2024 ᠣᠨ ᠳᠤ ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠬᠢᠨ ᠬᠡᠷᠡᠭᠵᠢᠭᠦᠯᠬᠦ ᠪᠣᠶ︖ | ᠬᠠᠷᠢᠭᠤᠯᠲᠠ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠯᠠᠭᠤᠨ ᠳᠤᠯᠠᠭᠠᠨ ᠤ ᠢᠨᠵᠧᠨᠧᠷᠢᠩ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠳᠤᠯᠠᠭᠠᠯᠠᠭ᠎ᠠ ᠬᠠᠩᠭᠠᠬᠤ ᠰᠢᠰᠲ᠋ᠧᠮ ᠤᠨ ᠦᠢᠯᠡᠴᠢᠯᠡᠭᠡᠨ ᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠯᠠᠱᠠ ᠵᠡᠭᠦᠨ ᠬᠤᠰᠢᠭᠤᠨ ᠤ ᠬᠢᠨ ᠳᠤᠯᠠᠭᠠᠯᠠᠭ᠎ᠠ ᠬᠠᠩᠭᠠᠬᠤ | ᠬᠦᠷᠢᠶᠡᠨ ᠤ ᠢᠯᠴᠢ ᠶᠢᠨ ᠲᠣᠣᠷ ᠢ ᠰᠢᠨᠡᠳᠬᠡᠬᠦ᠂ ᠢᠯᠴᠢ ᠶᠢᠨ ᠦᠷᠳᠡᠭᠡ ᠶᠢ ᠳᠡᠭᠡᠭᠰᠢᠯᠡᠭᠦᠯᠬᠦ᠂ ᠭᠡᠷ ᠳᠣᠲᠣᠷᠠᠬᠢ | ᠥᠭᠡᠷᠡᠴᠢᠯᠡᠯᠲᠡ᠂ ᠣᠶᠤᠨᠴᠢᠯᠠᠭᠰᠠᠨ ᠪᠠᠶᠢᠭᠤᠯᠤᠯᠲᠠ ᠵᠡᠷᠭᠡ ᠲᠠᠯ᠎ᠠ ᠪᠠᠷ ᠠᠰᠠᠭᠤᠳᠠᠯ ᠢ ᠪᠠᠶᠢᠴᠠᠭᠠᠵᠤ᠂ | ᠳᠤᠲᠠᠭᠤᠳᠠᠯ ᠢ ᠨᠥᠬᠦᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠪᠠ᠃ 2024 ᠣᠨ ᠳᠤ ︽ᠳᠤᠯᠠᠭᠠᠯᠠᠬᠤ | ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠵᠦ᠂ ᠭᠤᠣᠯᠳᠠᠭᠤ ᠨᠢᠭᠡ ᠤᠳᠠᠭ᠎ᠠ ᠶᠢᠨ ᠲᠣᠣᠷ ᠤᠨ | ᠬᠤᠭᠤᠯᠠᠢ ᠶᠢ ᠦᠷᠭᠦᠯᠵᠢᠯᠡᠨ ᠪᠠᠶᠢᠭᠤᠯᠬᠤ᠂ ᠬᠤᠷᠢᠶᠠᠯᠠᠯ ᠤᠨ ᠬᠠᠭᠤᠴᠢᠨ ᠬᠤᠭᠤᠯᠠᠢ ᠶᠢᠨ ᠲᠣᠣᠷ ᠢ ᠰᠢᠨᠡᠳᠬᠡᠨ | ᠥᠭᠡᠷᠡᠴᠢᠯᠡᠬᠦ᠂ ᠢᠯᠴᠢ ᠶᠢᠨ ᠬᠦᠴᠦᠨ ᠤ ᠥᠷᠲᠡᠭᠡ ᠶᠢ ᠰᠢᠨᠡᠳᠬᠡᠬᠦ ᠵᠢᠴᠢ ᠲᠠᠰ ᠳᠡᠪᠰᠢᠭᠦᠯᠦᠨ ᠥᠭᠡᠷᠡᠴᠢᠯᠡᠬᠦ᠂ | ᠬᠡᠷᠡᠭᠯᠡᠭᠴᠢ ᠶᠢᠨ ᠭᠡᠷ ᠤᠨ ᠳᠣᠲᠣᠷᠠᠬᠢ ᠳᠤᠯᠠᠭᠠᠯᠠᠭ᠎ᠠ ᠬᠠᠩᠭᠠᠬᠤ ᠰᠢᠰᠲ᠋ᠧᠮ ᠢ ᠡᠷᠦᠬᠡ ᠬᠤᠪᠢᠶᠠᠨ ᠥᠭᠡᠷᠡᠴᠢᠯᠡᠬᠦ | ᠵᠢᠴᠢ ᠭᠡᠷ ᠤᠨ ᠳᠤᠯᠠᠭᠠᠨ ᠴᠤᠭᠯᠠᠭᠤᠯᠬᠤ ᠪᠠᠭᠠᠵᠢ ᠤᠭᠰᠠᠷᠠᠬᠤ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠶᠢ ᠪᠡᠶᠡᠯᠡᠭᠦᠯᠦᠨ᠎ᠡ᠃ ᠣᠳᠣᠬᠠᠨ ᠳᠤ 6.7 ᠺᠢᠯᠣᠮᠧᠲᠷ ᠤᠨ ᠨᠢᠭᠡ ᠤᠳᠠᠭᠠᠨ ᠤ | ᠰᠦᠯᠵᠢᠶᠡᠨ ᠤ ᠬᠤᠭᠤᠯᠠᠢ ᠶᠢᠨ ᠦᠷᠭᠦᠯᠵᠢᠯᠡᠨ ᠪᠠᠶᠢᠭᠤᠯᠬᠤ ᠵᠦᠢᠯᠡᠰ ᠲᠤ ᠶᠠᠭ ᠪᠠᠷᠢᠯᠭ᠎ᠠ ᠶᠢᠨ ᠭᠠᠷ ᠭᠦᠢᠴᠡᠳᠬᠡᠯ | ᠬᠢᠵᠦ ᠪᠠᠶᠢᠨ᠎ᠠ᠂ ︽ᠳᠤᠯᠠᠭᠠᠯᠠᠬᠤ ᠶᠢ ᠵᠣᠭᠰᠤᠭᠠᠬᠤ ᠡᠳᠦᠷ ᠪᠣᠯ ᠳᠠᠷᠤᠢ ᠳᠤᠯᠠᠭᠠᠯᠠᠬᠤ ᠢᠨᠵᠧᠨᠧᠷᠢᠩ ᠤᠨ ᠠᠵᠢᠯ | ᠡᠬᠢᠯᠡᠬᠦ ᠴᠠᠭ ᠮᠥᠨ︾᠂ ᠪᠤᠰᠤᠳ ᠥᠭᠡᠷᠡᠴᠢᠯᠡᠬᠦ ᠠᠭᠤᠯᠭ᠎ᠠ ᠶᠢᠨ ᠪᠣᠯᠣᠮᠵᠢ ᠶᠢᠨ ᠲᠤᠬᠠᠢ ᠰᠤᠳᠤᠯᠭᠠᠨ ᠤ | ᠮᠡᠳᠡᠭᠦᠯᠦᠯᠲᠡ ᠶᠢ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ᠭᠠᠷ ᠭᠦᠢᠴᠡᠳᠬᠡᠯ ᠢ ᠶᠠᠭ ᠯᠠᠪᠳᠠᠭᠤᠨ ᠢᠶᠠᠷ | ᠲᠦᠯᠬᠢᠨ ᠠᠬᠢᠭᠤᠯᠵᠤ ᠪᠠᠶᠢᠨ᠎ᠠ᠃ | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | ᠠᠰᠠᠭᠤᠯᠲᠠ᠄ | ᠳᠤᠯᠠᠭᠠᠯᠭ᠎ᠠ ᠶᠢ ᠮᠡᠳᠡᠭᠦᠯᠦᠨ ᠤᠭᠰᠠᠷᠠᠬᠤ ᠠᠵᠢᠯ ᠢ ᠭᠦᠢᠴᠡᠳᠬᠡᠬᠦ ᠳᠤ ᠶᠠᠮᠠᠷ ᠶᠠᠮᠠᠷ ᠠᠷᠭ᠎ᠠ ᠵᠠᠮ ᠪᠠᠶᠢᠳᠠᠭ | ᠪᠣᠶ︖ | ᠬᠠᠷᠢᠭᠤᠯᠲᠠ᠄ | ᠵᠠᠯᠭᠠᠨ ᠣᠷᠣᠭᠤᠯᠬᠤ ᠪᠠᠷ ᠪᠠᠶᠢᠭ᠎ᠠ ᠨᠢᠭᠡᠴᠢ ᠪᠤᠶᠤ ᠬᠤᠪᠢ ᠬᠥᠮᠥᠨ ᠨᠢ ᠴᠠᠬᠢᠮ ᠰᠦᠯᠵᠢᠶ᠎ᠡ +ᠪᠠ | ᠰᠦᠯᠵᠢᠶᠡᠨ ᠠᠴᠠ ᠭᠠᠳᠠᠨ᠎ᠠ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠳᠤᠯᠠᠭᠠᠯᠠᠭ᠎ᠠ ᠬᠠᠩᠭᠠᠬᠤ ᠶᠢ | ᠮᠡᠳᠡᠭᠦᠯᠦᠨ ᠤᠭᠰᠠᠷᠠᠬᠤ ᠪᠠ ᠵᠠᠯᠭᠠᠨ ᠣᠷᠣᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃ | ᠰᠦᠯᠵᠢᠶᠡᠨ ᠭᠠᠳᠠᠨ᠎ᠠ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ C | ᠲᠣᠭᠤᠷᠢᠭ ᠤᠨ 28 ᠳ᠋ᠤᠭᠠᠷ ᠴᠣᠩᠬᠤᠨ ᠳᠤ ᠬᠦᠷᠴᠦ ᠭᠦᠢᠴᠡᠳᠬᠡᠵᠦ ᠪᠣᠯᠣᠨ᠎ᠠ᠂ ᠪᠣᠳᠠᠲᠠᠢ ᠣᠷᠣᠨ ᠪᠠᠶᠢᠷᠢ ᠶᠢ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠪᠠᠷᠠᠭᠤᠨ ᠬᠤᠸᠠ ᠶᠤᠸᠠᠨ ᠵᠡᠭᠡᠯᠢ︔ ᠪᠠᠰᠠ ᠥᠪᠥᠷ | ᠮᠣᠩᠭᠤᠯ ᠤᠨ ᠬᠠᠯᠤᠨ ᠡᠨᠧᠷᠭᠢ ᠶᠢᠨ ᠪᠦᠯᠦᠭᠯᠡᠯ ᠤᠨ ᠢᠯᠴᠢ ᠶᠢᠨ ᠬᠦᠴᠦᠨ ᠤ ᠠᠵᠢᠯ ᠦᠢᠯᠡᠰ ᠤᠨ ᠬᠡᠯᠲᠡᠰ ᠤᠨ | 205 ᠲᠠᠰᠤᠭ ᠲᠤ ᠬᠦᠷᠴᠦ ᠭᠦᠢᠴᠡᠳᠬᠡᠵᠦ ᠪᠣᠯᠣᠨ᠎ᠠ᠂ ᠪᠣᠳᠠᠲᠠᠢ ᠣᠷᠣᠨ ᠪᠠᠶᠢᠷᠢ ᠶᠢ ᠨᠢ ᠠᠯᠠᠱᠠ ᠵᠡᠭᠦᠨ | ᠬᠤᠰᠢᠭᠤᠨ ᠤ ᠪᠠᠶᠠᠨᠬᠤᠲᠠ ᠪᠠᠯᠭᠠᠰᠤ ᠶᠢᠨ ᠵᠡᠭᠦᠨ ᠬᠤᠲᠠ ᠶᠢᠨ ᠲᠣᠭᠤᠷᠢᠭ᠃ | ᠴᠠᠬᠢᠮ ᠰᠦᠯᠵᠢᠶ᠎ᠡ +ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ᠤᠨ APP ᠪᠤᠶᠤ | ︽ᠬᠠᠯᠤᠨ ᠡᠨᠧᠷᠭᠢ︾ ᠭᠡᠬᠦ ᠸᠢᠴᠠᠲ ᠤᠨ ᠣᠯᠠᠨ ᠴᠠᠬᠢᠮ ᠲᠠᠪᠴᠠᠩ ᠢᠶᠠᠷ ᠳᠠᠮᠵᠢᠭᠤᠯᠤᠨ ᠭᠦᠢᠴᠡᠳᠬᠡᠵᠦ ᠪᠣᠯᠣᠨ᠎ᠠ᠃ | | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | ᠠᠰᠠᠭᠤᠯᠲᠠ᠄ | ᠳᠤᠯᠠᠭᠠᠯᠭ᠎ᠠ ᠶᠢ ᠮᠡᠳᠡᠭᠦᠯᠦᠨ ᠤᠭᠰᠠᠷᠠᠬᠤ ᠠᠵᠢᠯ ᠢ ᠭᠦᠢᠴᠡᠳᠬᠡᠬᠦ ᠳᠤ ᠶᠠᠮᠠᠷ ᠶᠠᠮᠠᠷ ᠨᠥᠬᠦᠴᠡᠯ ᠢ | ᠪᠦᠷᠢᠯᠳᠦᠭᠦᠯᠬᠦ᠂ ᠶᠠᠮᠠᠷ ᠶᠠᠮᠠᠷ ᠭᠠᠷ ᠭᠦᠢᠴᠡᠳᠬᠡᠯ ᠢ ᠪᠡᠯᠡᠳᠬᠡᠬᠦ ᠴᠢᠬᠤᠯᠠᠲᠠᠢ ᠪᠣᠶ︖ | ᠬᠠᠷᠢᠭᠤᠯᠲᠠ᠄ | ᠭᠤᠶᠤᠴᠢᠯᠠᠭᠰᠠᠨ ᠬᠡᠷᠡᠭᠯᠡᠭᠴᠢ ᠨᠢ ᠡᠷᠬᠡᠪᠰᠢ ᠤᠯᠤᠰ ᠤᠨ ᠬᠤᠶᠠᠳᠤᠭᠠᠷ ᠳᠡᠰ ᠤᠨ ᠪᠠᠷᠢᠯᠭ᠎ᠠ ᠶᠢᠨ ᠡᠨᠧᠷᠭᠢ | ᠠᠷᠪᠢᠯᠠᠬᠤ ᠪᠠᠷᠢᠮᠵᠢᠶ᠎ᠠ ︵ᠭᠠᠳᠠᠷ ᠬᠡᠷᠡᠮ ᠳᠤ ᠳᠤᠯᠠᠭᠠᠨ ᠤ ᠬᠡᠮᠵᠢᠶ᠎ᠡ ᠲᠠᠢ︶ ᠳᠤ ᠨᠡᠶᠢᠴᠡᠭᠰᠡᠨ ᠪᠠᠷᠢᠯᠭ᠎ᠠ ᠪᠠ | ᠤᠯᠤᠰ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠪᠠᠷ ᠳᠠᠮᠵᠢᠭᠰᠠᠨ ᠨᠢᠭᠡᠨᠲᠡ ᠪᠠᠶᠢᠭ᠎ᠠ ᠪᠠᠷᠢᠯᠭ᠎ᠠ ᠪᠠᠶᠢᠬᠤ ᠬᠡᠷᠡᠭᠲᠡᠢ︔ | ᠨᠢᠭᠡᠨᠲᠡ ᠪᠠᠶᠢᠭ᠎ᠠ ᠪᠠᠷᠢᠯᠭ᠎ᠠ ᠨᠢ ᠤᠯᠤᠰ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠳᠤ ᠨᠡᠶᠢᠴᠡᠬᠦ ᠦᠭᠡᠢ | ᠪᠣᠯ ᠳᠤᠯᠠᠭᠠᠯᠠᠭ᠎ᠠ ᠬᠠᠩᠭᠠᠬᠤ ᠰᠢᠰᠲ᠋ᠧᠮ ᠳᠤ ᠡᠷᠥᠭᠡ ᠬᠤᠪᠢᠶᠠᠨ ᠡᠵᠡᠮᠳᠡᠬᠦ ᠲᠣᠨᠣᠭᠯᠠᠯ᠂ ᠳᠤᠯᠠᠭᠠᠨ ᠤ ᠬᠡᠮᠵᠢᠶ᠎ᠡ ᠶᠢ | ᠲᠣᠬᠢᠷᠠᠭᠤᠯᠤᠨ ᠡᠵᠡᠮᠳᠡᠬᠦ ᠲᠣᠨᠣᠭᠯᠠᠯ ᠪᠣᠯᠣᠨ ᠢᠯᠴᠢ ᠶᠢᠨ ᠬᠡᠮᠵᠢᠯᠲᠡ ᠶᠢᠨ ᠲᠣᠨᠣᠭᠯᠠᠯ ᠢ ᠠᠯᠬᠤᠮ ᠠᠯᠬᠤᠮ ᠢᠶᠠᠷ | ᠤᠭᠰᠠᠷᠠᠭᠤᠯᠬᠤ ᠬᠡᠷᠡᠭᠲᠡᠢ᠃ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠭᠰᠠᠨ ᠦᠭᠡᠢ᠂ | ᠳᠤᠯᠠᠭᠠᠯᠠᠭ᠎ᠠ ᠬᠠᠩᠭᠠᠬᠤ ᠰᠢᠰᠲ᠋ᠧᠮ ᠤᠨ ᠤᠭᠰᠠᠷᠠᠯᠲᠠ ᠳᠤ ᠬᠢᠷᠢ ᠲᠡᠩᠴᠡᠭᠰᠡᠨ ᠦᠭᠡᠢ ᠰᠤᠯᠠ ᠡᠷᠦᠬᠡ᠂ ᠠᠯᠪᠠᠨ | ᠠᠴᠠ ᠪᠠᠶᠢᠭᠤᠯᠤᠭᠰᠠᠨ ᠨᠢᠭᠡᠴᠢ ᠵᠢᠴᠢ ᠬᠤᠷᠢᠶᠠᠯᠠᠯ᠂ ᠡᠨᠧᠷᠭᠢ ᠠᠷᠪᠢᠯᠠᠬᠤ ᠪᠤᠰᠤ ᠪᠠᠷᠢᠯᠭ᠎ᠠ᠂ ᠳᠥᠭᠦᠮ ᠪᠦᠳᠦᠭᠦᠯᠢᠭ | ᠣᠷᠣᠨ ᠰᠠᠭᠤᠴᠠᠲᠤ ᠲᠣᠭᠤᠷᠢᠭ ᠢ ᠰᠢᠨᠡᠳᠬᠡᠨ ᠵᠠᠰᠠᠭᠰᠠᠨ ᠦᠭᠡᠢ ᠪᠠᠶᠢᠰᠢᠩ ᠭᠡᠷ᠂ ᠲᠥᠪᠯᠡᠷᠡᠭᠦᠯᠦᠨ ᠳᠤᠯᠠᠭᠠᠯᠠᠭ᠎ᠠ | ᠬᠠᠩᠭᠠᠬᠤ ᠲᠥᠯᠦᠪᠵᠢᠭᠦᠯᠭᠡ ᠳᠤ ᠣᠷᠣᠭᠤᠯᠤᠭᠰᠠᠨ ᠦᠭᠡᠢ ᠲᠡᠷᠭᠡᠨ ᠬᠥᠮᠥᠷᠭᠡ ᠳᠤ ᠲᠥᠪᠯᠡᠷᠡᠭᠦᠯᠦᠨ ᠳᠤᠯᠠᠭᠠᠯᠠᠭ᠎ᠠ | ᠬᠠᠩᠭᠠᠬᠤ ᠶᠢ ᠵᠠᠯᠭᠠᠵᠤ ᠣᠷᠣᠭᠤᠯᠬᠤ ᠶᠢᠨ ᠠᠷᠭ᠎ᠠ ᠦᠭᠡᠢ᠃ | ᠵᠠᠯᠭᠠᠵᠤ ᠣᠷᠣᠭᠤᠯᠬᠤ ᠪᠠᠷ ᠪᠠᠶᠢᠭ᠎ᠠ ᠨᠢᠭᠡᠴᠢ ᠪᠤᠶᠤ ᠬᠤᠪᠢ ᠬᠥᠮᠥᠨ ︽ᠳᠤᠯᠠᠭᠠᠯᠠᠭ᠎ᠠ ᠬᠠᠩᠭᠠᠬᠤ ᠶᠢ | ᠮᠡᠳᠡᠭᠦᠯᠦᠨ ᠤᠭᠰᠠᠷᠠᠭᠤᠯᠬᠤ ᠭᠤᠶᠤᠴᠢᠯᠠᠯ︾ ᠢᠶᠠᠨ ᠠᠪᠴᠤ ᠶᠠᠪᠤᠬᠤ ᠬᠡᠷᠡᠭᠲᠡᠢ᠂ ᠬᠤᠪᠢ ᠬᠥᠮᠥᠨ ᠪᠠᠰᠠ | ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠨ ᠠᠪᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ | ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠴᠣᠩᠬᠤᠪᠴᠢ ᠪᠤᠶᠤ ᠬᠠᠯᠤᠨ ᠢᠯᠴᠢ ᠶᠢᠨ ᠬᠦᠴᠦᠨ ᠤ ᠺᠣᠮᠫᠠᠨᠢ ᠳᠤ | ᠬᠦᠷᠴᠦ ᠳᠤᠯᠠᠭᠠᠯᠠᠭ᠎ᠠ ᠬᠠᠩᠭᠠᠬᠤ ᠶᠢ ᠮᠡᠳᠡᠭᠦᠯᠦᠨ ᠤᠭᠰᠠᠷᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ | ᠬᠡᠷᠡᠭᠲᠡᠢ᠃ | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | ᠠᠰᠠᠭᠤᠯᠲᠠ᠄ | ︽ᠤᠰᠤ ᠴᠠᠬᠢᠯᠭᠠᠨ ᠬᠡᠢ ᠳᠤᠯᠠᠭᠠᠯᠠᠭ᠎ᠠ︾ ᠶᠢ ᠬᠤᠯᠪᠣᠯᠳᠤᠭᠤᠯᠤᠨ ᠡᠷᠦᠬᠡ ᠰᠢᠯᠵᠢᠭᠦᠯᠬᠦ ᠶᠢ ᠬᠡᠷᠬᠢᠨ ᠨᠢᠭᠡ | ᠯᠡ ᠤᠳᠠᠭ᠎ᠠ ᠳᠤ ᠭᠦᠢᠴᠡᠳᠬᠡᠬᠦ ᠪᠣᠶ︖ | ᠬᠠᠷᠢᠭᠤᠯᠲᠠ᠄ | ᠬᠡᠷᠡᠭᠯᠡᠭᠴᠢᠳ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠥᠯᠥ ᠬᠥᠳᠡᠯᠬᠦ | ᠬᠥᠷᠥᠩᠭᠡ ᠶᠢ ᠳᠡᠩᠰᠡᠯᠡᠨ ᠲᠡᠮᠳᠡᠭᠯᠡᠬᠦ ᠴᠣᠩᠬᠤᠨ ᠳᠤ ︽ᠬᠡᠷ ᠪᠠᠶᠢᠰᠢᠩ ᠬᠤᠳᠠᠯᠳᠤᠨ ᠠᠪᠬᠤ ᠭᠡᠷ᠎ᠡ ᠪᠤᠶᠤ ᠬᠤᠶᠠᠷ | ᠲᠠᠯ᠎ᠠ ᠶᠢᠨ ᠬᠤᠳᠠᠯᠳᠤᠭᠠᠨ ᠤ ᠭᠡᠷ᠎ᠡ︾ ᠶᠢ ᠲᠤᠰᠢᠶᠠᠭᠰᠠᠨ ᠤ ᠳᠠᠷᠠᠭ᠎ᠠ᠂ ᠴᠣᠩᠬᠤᠨ ᠤ ᠠᠵᠢᠯᠲᠠᠳ ᠢ ᠬᠢᠨᠠᠨ | ᠬᠠᠷᠭᠤᠭᠤᠯᠪᠠ᠃ ᠬᠢᠨᠠᠨ ᠬᠠᠷᠭᠤᠭᠤᠯᠬᠤ ᠶᠢ ᠪᠠᠲᠤᠯᠠᠭᠰᠠᠨ ᠤ ᠳᠠᠷᠠᠭ᠎ᠠ ᠬᠡᠷᠡᠭᠯᠡᠭᠴᠢ ᠪᠣᠯᠵᠤ ᠬᠤᠪᠢᠷᠠᠬᠤ ᠶᠢᠨ ᠬᠠᠮᠲᠤ | ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠭᠠᠷ ᠤᠨ ᠦᠰᠦᠭ ᠵᠢᠷᠳ ᠶᠠᠪᠤᠭᠤᠯᠤᠨ᠎ᠠ᠃ | ᠴᠣᠩᠬᠤᠨ ᠤ ᠠᠵᠢᠯᠲᠠᠨ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠲᠠᠪᠴᠠᠩ ᠢᠶᠠᠷ | ᠳᠠᠮᠵᠢᠭᠤᠯᠤᠨ ᠲᠤᠭ᠎ᠠ ᠪᠠᠷᠢᠮᠲᠠ ᠶᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ︽ᠨᠢᠭᠡ ᠤᠴᠢᠷ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠠᠪᠴᠠᠩ ᠳᠤ ᠬᠦᠷᠭᠡᠵᠦ᠂ ᠳᠠᠬᠢᠨ ︽ | ᠤᠰᠤ ᠴᠠᠬᠢᠯᠭᠠᠨ ᠬᠡᠢ ᠳᠤᠯᠠᠭᠠᠯᠭ᠎ᠠ︾ ᠶᠢᠨ ᠡᠯ᠎ᠡ ᠴᠣᠩᠬᠤᠨ ᠳᠤ ᠲᠠᠷᠬᠠᠭᠠᠨ᠎ᠠ᠃ ᠡᠯ᠎ᠡ ᠴᠣᠩᠬᠤᠨ ᠤ ᠠᠵᠢᠯᠲᠠᠨ | ᠬᠤᠪᠢᠷᠠᠭᠤᠯᠤᠭᠰᠠᠨ ᠤ ᠳᠠᠷᠠᠭᠠᠬᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠦᠨᠳᠦᠰᠦᠯᠡᠨ᠂ | ᠬᠡᠷᠡᠭᠯᠡᠭᠴᠢ ᠳᠤ ︽ᠤᠰᠤ ᠴᠠᠬᠢᠯᠭᠠᠨ ᠬᠡᠢ ᠳᠤᠯᠠᠭᠠᠯᠠᠭ᠎ᠠ︾ ᠶᠢᠨ ᠡᠷᠦᠬᠡ ᠰᠢᠯᠵᠢᠭᠦᠯᠬᠦ ᠭᠠᠷᠳᠠᠮ ᠢ ᠭᠦᠢᠴᠡᠳᠬᠡᠵᠦ | ᠣᠯᠭᠤᠨ᠎ᠠ᠂ ᠲᠤᠬᠠᠶᠢᠯᠠᠪᠠᠯ ᠬᠡᠷᠡᠭᠯᠡᠭᠴᠢ ᠶᠢᠨ ᠮᠡᠳᠡᠭᠡ ᠵᠠᠩᠭᠢ ᠶᠢ ᠬᠤᠪᠢᠷᠠᠭᠤᠯᠤᠨ᠎ᠠ᠃ ᠡᠷᠦᠬᠡ ᠰᠢᠯᠵᠢᠭᠦᠯᠬᠦ | ᠭᠠᠷᠳᠠᠮ ᠢ ᠭᠦᠢᠴᠡᠳᠬᠡᠭᠰᠡᠨ ᠤ ᠳᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠠᠵᠢᠯᠲᠠᠨ | ᠭᠠᠷ ᠤᠲᠠᠰᠤᠨ ᠤ ᠣᠬᠤᠷ ᠮᠡᠳᠡᠭᠡ ᠪᠠᠷ ᠬᠡᠷᠡᠭᠯᠡᠭᠴᠢ ᠶᠢᠨ ᠡᠷᠦᠬᠡ ᠰᠢᠯᠵᠢᠭᠦᠯᠬᠦ ᠭᠠᠷᠳᠠᠮ ᠢ ᠭᠦᠢᠴᠡᠳᠬᠡᠭᠰᠡᠨ ᠦᠷ᠎ᠡ | ᠳ᠋ᠦᠩ ᠢ ᠮᠡᠳᠡᠭᠳᠡᠨ᠎ᠡ᠃ | ᠬᠡᠷᠡᠭᠯᠡᠭᠴᠢ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠴᠣᠩᠬᠤᠨ ᠳᠤ ᠬᠦᠷᠴᠦ ᠨᠢᠭᠡ ᠯᠡ ᠤᠳᠠᠭ᠎ᠠ ᠲᠤᠬᠠᠶᠢᠯᠠᠭᠰᠠᠨ ᠠᠵᠢᠯ ᠢᠶᠠᠨ | ᠭᠦᠢᠴᠡᠳᠬᠡᠪᠡᠯ ᠳᠠᠷᠤᠢ ︽ᠤᠰᠤ ᠴᠠᠬᠢᠯᠭᠠᠨ ᠬᠡᠢ ᠳᠤᠯᠠᠭᠠᠯᠠᠭ᠎ᠠ︾ ᠶᠢᠨ ᠪᠣᠶ ᠪᠦᠬᠦᠢ ᠡᠷᠦᠬᠡ ᠰᠢᠯᠵᠢᠭᠦᠯᠬᠦ | ᠭᠠᠷᠳᠠᠮ ᠢ ᠬᠠᠮᠲᠤ ᠳᠤᠨᠢ ᠭᠦᠢᠴᠡᠳᠬᠡᠵᠦ ᠪᠣᠯᠣᠨ᠎ᠠ᠃ | | |