶ ᠶᠢᠨ ᠤᠯᠤᠰ ᠤᠨ ᠣᠶ ᠰᠢᠭᠤᠢ ᠶᠢᠨ ᠵᠢᠭᠤᠯᠴᠢᠯᠠᠯ ᠤᠨ ᠣᠷᠣᠨ᠂ ᠨᠣᠭᠤᠭᠠᠨ ᠨᠠᠭᠤᠷ ᠤᠨ ᠵᠢᠭᠤᠯᠴᠢᠯᠠᠯ | ᠠᠮᠠᠷᠠᠯᠲᠠ ᠶᠢᠨ ᠣᠷᠣᠨ᠂ ᠵᠠᠯᠠᠶᠢᠨᠠᠭᠤᠷ ᠵᠢᠭᠤᠯᠴᠢᠯᠠᠯ ᠤᠨ ᠣᠷᠣᠨ᠂ ᠡᠴᠦᠰ ᠤᠨ ᠴᠡᠭ ᠨᠢ ᠮᠠᠨᠵᠤᠤᠷ ᠬᠤᠲᠠ ᠶᠢᠨ | ᠳᠤᠮᠳᠠᠳᠤ ᠣᠷᠣᠰ ᠤᠨ ᠬᠢᠯᠢ ᠶᠢᠨ ᠵᠢᠭᠤᠯᠴᠢᠯᠠᠯ ᠤᠨ ᠣᠷᠣᠨ ᠪᠣᠯᠣᠨ᠎ᠠ᠃ | ᠳᠥᠷᠪᠡ᠂ ︽ᠣᠶ ᠰᠢᠭᠤᠢ ᠶᠢᠨ ᠬᠠᠯᠠᠭᠤᠨ ᠷᠠᠰᠢᠶᠠᠨ · ᠷᠠᠰᠢᠶᠠᠨ ᠤ ᠠᠮᠠᠷᠠᠯᠲᠠ︾ ᠭᠤᠷᠪᠠᠨ | ᠡᠳᠦᠷ ᠤᠨ ᠵᠢᠭᠤᠯᠴᠢᠯᠠᠯ ᠊᠊᠊᠊ ᠷᠠᠰᠢᠶᠠᠨ ᠠᠴᠠ ᠮᠣᠷᠳᠠᠵᠤ᠂ ᠯᠸ ᠵᠢᠶᠣᠣ ᠸᠠᠨ ᠤ ᠬᠠᠯᠠᠭᠤᠨ ᠷᠠᠰᠢᠶᠠᠨ ᠤ | ᠠᠮᠠᠷᠠᠯᠲᠠ ᠶᠢᠨ ᠪᠠᠭᠤᠴᠠ᠂ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠮᠦᠽᠧᠢ᠂ ᠳᠤᠮᠳᠠᠳᠤ | ᠤᠯᠤᠰ ᠤᠨ ᠬᠠᠯᠠᠭᠤᠨ ᠷᠠᠰᠢᠶᠠᠨ ᠤ ᠮᠦᠽᠧᠢ᠂ ᠬᠦᠴᠢᠯᠲᠥ᠋ᠷᠥᠭᠴᠢᠲᠦ ᠤᠢ ᠰᠢᠭᠤᠢ ᠶᠢᠨ ᠤᠬᠢᠶᠠᠯᠭ᠎ᠠ ᠶᠢᠨ ᠵᠠᠮ᠂ | ᠱᠧᠩ ᠴᠢᠤᠸᠠᠨ ᠠᠭᠤᠳᠠᠮ ᠲᠠᠯᠠᠪᠠᠢ᠂ ᠴᠢᠩ ᠹᠠᠩ ᠠᠷᠢᠬᠢᠨ ᠮᠤᠬᠤᠯᠠᠭ᠂ ᠷᠠᠰᠢᠶᠠᠨ ᠤ ᠤᠯᠤᠰ ᠤᠨ ᠤᠢ | ᠰᠢᠭᠤᠢ ᠶᠢᠨ ᠴᠡᠴᠡᠷᠯᠢᠭ ᠲᠤ ᠬᠦᠷᠴᠦ᠂ ᠡᠴᠦᠰ ᠤᠨ ᠴᠡᠭ ᠨᠢ ᠪᠠᠢ ᠯᠠᠩ ᠹᠧᠩ ᠦᠵᠡᠮᠵᠢ ᠶᠢᠨ ᠣᠷᠣᠨ ᠪᠣᠯᠣᠨ᠎ᠠ᠃ | | ᠲᠠᠪᠤ᠂ ︽ᠭᠠᠶᠢᠬᠠᠮᠰᠢᠭᠲᠤ ᠣᠷᠣᠨ ᠢᠶᠠᠷ ᠨᠢᠭᠤᠴᠠ ᠬᠠᠶᠢᠬᠤ᠂ ᠬᠤᠷᠴᠢᠨ ᠤ ᠲᠠᠯ᠎ᠠ ᠨᠤᠲᠤᠭ︾ ᠤᠨ | ᠭᠤᠷᠪᠠᠨ ᠡᠳᠦᠷ ᠤᠨ ᠵᠢᠭᠤᠯᠴᠢᠯᠠᠯ ᠊᠊᠊᠊ ᠲᠦᠩᠯᠢᠶᠣᠣ ᠠᠴᠠ ᠮᠣᠷᠳᠠᠵᠤ᠂ ᠬᠤᠷᠴᠢᠨ ᠵᠡᠭᠦᠨ ᠭᠠᠷᠤᠨ ᠳᠤᠮᠳᠠᠳᠤ | ᠬᠤᠰᠢᠭᠤᠨ ᠳᠤ ᠬᠦᠷᠴᠦ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠵᠢᠷᠦᠬᠡ ᠭᠤᠣᠯ ᠤᠨ ᠲᠠᠯ᠎ᠠ | ᠨᠤᠲᠤᠭ ᠤᠨ ᠵᠢᠭᠤᠯᠴᠢᠯᠠᠯ ᠤᠨ ᠣᠷᠣᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳ᠋ᠠ ᠴᠢᠩ ᠭᠧᠦ ᠶᠢᠨ | ᠵᠢᠭᠤᠯᠴᠢᠯᠠᠯ ᠤᠨ ᠣᠷᠣᠨ ᠢᠶᠠᠷ ᠳᠠᠭᠠᠷᠢᠠ ᠬᠦᠷᠢᠶ᠎ᠡ ᠬᠤᠰᠢᠭᠤᠨ ᠤ ᠶᠢᠨ ᠱᠠ ᠸᠠᠨ ᠵᠢᠭᠤᠯᠴᠢᠯᠠᠯ ᠤᠨ ᠣᠷᠣᠨ ᠳᠤ | ᠭᠦᠷᠦᠨ᠎ᠠ᠃ | ᠵᠢᠷᠭᠤᠭ᠎ᠠ᠂ ︽ᠢᠦᠢ ᠯᠦᠩ ᠤᠨ ᠬᠠᠭᠤᠴᠢᠨ ᠨᠤᠲᠤᠭ · ᠬᠤᠩᠱᠠᠨ ᠤ ᠢᠮ ᠲᠠᠮᠠᠭ᠎ᠠ︾ ᠶᠢᠨ | ᠭᠤᠷᠪᠠᠨ ᠡᠳᠦᠷ ᠤᠨ ᠵᠢᠭᠤᠯᠴᠢᠯᠠᠯ ᠊᠊᠊ ᠤᠯᠠᠭᠠᠨᠬᠠᠳᠠ ᠠᠴᠠ ᠮᠣᠷᠳᠠᠵᠤ᠂ ᠤᠯᠠᠭᠠᠨᠬᠠᠳᠠ ᠶᠢᠨ ᠮᠦᠽᠧᠢ᠂ ᠢᠦᠢ | ᠯᠦᠩ ᠱᠠ ᠬᠤ᠋ ᠨᠠᠭᠤᠷ ᠤᠨ ᠤᠯᠠᠨ ᠤᠯᠤᠰ ᠤᠨ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠣᠷᠣᠨ᠂ | ᠬᠡᠰᠢᠭᠲᠡᠨ ᠬᠤᠰᠢᠭᠤᠨ ᠤ ᠬᠠᠯᠠᠭᠤᠨ ᠤᠰᠤᠨ ᠤ ᠷᠠᠰᠢᠶᠠᠨ ᠤ ᠵᠢᠵᠢᠭ ᠪᠠᠯᠭᠠᠰᠤᠨ ᠳᠤ ᠬᠦᠷᠴᠦ᠂ ᠡᠴᠦᠰ ᠤᠨ ᠴᠡᠭ | ᠨᠢ ᠠᠰᠬᠠᠲᠤ ᠶᠢᠨ ᠴᠢᠯᠠᠭᠤᠨ ᠤᠢ ᠪᠣᠯᠣᠨ᠎ᠠ᠃ | ᠲᠤᠯᠤᠭ᠎ᠠ᠂ ︽ᠲᠠᠯ᠎ᠠ ᠨᠤᠲᠤᠭ ᠤᠨ ᠬᠦᠰᠡᠯ · ᠰᠢᠯᠢ ᠶᠢᠨ ᠭᠤᠣᠯ ᠤᠨ ᠵᠤᠭᠠᠴᠠᠯ︾ ᠭᠤᠷᠪᠠᠨ | ᠡᠳᠦᠷ ᠤᠨ ᠵᠤᠭᠠᠴᠠᠯ ᠊᠊᠊᠊ ᠰᠢᠯᠢᠩᠬᠤᠲᠠ ᠠᠴᠠ ᠮᠣᠷᠳᠠᠵᠤ᠂ ᠪᠡᠶᠢᠰᠡ ᠶᠢᠨ ᠰᠦᠮ᠎ᠡ ᠶᠢᠨ ᠵᠤᠭᠠᠴᠠᠯ ᠤᠨ | ᠦᠵᠡᠮᠵᠢ ᠶᠢᠨ ᠣᠷᠣᠨ᠂ ᠤᠯᠠᠭᠠᠨ ᠤᠳᠠᠢ ᠵᠤᠭᠠᠴᠠᠯ ᠤᠨ ᠣᠷᠣᠨ᠂ ᠶᠧ ᠯᠠᠩ ᠭᠧᠦ ᠳᠤ ᠬᠦᠷᠴᠦ᠂ ᠡᠴᠦᠰ ᠤᠨ | ᠴᠡᠭ ᠨᠢ ᠵᠢᠦ ᠴᠢᠦᠢ ᠸᠠᠨ ᠦᠵᠡᠮᠵᠢ ᠶᠢᠨ ᠣᠷᠣᠨ ᠪᠣᠯᠣᠨ᠎ᠠ᠃ | ᠨᠠᠢᠮᠠ᠂ ︽ᠪᠡᠭᠡᠵᠢᠩ ᠤᠨ ᠲᠠᠯ᠎ᠠ ᠨᠤᠲᠤᠭ ᠤᠨ ᠰᠡᠷᠢᠭᠦᠨ ᠵᠤᠰᠠᠯᠠᠩ ᠤᠨ ᠠᠶᠠᠯᠠᠯ︾ ᠳᠥᠷᠪᠡᠨ | ᠡᠳᠦᠷ ᠤᠨ ᠵᠢᠭᠤᠯᠴᠢᠯᠠᠯ ᠊᠊᠊᠊ ᠪᠡᠭᠡᠵᠢᠩ ᠤᠨ ᠠᠴᠠ ᠮᠣᠷᠳᠠᠵᠤ᠂ ᠤᠯᠠᠭᠠᠨᠬᠠᠳᠠ ᠭᠠᠯᠲᠤ ᠠᠭᠤᠯᠠ᠂ ᠡᠷᠢᠶᠡᠨ | ᠬᠤᠳᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠬᠦᠢᠲᠡᠨ ᠰᠢᠯᠢ ᠶᠢᠨ ᠲᠠᠯ᠎ᠠ ᠨᠤᠲᠤᠭ᠂ ᠯᠢᠨ ᠬᠤ᠋ | ᠬᠠᠭᠤᠴᠢᠨ ᠪᠣᠭᠤᠮᠲᠠ᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ᠂ ᠤᠯᠠᠭᠠᠨᠴᠠᠪ ᠤᠨ ᠰᠥᠨᠢ᠂ | ᠲᠡᠭᠦᠰᠬᠡᠯ ᠤᠨ ᠴᠡᠭ ᠨᠢ ᠰᠤᠮᠤ ᠠᠭᠤᠯᠠ ᠶᠢᠨ ᠵᠤᠭᠠᠴᠠᠯ ᠤᠨ ᠣᠷᠣᠨ ᠪᠣᠯᠣᠨ᠎ᠠ᠃ | ᠶᠢᠰᠦ᠂ ︽ᠪᠠᠷᠠᠭᠤᠨ ᠣᠷᠣᠨ ᠤ ᠠᠶᠠᠯᠠᠯ · ᠬᠠᠲᠤᠨ ᠭᠤᠣᠯ ᠳᠠᠭᠠᠤ ᠥᠪᠡᠷ ᠤᠨ ᠮᠠᠰᠢᠨ ᠲᠡᠷᠭᠡ ᠪᠠᠷ | ᠵᠤᠭᠠᠴᠠᠬᠤ︾ ᠲᠠᠪᠤᠨ ᠡᠳᠦᠷ ᠤᠨ ᠵᠢᠭᠤᠯᠴᠢᠯᠠᠯ ᠊᠊᠊᠊ ᠣᠷᠳᠣᠰ ᠠᠴᠠ ᠮᠣᠷᠳᠠᠵᠤ᠂ ᠣᠷᠳᠣᠰ ᠤᠨ ᠬᠡᠭᠡᠷ᠎ᠡ ᠶᠢᠨ | ᠠᠮᠢᠲᠠᠨ ᠤ ᠬᠦᠷᠢᠶᠡᠯᠡᠩ᠂ ᠸᠠᠨ ᠵᠢᠶᠠ ᠬᠤᠶ ᠵᠢᠭᠤᠯᠴᠢᠯᠠᠯ ᠤᠨ ᠣᠷᠣᠨ᠂ ᠳᠠᠭᠤᠲᠤ ᠮᠠᠩᠬ᠎ᠠ ᠵᠢᠭᠤᠯᠴᠢᠯᠠᠯ ᠤᠨ | ᠣᠷᠣᠨ ᠭᠦᠷᠦᠨ᠎ᠡ᠃ ᠪᠤᠭᠤᠲᠤ᠂ ᠴᠦᠨ ᠺᠦᠨ ᠱᠠᠨ ᠠᠭᠤᠯᠠᠨ ᠤ ᠦᠵᠡᠮᠵᠢ ᠶᠢᠨ ᠣᠷᠣᠨ᠂ ᠪᠤᠭᠤᠲᠤ ᠶᠢᠨ ᠠᠯᠲᠠᠨ | ᠤ ᠵᠡᠭᠡᠯᠢ᠂ ᠬᠠᠲᠤᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠪᠠᠶᠠᠨᠨᠠᠭᠤᠷ ᠶᠢᠨ ᠤᠯᠠᠭᠠᠨᠰᠤᠬᠠᠢ᠂ | ᠬᠠᠳᠤᠨ ᠭᠤᠣᠯ ᠤᠨ ᠲᠣᠬᠤᠢ ᠶᠢᠨ ᠶᠠᠪᠠᠭᠠᠨ ᠵᠡᠭᠡᠯᠢ᠂ ᠰᠠᠨ ᠱᠧᠩ ᠭᠦᠩ ᠤᠯᠤᠰ ᠤᠨ ᠤᠰᠤᠨ ᠠᠰᠢᠭᠯᠠᠯᠲᠠ ᠶᠢᠨ | ᠦᠵᠡᠮᠵᠢ ᠶᠢᠨ ᠣᠷᠣᠨ ᠳᠤ ᠬᠦᠷᠴᠦ᠂ ᠡᠴᠦᠰ ᠤᠨ ᠴᠡᠭ ᠨᠢ ᠦᠬᠠᠢ ᠨᠠᠭᠤᠷ ᠤᠨ ᠠᠮᠠᠷᠠᠯᠲᠠ ᠶᠢᠨ ᠣᠷᠣᠨ ᠪᠣᠯᠣᠨ᠎ᠠ | ᠃ |