ᠠᠯᠠᠱᠠ ᠠᠭᠤᠯᠠᠨ ᠤ ᠬᠠᠮᠢᠶᠠᠷᠤᠯᠲᠠ ᠶᠢᠨ ᠲᠣᠪᠴᠢᠶᠠᠨ ᠤ ᠬᠡᠷᠡᠭ ᠢᠶᠠᠷ ᠬᠠᠤᠯᠢ ᠶᠢ ᠰᠤᠯᠠᠯᠠᠭᠰᠠᠨ ᠵᠢᠱᠢᠶ᠎ᠡ ︵ᠨᠢᠭᠡ︶
ᠨᠡᠶᠢᠲᠡᠯᠡᠭᠰᠡᠨ ᠴᠠᠭ᠄
2024/9/30
     ᠮᠠᠲ᠋ᠧᠷᠢᠶᠠᠯ ᠤᠨ ᠳ᠋ᠤᠭᠠᠷ᠄ 12 15292146127814Q / 2024-01392ᠨᠡᠶᠢᠲᠡᠯᠡᠭᠰᠡᠨ ᠪᠠᠶᠢᠭᠤᠯᠤᠮᠵᠢ᠄ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠪᠡ      ᠠᠩᠭᠢᠯᠠᠯ᠄ ᠲᠥᠷᠥ ᠶᠢᠨ ᠪᠣᠳᠣᠯᠭ᠎ᠠ ᠬᠠᠤᠯᠢ ᠳᠦᠷᠢᠮ         ᠨᠢᠭᠡ᠂ ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ       2024 ᠣᠨ ᠤ 5 ᠳ᠋ᠤᠭᠠᠷ ᠰᠠᠷ᠎ᠠ ᠶᠢᠨ 31 ᠤ ᠡᠳᠦᠷ᠂ ᠠᠯᠠᠱᠠ ᠠᠭᠤᠯᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠠᠭᠤᠨ ᠬᠡᠶᠢᠳ ᠬᠠᠮᠢᠶᠠᠷᠤᠯᠲᠠ ᠶᠢᠨ ᠥᠷᠲᠡᠭᠡ ᠶᠢᠨ ᠬᠠᠤᠯᠢ ᠬᠡᠷᠡᠭᠵᠢᠭᠦᠯᠦᠭᠴᠢᠳ ᠲᠣᠭᠤᠷᠢᠨ ᠬᠠᠮᠠᠭᠠᠯᠠᠬᠤ ᠶᠠᠪᠤᠴᠠ ᠳᠤ᠂ ᠬᠤᠨᠢᠨ ᠰᠦᠷᠦᠭ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠤᠷᠤᠰᠬᠠᠯ ᠤᠰᠤ ᠶᠢ ᠬᠠᠮᠢᠶᠠᠷᠤᠨ ᠬᠠᠮᠠᠭᠠᠯᠠᠬᠤ ᠥᠷᠲᠡᠭᠡ ᠶᠢᠨ ᠵᠠᠭᠤ ᡂᠢ ᠭᠧᠦ ᠶᠢᠨ ᠳᠣᠲᠣᠷᠠᠬᠢ ᠠᠵᠢᠯᠯᠠᠭ᠎ᠠ ᠶᠢ ᠣᠯᠵᠤ ᠮᠡᠳᠡᠪᠡ᠂ ᠲᠤᠬᠠᠢ ᠶᠢᠨ ᠲᠠᠯᠠᠪᠠᠢ ᠳᠤ ᠰᠡᠭᠦᠳᠡᠷ ᠲᠠᠲᠠᠵᠤ ᠭᠡᠷᠡᠴᠢ ᠶᠢ ᠠᠪᠴᠤ᠂ ᠬᠠᠮᠢᠶ᠎ᠠ ᠪᠦᠬᠦᠢ ᠠᠳᠤᠭᠤ ᠶᠢ ᠬᠤᠷᠢᠵᠤ ᠪᠠᠶᠢᠨ᠎ᠠ᠃ ᠪᠠᠶᠢᠴᠠᠭᠠᠨ ᠲᠣᠳᠣᠯᠠᠬᠤ ᠪᠠᠷ ᠳᠠᠮᠵᠢᠨ᠂ ᠬᠠᠤᠯᠢ ᠪᠤᠰᠤ ᠪᠠᠷ ᠬᠠᠮᠠᠭᠠᠯᠠᠯᠲᠠ ᠶᠢᠨ ᠣᠷᠣᠨ ᠳᠤ ᠣᠷᠣᠵᠤ ᠮᠠᠯ ᠮᠠᠯᠵᠢᠭᠰᠠᠨ 94 ᠬᠤᠨᠢᠨ ᠤ ᠬᠠᠷᠢᠶᠠᠲᠤ ᠰᠢᠦᠢ ᠣᠪᠣᠭᠲᠤ ᠶᠢᠨ ᠥᠮᠴᠢ ᠪᠣᠯᠵᠤ᠂ ᠲᠤᠬᠠᠢ ᠶᠢᠨ ᠬᠥᠮᠥᠨ ᠨᠢ ᠬᠠᠤᠯᠢ ᠠᠴᠠ ᠵᠥᠷᠢᠴᠡᠭᠰᠡᠨ ᠪᠣᠳᠠᠲᠤ ᠶᠠᠪᠤᠳᠠᠯ ᠳᠤ ᠮᠠᠷᠭᠤᠭᠠᠨ ᠦᠭᠡᠢ ᠪᠠᠶᠢᠪᠠ᠃ ᠠᠯᠠᠱᠠ ᠠᠭᠤᠯᠠᠨ ᠤ ᠬᠠᠮᠢᠶᠠᠷᠤᠯᠲᠠ ᠶᠢᠨ ᠲᠣᠪᠴᠢᠶ᠎ᠠ 5 ᠳ᠋ᠤᠭᠠᠷ ᠰᠠᠷ᠎ᠠ ᠶᠢᠨ 31 ᠤ ᠡᠳᠦᠷ ᠲᠤᠰ ᠬᠡᠷᠡᠭ ᠢ ᠬᠡᠷᠡᠭ ᠪᠣᠯᠭᠠᠨ ᠳᠠᠩᠰᠠᠯᠠᠵᠤ ᠪᠠᠶᠢᠴᠠᠭᠠᠪᠠ᠃       ᠬᠤᠶᠠᠷ᠂ ᠬᠡᠷᠡᠭ ᠢ ᠵᠠᠳᠠᠯᠬᠤ ᠵᠢᠴᠢ ᠳ᠋ᠦᠩᠨᠡᠯᠲᠡ       ᠪᠠᠶᠢᠴᠠᠭᠠᠬᠤ ᠪᠠᠷ ᠳᠠᠮᠵᠢᠨ᠂ ᠰᠢᠦᠢ ᠣᠪᠣᠭᠲᠤ ᠶᠢᠨ ᠦᠢᠯᠡ ᠠᠵᠢᠯᠯᠠᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ᠤᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ᠤᠨ ᠭᠤᠴᠢᠨ ᠲᠠᠪᠤᠳᠤᠭᠠᠷ ᠵᠦᠢᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠪᠠᠷᠢᠮᠵᠢᠶ᠎ᠠ︾ ᠶᠢᠨ ᠲᠣᠭᠲᠠᠭᠠᠯ ᠲᠠᠢ ᠤᠶᠠᠯᠳᠤᠭᠤᠯᠵᠤ ᠂ ᠵᠠᠰᠠᠭ ᠵᠠᠬᠢᠷᠭᠠᠨ ᠤ ᠰᠢᠢᠳᠬᠡᠯ ᠣᠯᠭᠤᠬᠤ᠄ ᠬᠠᠤᠯᠢ ᠠᠴᠠ ᠵᠥᠷᠢᠴᠡᠨ ᠮᠠᠯ ᠮᠠᠯᠯᠠᠬᠤ ᠦᠢᠯᠡ ᠠᠵᠢᠯᠯᠠᠭ᠎ᠠ ᠶᠢ ᠳᠠᠷᠤᠶᠢᠬᠠᠨ ᠵᠣᠭᠰᠤᠭᠠᠬᠤ ᠶᠢᠨ ᠬᠠᠮᠲᠤ ᠮᠠᠯᠴᠢᠨ ᠰᠢᠦᠢ ᠣᠪᠣᠭᠲᠤ ᠳᠤ ᠠᠷᠠᠳ ᠤᠨ ᠵᠣᠭᠤᠰ ᠢᠶᠠᠷ ᠬᠤᠶᠠᠷ ᠮᠢᠩᠭᠠᠨ ᠲᠦᠮᠡᠨ ᠲᠥᠭᠦᠷᠢᠭ ᠶᠢᠰᠦ ᠵᠠᠭᠤᠨ ᠲᠥᠭᠦᠷᠢᠭ ︵2900 ᠲᠥᠭᠦᠷᠢᠭ︶ ᠪᠠᠷ ᠲᠣᠷᠭᠠᠨ᠎ᠠ᠃       ᠭᠤᠷᠪᠠ᠂ ᠬᠠᠤᠯᠢ ᠴᠠᠭᠠᠵᠠ ᠶᠢ ᠡᠰᠢᠯᠡᠨ ᠬᠡᠷᠡᠭᠯᠡᠬᠦ       ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ᠤᠨ ᠬᠤᠷᠢᠨ ᠵᠢᠷᠭᠤᠳᠤᠭᠠᠷ ᠵᠦᠢᠯ᠄ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠭᠲᠣᠯᠬᠤ᠂ ᠮᠠᠯᠵᠢᠭᠤᠯᠬᠤ᠂ ᠠᠩᠨᠠᠬᠤ᠂ ᠠᠩᠨᠠᠵᠤ ᠱᠦᠭᠦᠬᠦ᠂ ᠡᠮ ᠲᠡᠭᠦᠬᠦ᠂ ᠠᠲᠠᠷ ᠬᠠᠭᠠᠯᠪᠤᠷᠢᠯᠠᠬᠤ᠂ ᠠᠲᠠᠷ ᠰᠢᠲᠠᠭᠠᠬᠤ᠂ ᠴᠢᠯᠠᠭᠤ ᠭᠠᠷᠭᠠᠬᠤ᠂ ᠡᠯᠡᠰᠦ ᠣᠯᠪᠤᠷᠢᠯᠠᠬᠤ ᠵᠡᠷᠭᠡ ᠠᠵᠢᠯᠯᠠᠭ᠎ᠠ ᠬᠢᠬᠦ ᠶᠢ ᠬᠤᠷᠢᠭᠯᠠᠨ᠎ᠠ︔ ᠭᠡᠪᠡᠴᠦ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃       ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ᠤᠨ ᠭᠤᠴᠢᠨ ᠲᠠᠪᠤᠳᠤᠭᠠᠷ ᠵᠦᠢᠯ᠄ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠮᠣᠳᠣ ᠣᠭᠲᠣᠯᠬᠤ᠂ ᠪᠡᠯᠴᠢᠭᠡᠷᠯᠡᠭᠦᠯᠬᠦ᠂ ᠠᠩ ᠠᠩᠨᠠᠬᠤ᠂ ᠠᠩᠨᠠᠵᠤ ᠱᠦᠭᠦᠬᠦ᠂ ᠡᠮ ᠲᠡᠭᠦᠬᠦ᠂ ᠠᠲᠠᠷ ᠬᠠᠭᠠᠯᠪᠤᠷᠢᠯᠠᠬᠤ᠂ ᠠᠲᠠᠷ ᠬᠠᠭᠠᠯᠪᠤᠷᠢᠯᠠᠬᠤ᠂ ᠴᠢᠯᠠᠭᠤ ᠭᠠᠷᠭᠠᠬᠤ᠂ ᠡᠯᠡᠰᠦ ᠣᠯᠪᠤᠷᠢᠯᠠᠬᠤ ᠵᠡᠷᠭᠡ ᠠᠵᠢᠯᠯᠠᠭ᠎ᠠ ᠬᠢᠭᠰᠡᠨ ᠨᠢᠭᠡᠴᠢ ᠪᠠ ᠬᠤᠪᠢ ᠬᠥᠮᠥᠨ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠬᠡᠯ ᠥᠭᠴᠦ ᠪᠤᠯᠬᠤ ᠶᠢ ᠭᠠᠷᠭᠠᠪᠠᠯ᠂ ᠰᠤᠮᠤ ᠪᠠᠯᠭᠠᠰᠤᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠪᠠᠶᠢᠳᠠᠯ ᠢ ᠨᠢ ᠰᠡᠷᠭᠦᠭᠡᠯᠭᠡᠭᠦ ᠪᠤᠶᠤ ᠪᠤᠰᠤᠳ ᠠᠪᠤᠷᠠᠬᠤ ᠠᠷᠭ᠎ᠠ ᠬᠡᠮᠵᠢᠶ᠎ᠡ ᠠᠪᠴᠤ ᠬᠡᠷᠡᠭᠵᠢᠭᠦᠯᠦᠨ᠎ᠡ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠪᠳᠡᠭᠰᠡᠨ ᠪᠣᠯ 300 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠵᠤ ᠪᠣᠯᠣᠨ᠎ᠠ᠃       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠪᠠᠷᠢᠮᠵᠢᠶ᠎ᠠ︾ ᠳᠤ ᠲᠣᠭᠲᠠᠭᠠᠭᠰᠠᠨ ᠨᠢ᠄ ᠬᠠᠮᠠᠭᠠᠯᠠᠯᠲᠠ ᠶᠢᠨ ᠣᠷᠣᠨ ᠤ ᠲᠤᠷᠰᠢᠯᠲᠠ ᠶᠢᠨ ᠣᠷᠣᠨ ᠳᠤ ᠬᠠᠤᠯᠢ ᠪᠤᠰᠤ ᠪᠠᠷ ᠠᠩᠨᠠᠵᠤ ᠱᠦᠭᠦᠬᠦ᠂ ᠡᠮ ᠲᠡᠭᠦᠬᠦ᠂ ᠣᠭᠲᠣᠯᠬᠤ᠂ ᠪᠡᠯᠴᠢᠭᠡᠷᠯᠡᠭᠦᠯᠬᠦ᠂ ᠠᠩᠨᠠᠬᠤ᠂᠂ ᠠᠲᠠᠷ ᠬᠠᠭᠠᠯᠪᠤᠷᠢᠯᠠᠬᠤ᠂ ᠠᠭᠤᠷᠬᠠᠢ ᠣᠯᠪᠤᠷᠢᠯᠠᠬᠤ᠂ ᠠᠭᠤᠷᠬᠠᠢ ᠨᠡᠭᠡᠭᠡᠬᠦ᠂ ᠴᠢᠯᠠᠭᠤ ᠭᠠᠷᠭᠠᠬᠤ᠂ ᠡᠯᠡᠰᠦ ᠣᠯᠪᠤᠷᠢᠯᠠᠬᠤ ᠵᠡᠷᠭᠡ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠪᠤᠰᠤ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠪᠤᠰᠤ ᠣᠷᠣᠯᠭ᠎ᠠ ᠶᠢ ᠨᠢ ᠬᠤᠷᠢᠶᠠᠨ ᠠᠪᠴᠤ᠂ ᠬᠤᠭᠤᠴᠠᠭ᠎ᠠ ᠬᠢᠵᠠᠭᠠᠷᠯᠠᠨ ᠤᠤᠯ ᠪᠠᠶᠢᠳᠠᠯ ᠢ ᠨᠢ ᠰᠡᠷᠭᠦᠭᠡᠬᠦ ᠪᠤᠶᠤ ᠪᠤᠰᠤᠳ ᠨᠥᠬᠦᠪᠦᠷᠢ ᠠᠷᠭ᠎ᠠ ᠬᠡᠮᠵᠢᠶ᠎ᠡ ᠠᠪᠤᠨ᠎ᠠ︔ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠵᠦ᠂ 300 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠨ᠎ᠡ᠃       ᠳᠥᠷᠪᠡ᠂ ᠨᠡᠶᠢᠲᠡᠯᠢᠭ ᠠᠴᠢ ᠬᠤᠯᠪᠣᠭᠳᠠᠯ       ᠬᠠᠮᠠᠭᠠᠯᠠᠯᠲᠠ ᠶᠢᠨ ᠣᠷᠣᠨ ᠳᠤ ᠳᠤᠷ᠎ᠠ ᠪᠠᠷ ᠢᠶᠠᠨ ᠬᠠᠤᠯᠢ ᠲᠣᠭᠲᠠᠭᠠᠯ ᠢ ᠵᠥᠷᠢᠴᠡᠨ ᠪᠡᠯᠴᠢᠭᠡᠷᠯᠡᠭᠦᠯᠵᠦ ᠪᠤᠯᠬᠤ ᠶᠤᠮ ᠪᠣᠯ ᠤᠷᠭᠤᠮᠠᠯ ᠤᠨ ᠪᠦᠷᠬᠦᠴᠡ ᠶᠢ ᠬᠦᠨᠳᠦ ᠨᠣᠴᠢᠲᠠᠢ ᠡᠪᠳᠡᠵᠦ᠂ ᠬᠥᠷᠥᠰᠥ ᠰᠢᠷᠣᠢ ᠶᠢᠨ ᠢᠳᠡᠭᠳᠡᠯ ᠪᠣᠯᠣᠨ ᠠᠮᠢ ᠠᠬᠤᠢ ᠶᠢᠨ ᠲᠡᠩᠴᠡᠭᠦᠷᠢ ᠶᠢ ᠠᠯᠳᠠᠭᠤᠯᠬᠤ ᠪᠣᠯᠣᠨ᠎ᠠ᠃ ᠭᠡᠳᠦ ᠮᠠᠯᠵᠢᠭᠰᠠᠨ ᠠᠴᠠ ᠨᠤᠲᠤᠭ ᠪᠡᠯᠴᠢᠭᠡᠷ ᠤᠨ ᠤᠷᠭᠤᠮᠠᠯ ᠤᠨ ᠪᠦᠲᠦᠴᠡ ᠡᠪᠳᠡᠭᠳᠡᠨ ᠰᠦᠢᠳᠴᠦ᠂ ᠬᠦᠨᠳᠦ ᠨᠣᠴᠢᠲᠠᠢ ᠨᠢ ᠪᠠᠰᠠ ᠭᠠᠵᠠᠷ ᠰᠢᠷᠣᠢ ᠡᠯᠡᠰᠦᠷᠬᠡᠭᠵᠢᠬᠦ ᠪᠠᠶᠢᠳᠠᠯ ᠢᠯᠡᠷᠡᠨ᠎ᠡ᠃       ᠲᠤᠰ ᠬᠡᠷᠡᠭ ᠲᠤ ᠪᠠᠶᠢᠴᠠᠭᠠᠯᠲᠠ ᠬᠢᠭᠰᠡᠨ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠳᠠᠲᠠᠢ ᠪᠥᠭᠡᠳ ᠪᠦᠷᠢᠨ ᠭᠦᠢᠴᠡᠳ᠂ ᠪᠣᠳᠠᠲᠤ ᠬᠡᠷᠡᠭ ᠤᠨ ᠲᠣᠭᠲᠠᠭᠠᠭᠰᠠᠨ ᠴᠢᠨᠠᠷ ᠨᠢ ᠵᠥᠪ ᠣᠨᠣᠪᠴᠢᠲᠠᠢ᠂ ᠬᠠᠤᠯᠢ ᠴᠠᠭᠠᠵᠠ ᠶᠢᠨ ᠵᠦᠢᠯ ᠪᠠᠳᠠᠭ ᠢ ᠡᠰᠢᠯᠡᠨ ᠬᠡᠷᠡᠭᠯᠡᠭᠰᠡᠨ ᠨᠢ ᠵᠣᠬᠢᠰᠲᠠᠢ ᠪᠠᠶᠢᠵᠤ᠂ ᠴᠢᠯᠦᠭᠡᠲᠡᠢ ᠲᠠᠰᠤᠯᠤᠯᠲᠠ ᠬᠢᠭᠰᠡᠨ ᠨᠢ ᠵᠣᠬᠢᠰᠲᠠᠢ ᠪᠠᠶᠢᠵᠤ᠂ ᠰᠢᠢᠳᠬᠡᠯ ᠢ ᠲᠥᠪ ᠭᠤᠣᠯᠴᠢ ᠪᠠᠶᠢᠯᠭᠠᠵᠤ᠂ ᠬᠠᠤᠯᠢ ᠬᠡᠷᠡᠭᠵᠢᠭᠦᠯᠬᠦ ᠵᠢᠷᠤᠮ ᠨᠢ ᠬᠠᠤᠯᠢ ᠳᠤ ᠨᠡᠶᠢᠴᠡᠨ᠎ᠡ᠃ ᠬᠠᠤᠯᠢ ᠬᠡᠷᠡᠭᠵᠢᠭᠦᠯᠦᠭᠴᠢ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠤᠬᠠᠢ ᠶᠢᠨ ᠬᠥᠮᠥᠨ ᠨᠢ ᠥᠪᠡᠷ ᠤᠨ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠮᠥᠷᠲᠡᠭᠡᠨ ᠰᠢᠢᠳᠭᠡᠭᠦ ᠲᠣᠭᠲᠠᠭᠠᠯ ᠢ ᠭᠦᠢᠴᠡᠳᠬᠡᠭᠰᠡᠨ ᠢᠶᠠᠨ ᠲᠠᠨᠢᠵᠤ ᠮᠡᠳᠡᠭᠰᠡᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号