ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠠᠯᠳᠠᠰᠢ ᠶᠢ ᠨᠢ ᠠᠭᠤᠴᠢᠯᠠᠨ ᠪᠠᠭᠲᠠᠭᠠᠵᠤ ᠠᠯᠳᠠᠰᠢ ᠶᠢ ᠨᠢ ᠵᠠᠯᠠᠷᠠᠭᠤᠯᠬᠤ ᠳᠦᠷᠢᠮ
ᠨᠡᠶᠢᠲᠡᠯᠡᠭᠰᠡᠨ ᠴᠠᠭ᠄
2024/9/30
      ᠨᠢᠭᠡᠳᠦᠭᠡᠷ ᠪᠦᠯᠦᠭ ᠶᠡᠷᠦᠩᠬᠡᠢ ᠳᠦᠷᠢᠮ       ᠨᠢᠭᠡᠳᠦᠭᠡᠷ ᠵᠦᠢᠯ ᠪᠦᠭᠦ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠮᠳᠠᠬᠢ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ ᠬᠠᠮᠠᠭᠠᠯᠠᠵᠤ᠂ ᠠᠯᠳᠠᠰᠢ ᠶᠢ ᠨᠢ ᠪᠠᠭᠲᠠᠭᠠᠵᠤ ᠠᠯᠳᠠᠰᠢ ᠶᠢ ᠨᠢ ᠵᠠᠯᠠᠷᠠᠭᠤᠯᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠤᠯᠠᠮ ᠵᠢᠷᠤᠮᠵᠢᠭᠤᠯᠵᠤ᠂ ᠠᠯᠳᠠᠰᠢ ᠶᠢ ᠨᠢ ᠠᠭᠤᠴᠢᠯᠠᠨ ᠠᠯᠳᠠᠰᠢ ᠶᠢ ᠨᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠲᠤᠰ ᠠᠷᠭ᠎ᠠ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠪᠦᠭᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠲᠣᠬᠢᠷᠠᠨ᠎ᠠ᠃       ᠭᠤᠷᠪᠠᠳᠤᠭᠠᠷ ᠵᠦᠢᠯ ᠠᠯᠳᠠᠰᠢ ᠶᠢ ᠨᠢ ᠠᠭᠤᠴᠢᠯᠠᠨ ᠪᠠᠭᠲᠠᠭᠠᠵᠤ ᠠᠯᠳᠠᠰᠢ ᠶᠢ ᠨᠢ ᠵᠠᠯᠠᠷᠠᠭᠤᠯᠬᠤ ᠳᠤ ᠡᠭᠦᠷᠭᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯ ᠬᠠᠷᠢᠭᠤᠴᠠᠯᠭ᠎ᠠ ᠬᠦᠯᠢᠶᠡᠯᠭᠡᠬᠦ᠂ ᠬᠠᠷᠢᠭᠤᠴᠠᠯᠭ᠎ᠠ ᠪᠠᠨ ᠠᠯᠳᠠᠭᠰᠠᠨ ᠪᠣᠯ ᠬᠠᠷᠢᠭᠤᠴᠠᠯᠭ᠎ᠠ ᠬᠦᠯᠢᠶᠡᠯᠭᠡᠬᠦ᠂ ᠠᠯᠳᠠᠰᠢ ᠶᠢ  ᠨᠢ ᠪᠠᠭᠠᠰᠬᠠᠬᠤ᠂ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠳᠠᠲᠠᠢ᠂ ᠵᠢᠷᠤᠮ ᠨᠢ ᠬᠠᠤᠯᠢ ᠳᠤ ᠨᠡᠶᠢᠴᠡᠭᠰᠡᠨ ᠂ ᠴᠢᠨᠠᠷ ᠲᠣᠭᠲᠠᠭᠠᠭᠰᠠᠨ ᠨᠢ ᠣᠨᠣᠪᠴᠢᠲᠠᠢ᠂ ᠰᠢᠢᠳᠪᠦᠷᠢᠯᠡᠭᠰᠡᠨ ᠨᠢ ᠲᠣᠬᠢᠷᠠᠮᠵᠢᠲᠠᠢ ᠪᠠᠶᠢᠬᠤ ᠬᠡᠷᠡᠭᠲᠡᠢ᠃       ᠳᠥᠷᠪᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠣᠨ ᠡᠷᠭᠢᠯᠡᠭᠰᠡᠨ ᠠᠵᠢᠯ ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠠᠪᠤᠴᠠ ᠳᠤ᠂ ᠬᠠᠤᠯᠢ ᠴᠠᠭᠠᠵᠠ ᠶᠢᠨ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠡᠷᠭᠢᠯᠡᠭᠰᠡᠨ ᠠᠵᠢᠯ ᠤᠨ ᠱᠠᠭᠠᠷᠳᠠᠯᠭ᠎ᠠ ᠪᠠᠶᠢᠬᠤ ᠦᠭᠡᠢ ᠪᠤᠶᠤ ᠪᠤᠰᠤᠳᠴᠢ ᠬᠦᠴᠦᠨ ᠵᠦᠢᠯ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠠᠴᠠ ᠪᠣᠯᠵᠤ ᠵᠣᠬᠢᠬᠤ ᠬᠤᠬᠢᠷᠠᠯ ᠪᠤᠶᠤ ᠮᠠᠭᠤ ᠨᠥᠯᠥᠭᠡ ᠭᠠᠷᠭᠠᠭᠰᠠᠨ ᠮᠥᠷᠲᠡᠭᠡᠨ ᠴᠠᠭ ᠲᠤᠬᠠᠢ ᠳᠤᠨᠢ ᠵᠠᠯᠠᠷᠠᠭᠤᠯᠤᠨ ᠵᠠᠯᠠᠷᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠪᠣᠯᠣᠨ ᠳᠡᠰ ᠳᠠᠷᠠᠭᠠᠯᠠᠯ ᠤᠨ ᠶᠣᠰᠣᠭᠠᠷ ᠠᠯᠳᠠᠰᠢ ᠪᠠᠨ ᠮᠡᠳᠡᠷᠡᠵᠦ ᠠᠭᠤᠴᠢᠯᠠᠬᠤ ᠬᠡᠷᠡᠭᠲᠡᠢ᠃       ᠬᠤᠶᠠᠳᠤᠭᠠᠷ ᠪᠦᠯᠦᠭ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ       ᠲᠠᠪᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠢᠴᠢ ᠲᠡᠭᠦᠨ ᠯᠦᠭᠡ ᠬᠠᠷᠢᠯᠴᠠᠨ ᠵᠣᠬᠢᠴᠠᠭᠰᠠᠨ ᠵᠠᠰᠠᠭ ᠵᠠᠬᠢᠷᠭᠠᠨ ᠤ ᠠᠯᠪᠠᠳᠠᠯᠭ᠎ᠠ ᠪᠣᠯᠣᠨ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠬᠦ ᠬᠡᠷᠡᠭᠲᠡᠢ᠃       ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠶᠢᠨ ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠎ᠡ᠃       ᠳᠣᠯᠣᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠲᠠᠨ ᠵᠡᠷᠭᠡ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠬᠠᠤᠯᠢ ᠶᠣᠰᠣᠭᠠᠷ ᠪᠠᠶᠢᠴᠠᠭᠠᠯᠲᠠ ᠬᠢᠵᠦ ᠭᠡᠷᠡᠴᠢ ᠠᠪᠴᠤ᠂ ᠬᠦᠴᠦᠨ ᠲᠡᠭᠦᠯᠳᠡᠷ ᠭᠡᠷᠡᠴᠢ ᠪᠠᠷᠢᠮᠲᠠ ᠶᠢᠨ ᠬᠡᠯᠬᠢᠶ᠎ᠡ ᠶᠢ ᠪᠤᠢ ᠪᠣᠯᠭᠠᠨ᠂ ᠬᠡᠷᠡᠭ ᠢ ᠴᠢᠩᠭ᠎ᠠ ᠬᠢᠨᠠᠨ ᠪᠠᠶᠢᠴᠠᠭᠠᠬᠤ ᠪᠠᠷ ᠳᠠᠮᠵᠢᠨ ᠬᠠᠤᠯᠢ ᠶᠣᠰᠣᠭᠠᠷ ᠵᠣᠬᠢᠰᠲᠠᠢ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ ᠬᠡᠷᠡᠭᠲᠡᠢ᠃       ᠨᠠᠢᠮᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠳᠤ ᠲᠣᠭᠲᠠᠭᠠᠭᠰᠠᠨ ᠳᠡᠰ ᠳᠠᠷᠠᠭᠠᠯᠠᠯ ᠂ ᠠᠷᠭ᠎ᠠ ᠮᠠᠶ᠋ᠢᠭ᠂ ᠴᠠᠭ ᠬᠤᠭᠤᠴᠠᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠢᠶᠠᠷ ᠰᠢᠢᠳᠭᠡᠨ ᠲᠣᠷᠭᠠᠬᠤ᠂ ᠵᠠᠰᠠᠭ ᠵᠠᠬᠢᠷᠭᠠᠨ ᠢᠶᠠᠷ ᠠᠯᠪᠠᠳᠠᠬᠤ ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃       ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠳᠣᠣᠷᠠᠬᠢ ᠪᠠᠶᠢᠳᠠᠯ ᠳᠤ ᠨᠡᠶᠢᠴᠡᠪᠡᠯ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠄       ︵ᠨᠢᠭᠡ︶ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ︔       ︵ᠬᠤᠶᠠᠷ︶ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠭᠡᠷᠡᠴᠢ ᠪᠠᠷᠢᠮᠲᠠ ᠶᠢ ᠨᠢᠭᠤᠨ ᠳᠠᠯᠳᠠᠯᠠᠭᠰᠠᠨ᠂ ᠬᠠᠭᠤᠷᠮᠠᠭᠯᠠᠨ ᠵᠣᠬᠢᠶᠠᠭᠰᠠᠨ᠂ ᠤᠰᠠᠳᠬᠠᠨ ᠰᠦᠢᠳᠬᠡᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠠᠴᠠ ᠪᠣᠯᠵᠤ ᠬᠠᠤᠯᠢ ᠶᠢ ᠠᠯᠳᠠᠰᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠪᠤᠶᠤ ᠬᠡᠷᠡᠭ ᠤᠨ ᠪᠠᠶᠢᠴᠠᠭᠠᠯᠲᠠ ᠠᠴᠠ ᠵᠠᠶᠢᠯᠠᠭᠰᠠᠨ ᠠᠴᠠ ᠪᠣᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠠᠭ ᠲᠤᠬᠠᠢ ᠳᠤᠨᠢ ᠭᠠᠷᠭᠠᠵᠤ ᠳᠡᠶᠢᠯᠭᠦ ᠦᠭᠡᠢ ᠪᠣᠯᠤᠭᠰᠠᠨ︔       ︵ᠭᠤᠷᠪᠠ︶ ᠲᠤᠬᠠᠢ ᠶᠢᠨ ᠬᠥᠮᠥᠨ ᠪᠠᠶᠢᠴᠠᠭᠠᠨ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠡᠳ᠋ ᠪᠣᠳᠠᠰ ᠢ ᠲᠤᠬᠠᠢ ᠶᠢᠨ ᠬᠥᠮᠥᠨ ᠨᠢ ᠳᠤᠷ᠎ᠠ ᠪᠠᠷ ᠢᠶᠠᠨ ᠨᠢᠭᠤᠵᠤ ᠳᠠᠯᠳᠠᠯᠠᠭᠰᠠᠨ᠂ ᠰᠢᠯᠵᠢᠭᠦᠯᠦᠭᠰᠡᠨ᠂ ᠬᠤᠳᠠᠯᠳᠤᠭᠰᠠᠨ᠂ ᠡᠪᠳᠡᠵᠦ ᠰᠦᠢᠳᠬᠡᠭᠰᠡᠨ ᠤᠴᠢᠷ ᠠᠴᠠ ᠬᠤᠣᠷ ᠤᠷᠰᠢᠭ ᠲᠠᠲᠠᠭᠰᠠᠨ︔       ︵ᠳᠥᠷᠪᠡ︶ ᠤᠷᠢᠳᠴᠢᠯᠠᠨ ᠮᠡᠳᠡᠵᠦ ᠳᠡᠶᠢᠯᠭᠦ ᠦᠭᠡᠢ᠂ ᠵᠠᠶᠢᠯᠠᠰᠬᠢᠵᠦ ᠳᠡᠶᠢᠯᠭᠦ ᠦᠭᠡᠢ ᠪᠤᠶᠤ ᠢᠯᠠᠨ ᠳᠠᠪᠠᠵᠤ ᠳᠡᠶᠢᠯᠭᠦ ᠦᠭᠡᠢ ᠵᠡᠷᠭᠡ ᠳᠠᠪᠠᠭᠳᠠᠰᠢ ᠦᠭᠡᠢ ᠬᠦᠴᠦᠨ ᠵᠦᠢᠯ ᠠᠴᠠ ᠪᠣᠯᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠲᠡᠭᠦᠨ ᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠳᠡᠶᠢᠯᠭᠦ ᠦᠭᠡᠢ ᠪᠣᠯᠤᠭᠰᠠᠨ︔       ︵ᠲᠠᠪᠤ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠯᠳᠠᠰᠢ ᠪᠤᠶᠤ ᠵᠦᠢ ᠵᠣᠬᠢᠰ ᠦᠭᠡᠢ ᠵᠠᠰᠠᠭ ᠵᠠᠬᠢᠷᠭᠠᠨ ᠤ ᠠᠵᠢᠯᠯᠠᠭ᠎ᠠ ᠠᠴᠠ ᠪᠣᠯᠵᠤ ᠠᠯᠳᠠᠰᠢ ᠮᠠᠭᠠᠳᠯᠠᠯᠲᠠ ᠭᠠᠷᠭᠠᠭᠰᠠᠨ ᠪᠤᠶᠤ ᠰᠢᠢᠳᠪᠦᠷᠢᠯᠡᠭᠰᠡᠨ︔       ︵ᠵᠢᠷᠭᠤᠭ᠎ᠠ︶ ᠪᠠᠷᠢᠮᠵᠢᠶ᠎ᠠ ᠨᠢ ᠳᠤᠲᠠᠭᠤ ᠪᠣᠯᠤᠭᠰᠠᠨ ᠪᠤᠶᠤ ᠣᠳᠣ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶᠡᠨ ᠤ ᠬᠢᠵᠠᠭᠠᠷᠯᠠᠯ ᠠᠴᠠ ᠪᠣᠯᠵᠤ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠵᠦ ᠳᠡᠶᠢᠯᠭᠦ ᠦᠭᠡᠢ ᠠᠴᠠ ᠪᠣᠯᠵᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠪᠠᠷ ᠲᠣᠭᠲᠠᠭᠠᠭᠰᠠᠨ ᠴᠢᠨᠠᠷ ᠦᠭᠡᠢ ᠪᠤᠯᠭᠠᠬᠰᠠᠨ︔       ︵ᠳᠣᠯᠤᠭ᠎ᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠪᠠ ᠵᠠᠷᠯᠢᠭᠳᠠᠨ ᠵᠠᠯᠠᠷᠠᠭᠤᠯᠣᠭᠤᠯᠲᠠ ᠬᠢᠭᠰᠡᠨ᠂ ᠴᠡᠭᠴᠡᠯᠡᠨ ᠥᠭᠡᠷᠡᠴᠢᠯᠡᠬᠦ ᠬᠤᠭᠤᠴᠠᠭᠠᠨ ᠳᠤ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠭᠦᠢᠴᠡᠳᠬᠡᠭᠰᠡᠨ ᠦᠭᠡᠢ ᠠᠴᠠ ᠪᠣᠯᠵᠤ ᠠᠳᠡᠯ ᠭᠠᠷᠭᠠᠭᠰᠠᠨ︔       ︵ᠨᠠᠢᠮᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢᠭᠡᠨᠲᠡ ᠬᠠᠤᠯᠢ ᠶᠣᠰᠣᠭᠠᠷ ᠪᠠᠶᠢᠴᠠᠭᠠᠭᠰᠠᠨ ᠪᠠ ᠵᠠᠷᠯᠢᠭᠳᠠᠨ ᠵᠠᠯᠠᠷᠠᠭᠤᠯᠤᠭᠠᠳ᠂ ᠬᠠᠤᠯᠢ ᠴᠠᠭᠠᠵᠠ ᠶᠢᠨ ᠵᠢᠷᠤᠮ ᠶᠣᠰᠣᠭᠠᠷ ᠭᠦᠢᠴᠡᠳᠬᠡᠭᠰᠡᠨ ᠪᠤᠶᠤ ᠰᠢᠯᠵᠢᠭᠦᠯᠦᠨ ᠬᠦᠷᠭᠡᠬᠦ ᠶᠠᠪᠤᠴᠠ ᠳᠤ ᠠᠳᠡᠯ ᠭᠠᠷᠤᠭᠰᠠᠨ︔       ︵ᠶᠢᠰᠦ︶ ᠬᠠᠤᠯᠢ ᠶᠣᠰᠣᠭᠠᠷ ᠬᠠᠷᠢᠭᠤᠴᠠᠯᠭ᠎ᠠ ᠬᠦᠯᠢᠶᠡᠯᠭᠡᠪᠡᠯ ᠦᠯᠦ ᠵᠣᠬᠢᠬᠤ ᠪᠤᠰᠤᠳ ᠪᠠᠶᠢᠳᠠᠯ᠃       ᠭᠤᠷᠪᠠᠳᠤᠭᠠᠷ ᠪᠦᠯᠦᠭ ᠠᠯᠳᠠᠰᠢ ᠶᠢ ᠨᠢ ᠠᠭᠤᠴᠢᠯᠠᠨ ᠪᠠᠭᠲᠠᠭᠠᠬᠤ ᠪᠠ ᠵᠠᠯᠠᠷᠠᠭᠤᠯᠬᠤ       ᠠᠷᠪᠠᠳᠤᠭᠠᠷ ᠵᠦᠢᠯ ᠠᠯᠳᠠᠰᠢ ᠶᠢ ᠨᠢ ᠠᠭᠤᠴᠢᠯᠠᠨ ᠪᠠᠭᠲᠠᠭᠠᠵᠤ ᠠᠯᠳᠠᠰᠢ ᠶᠢ ᠨᠢ ᠵᠠᠯᠠᠷᠠᠭᠤᠯᠬᠤ ᠳᠤ ︽ᠭᠤᠷᠪᠠ ᠶᠢ ᠢᠯᠭᠠᠬᠤ︾ ᠶᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠤᠣᠯᠴᠢ ᠪᠠᠷ ᠦᠨᠡᠯᠡᠬᠦ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠠᠷᠠᠭᠠᠬᠢ ᠪᠦᠷᠢᠳᠬᠡᠨ ᠭᠠᠷᠭᠠᠭᠰᠠᠨ ᠪᠠᠶᠢᠳᠠᠯ ᠤᠳ ᠤᠨ ᠨᠢᠭᠡᠨ ᠳᠤᠨᠢ ᠨᠡᠶᠢᠴᠡᠭᠰᠡᠨ ᠪᠠᠶᠢᠪᠠᠯ᠂ ᠬᠥᠩᠭᠡᠨ ᠢᠶᠠᠷ ᠰᠢᠢᠳᠪᠦᠷᠢᠯᠡᠬᠦ᠂ ᠬᠥᠩᠭᠡᠷᠡᠭᠦᠯᠦᠨ ᠰᠢᠢᠳᠪᠦᠷᠢᠯᠡᠬᠦ ᠪᠤᠶᠤ ᠬᠠᠷᠢᠭᠤᠴᠠᠯᠭ᠎ᠠ ᠬᠡᠯᠲᠦᠷᠢᠭᠦᠯᠬᠦ ᠬᠡᠷᠡᠭᠲᠡᠢ᠄       ︵ᠨᠢᠭᠡ︶ ᠳᠡᠭᠡᠳᠦ ᠱᠠᠲᠤᠨ ᠤ ᠵᠢᠭᠠᠪᠤᠷᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠭᠵᠢᠯᠲᠡ ᠶᠢ ᠲᠦᠯᠬᠢᠨ ᠠᠬᠢᠭᠤᠯᠬᠤ᠂ ᠪᠡᠷᠬᠡ ᠰᠡᠳᠦᠪ ᠢ ᠰᠢᠢᠳᠪᠦᠷᠢᠯᠡᠨ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠵᠣᠷᠢᠯᠭ᠎ᠠ ᠪᠠᠷ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠬᠡᠷᠡᠭᠵᠢᠭᠦᠯᠦᠭᠡᠳ ᠠᠯᠳᠠᠰᠢ ᠭᠠᠷᠭᠠᠭᠰᠠᠨ︔       ︵ᠬᠤᠶᠠᠷ︶ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠂ ᠬᠡᠪ ᠤᠨ ᠵᠤᠷᠰᠢᠯ ᠢ ᠳᠠᠪᠠᠵᠤ᠂ ᠬᠠᠶᠢᠨ ᠰᠦᠪᠡᠭᠴᠢᠯᠡᠬᠦ ᠴᠢᠨᠠᠷᠲᠠᠢ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ ᠦᠯᠦ ᠭᠦᠷᠦᠭᠰᠡᠨ︔       ︵ᠭᠤᠷᠪᠠ︶ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠳᠤᠮᠳᠠ᠂ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ ᠪᠣᠳᠣᠯᠭ᠎ᠠ ᠶᠢᠨ ᠵᠠᠭᠠᠭ ᠨᠢ ᠲᠣᠳᠣᠷᠬᠠᠢ ᠦᠭᠡᠢ᠂ ᠪᠤᠰᠤᠳᠴᠢ ᠨᠥᠬᠦᠴᠡᠯ ᠤᠨ ᠬᠢᠵᠠᠭᠠᠷᠯᠠᠯ ᠢ ᠬᠦᠯᠢᠶᠡᠭᠰᠡᠨ ᠠᠴᠠ ᠪᠣᠯᠵᠤ ᠠᠯᠳᠠᠰᠢ ᠭᠠᠷᠭᠠᠭᠰᠠᠨ ᠪᠤᠶᠤ ᠵᠥᠷᠢᠶ᠎ᠡ ᠭᠠᠷᠤᠭᠰᠠᠨ︔       ︵ᠳᠥᠷᠪᠡ︶ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠶᠢ ᠰᠡᠷᠭᠡᠶᠢᠯᠡᠬᠦ ᠵᠣᠷᠢᠯᠭ᠎ᠠ ᠪᠠᠷ᠂ ᠴᠠᠭ ᠲᠤᠬᠠᠢ ᠳᠤᠨᠢ ᠡᠷᠡᠰ ᠰᠢᠭᠤᠷᠬᠠᠢ᠂ ᠡᠰᠡᠷᠭᠦᠴᠡᠰᠢ ᠦᠭᠡᠢ ᠬᠦᠴᠦᠨ ᠪᠤᠶᠤ ᠤᠷᠢᠳᠴᠢᠯᠠᠨ ᠮᠡᠳᠡᠵᠦ ᠦᠯᠦ ᠴᠢᠳᠠᠬᠤ ᠰᠢᠯᠲᠠᠭᠠᠨ ᠠᠴᠠ ᠪᠣᠯᠵᠤ ᠠᠯᠳᠠᠰᠢ ᠭᠠᠷᠭᠠᠭᠰᠠᠨ ᠪᠤᠶᠤ ᠠᠳᠡᠭᠦᠥ ᠭᠠᠷᠭᠠᠭᠰᠠᠨ︔       ︵ᠲᠠᠪᠤ︶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠳᠤᠮᠳᠠ ᠬᠠᠤᠯᠢ ᠬᠡᠷᠡᠭᠵᠢᠭᠦᠯᠬᠦ ᠡᠲᠡᠭᠡᠳ ᠪᠠᠶᠢᠳᠠᠯ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠦᠨᠡᠨ ᠪᠣᠳᠠᠲᠠᠢ ᠪᠠᠷ ᠲᠤᠰᠬᠠᠭᠰᠠᠨ ᠦᠭᠡᠢ ᠠᠴᠠ ᠪᠣᠯᠵᠤ ᠨᠢᠭᠤᠭᠳᠠᠮᠠᠯ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠭᠰᠡᠨ ᠦᠭᠡᠢ︔       ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ ᠶᠣᠰᠣᠭᠠᠷ ᠥᠷᠨᠢᠭᠦᠯᠬᠦ ᠳᠤᠮᠳᠠ ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠤ ᠪᠡᠶᠡᠴᠢ ᠲᠠᠯ᠎ᠠ ᠠᠴᠠ ᠵᠣᠷᠢᠭᠤᠳᠠ ᠬᠠᠤᠯᠢ ᠠᠴᠠ ᠵᠥᠷᠢᠴᠡᠨ᠂ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠬᠠᠤᠯᠢ ᠪᠠᠷ ᠲᠣᠭᠲᠠᠭᠠᠭᠰᠠᠨ ᠠᠷᠭ᠎ᠠ ᠬᠡᠮᠵᠢᠶ᠎ᠡ ᠠᠪᠤᠭᠰᠠᠨ ᠪᠤᠯᠪᠠᠴᠤ ᠮᠥᠨ ᠬᠦ ᠠᠳᠡᠯ ᠭᠠᠷᠭᠠᠭᠰᠠᠨ︔       ︵ᠳᠣᠯᠤᠭ᠎ᠠ︶ ᠬᠠᠤᠯᠢ ᠬᠡᠷᠡᠭᠵᠢᠭᠦᠯᠬᠦ ᠵᠥᠷᠢᠴᠡᠯ ᠢ ᠰᠢᠢᠳᠪᠦᠷᠢᠯᠡᠬᠦ ᠶᠠᠪᠤᠴᠠ ᠳᠤ ᠬᠠᠷᠰᠢ ᠰᠠᠭᠠᠳ ᠢ ᠵᠣᠷᠢᠭᠲᠠᠢ ᠪᠠᠷ ᠠᠷᠢᠯᠭᠠᠵᠤ᠂ ᠤᠤᠯ ᠤᠨ ᠠᠰᠢᠭ ᠲᠤᠰᠠ ᠳᠤ ᠬᠠᠯᠳᠠᠵᠤ᠂ ᠠᠯᠳᠠᠰᠢ ᠭᠠᠷᠭᠠᠭᠰᠠᠨ ᠪᠤᠶᠤ ᠵᠥᠷᠢᠶ᠎ᠡ ᠭᠠᠷᠭᠠᠭᠰᠠᠨ︔       ︵ᠨᠠᠢᠮᠠ︶ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠯᠬᠤ ᠪᠤᠰᠤᠳ ᠪᠠᠶᠢᠳᠠᠯ᠃       ᠳᠡᠭᠡᠷ᠎ᠡ ᠳᠤᠷᠠᠳᠤᠭᠰᠠᠨ ᠪᠠᠶᠢᠳᠠᠯ ᠤᠨ ᠨᠢᠭᠡ ᠨᠢ ᠪᠠᠶᠢᠬᠤ ᠶᠢᠨ ᠬᠠᠮᠲᠤ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠬᠠᠤᠯᠢ ᠬᠡᠷᠡᠭᠵᠢᠭᠦᠯᠬᠦ ᠠᠵᠢᠯᠲᠠᠳ ᠤᠨ ᠬᠠᠷᠢᠭᠤᠴᠠᠯᠭ᠎ᠠ ᠶᠢ ᠬᠡᠯᠲᠦᠷᠢᠭᠦᠯᠵᠦ ᠪᠣᠯᠣᠨ᠎ᠠ᠄       ︵ᠨᠢᠭᠡ︶ ᠬᠠᠤᠯᠢ ᠳᠤ ᠲᠣᠳᠣᠷᠬᠠᠢ ᠵᠠᠷᠯᠢᠭᠳᠠᠨ ᠬᠤᠷᠢᠭᠯᠠᠭᠰᠠᠨ ᠦᠭᠡᠢ ᠪᠠᠶᠢᠬᠤ︔       ︵ᠬᠤᠶᠠᠷ︶ ᠬᠦᠨᠳᠦ ᠬᠡᠴᠡᠭᠦᠦ ᠬᠤᠬᠢᠷᠠᠯ ᠪᠠ ᠬᠦᠨᠳᠦ ᠨᠣᠴᠢᠲᠠᠢ ᠮᠠᠭᠤ ᠨᠥᠯᠥᠭᠡ ᠭᠠᠷᠭᠠᠭᠰᠠᠨ ᠦᠭᠡᠢ︔       ︵ᠭᠤᠷᠪᠠ︶ ᠢᠳᠡᠪᠬᠢ ᠰᠠᠨᠠᠭᠠᠴᠢᠯᠭ᠎ᠠ ᠲᠠᠢ ᠪᠠᠷ ᠮᠠᠭᠤ ᠨᠥᠯᠥᠭᠡ ᠶᠢ ᠠᠷᠢᠯᠭᠠᠵᠤ᠂ ᠬᠤᠬᠢᠷᠠᠯ ᠢ ᠡᠭᠡᠭᠦᠯᠦᠭᠰᠡᠨ᠃       ᠠᠷᠪᠠᠨ ᠨᠢᠭᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠠᠷᠠᠭᠠᠬᠢ ᠪᠦᠷᠢᠳᠬᠡᠨ ᠭᠠᠷᠭᠠᠭᠰᠠᠨ ᠪᠠᠶᠢᠳᠠᠯ ᠤᠳ ᠤᠨ ᠨᠢᠭᠡᠨ ᠳᠤᠨᠢ ᠨᠡᠶᠢᠴᠡᠭᠰᠡᠨ ᠪᠠᠶᠢᠪᠠᠯ ᠬᠠᠷᠢᠭᠤᠴᠠᠯᠭ᠎ᠠ ᠶᠢ ᠨᠢ ᠬᠥᠩᠭᠡᠷᠡᠭᠦᠯᠬᠦ ᠪᠤᠶᠤ ᠬᠥᠩᠭᠡᠷᠡᠭᠦᠯᠵᠦ ᠪᠣᠯᠣᠨ᠎ᠠ᠄       ︵ᠨᠢᠭᠡ︶ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠠᠴᠠ ᠪᠦᠲᠦᠮᠵᠢᠲᠡᠢ ᠵᠠᠶᠢᠯᠠᠭᠰᠠᠨ ᠪᠤᠶᠤ ᠨᠥᠯᠥᠭᠡ ᠠᠴᠠ ᠡᠭᠡᠭᠦᠯᠦᠨ ᠠᠪᠤᠭᠰᠠᠨ︔       ︵ᠬᠤᠶᠠᠷ︶ ᠬᠠᠷᠢᠭᠤᠴᠠᠯᠭ᠎ᠠ ᠠᠰᠠᠭᠤᠵᠤ ᠪᠠᠶᠢᠴᠠᠭᠠᠬᠤ ᠶᠢ ᠢᠳᠡᠪᠬᠢᠲᠡᠢ ᠬᠠᠮᠵᠢᠯᠴᠠᠬᠤ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠭᠰᠡᠨ︔       ︵ᠭᠤᠷᠪᠠ︶ ᠬᠠᠤᠯᠢ ᠶᠣᠰᠣᠭᠠᠷ ᠬᠠᠷᠢᠭᠤᠴᠠᠯᠭ᠎ᠠ ᠶᠢ ᠨᠢ ᠬᠥᠩᠭᠡᠷᠡᠭᠦᠯᠵᠦ᠂ ᠬᠥᠩᠭᠡᠷᠡᠭᠦᠯᠵᠦ ᠪᠤᠯᠬᠤ ᠪᠤᠰᠤᠳ ᠬᠠᠷᠢᠭᠤᠴᠠᠯᠭ᠎ᠠ ᠬᠦᠯᠢᠶᠡᠯᠭᠡᠵᠦ ᠪᠤᠯᠬᠤ᠃       ᠠᠷᠪᠠᠨ ᠬᠤᠶᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠠᠴᠠ ᠪᠣᠯᠵᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠵᠤ᠂ ᠮᠠᠭᠤ ᠦᠷ᠎ᠡ ᠤᠷᠰᠢᠭ ᠭᠠᠷᠭᠠᠭᠰᠠᠨ ᠪᠣᠯ ᠠᠯᠳᠠᠰᠢ ᠶᠢ ᠬᠦᠯᠢᠶᠡᠬᠦ ᠦᠭᠡᠢ᠃       ᠠᠷᠪᠠᠨ ᠭᠤᠷᠪᠠᠳᠤᠭᠠᠷ ᠵᠦᠢᠯ ᠠᠭᠤᠴᠢᠯᠠᠬᠤ ᠨᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠶᠢ ᠮᠠᠭᠠᠳᠯᠠᠨ ᠲᠣᠭᠲᠠᠭᠠᠬᠤ ᠠᠵᠢᠯ ᠢ ᠡᠬᠢᠯᠡᠭᠦᠯᠬᠦ ᠪᠠ ᠬᠢᠬᠦ ᠳᠤ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠢᠭᠡᠳᠦᠯᠲᠡᠢ ᠤᠳᠤᠷᠢᠳᠴᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠠᠴᠠ ᠪᠣᠳᠠᠲᠤ ᠪᠠᠶᠢᠳᠠᠯ᠂ ᠪᠤᠰᠤᠳᠴᠢ ᠨᠥᠬᠦᠴᠡᠯ᠂ ᠳᠡᠰ ᠳᠠᠷᠠᠭᠠᠯᠠᠯ ᠤᠨ ᠠᠷᠭ᠎ᠠ᠂ ᠰᠢᠨᠵᠢ ᠴᠢᠨᠠᠷ ᠤᠨ ᠬᠡᠮᠵᠢᠶ᠎ᠡ᠂ ᠦᠷ᠎ᠡ ᠳ᠋ᠦᠩ ᠤᠨ ᠨᠥᠯᠥᠭᠡ ᠵᠢᠴᠢ ᠬᠤᠬᠢᠷᠠᠯ ᠢ ᠡᠭᠡᠭᠦᠯᠦᠨ ᠠᠪᠴᠢᠷᠠᠭᠰᠠᠨ ᠵᠡᠷᠭᠡ ᠪᠠᠶᠢᠳᠠᠯ ᠲᠠᠢ ᠤᠶᠠᠯᠳᠤᠭᠤᠯᠵᠤ ᠶᠡᠷᠦᠩᠬᠡᠶᠢᠯᠡᠨ ᠵᠠᠳᠠᠯᠤᠨ ᠰᠤᠳᠤᠯᠵᠤ᠂ ᠲᠥᠷᠥ ᠶᠢᠨ ᠪᠣᠳᠣᠯᠭ᠎ᠠ ᠶᠢᠨ ᠵᠠᠭᠠᠭ ᠢ ᠣᠨᠣᠪᠴᠢᠲᠠᠢ ᠡᠵᠡᠮᠰᠢᠵᠦ᠂ ᠮᠠᠭᠠᠳᠯᠠᠨ ᠲᠣᠭᠲᠠᠭᠠᠭᠰᠠᠨ ᠳ᠋ᠦᠩᠨᠡᠯᠲᠡ ᠶᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ᠠᠭᠤᠴᠢᠯᠠᠪᠠᠯ ᠵᠣᠬᠢᠬᠤ ᠵᠣᠷᠢᠭᠲᠠᠢ ᠠᠯᠳᠠᠰᠢ᠂ ᠠᠭᠤᠴᠢᠯᠠᠬᠤ ᠦᠭᠡᠢ ᠶᠢ ᠨᠢ ᠣᠬᠲᠣ ᠬᠦᠯᠢᠶᠡᠬᠦ ᠦᠭᠡᠢ᠃ ᠬᠤᠪᠢ ᠬᠥᠮᠥᠨ ᠪᠠᠰᠠ ᠪᠠᠶᠢᠭᠤᠯᠭ᠎ᠠ ᠨᠢᠭᠡᠴᠢ ᠳᠤ ᠰᠢᠭᠤᠳ ᠠᠯᠳᠠᠰᠢ ᠶᠢ ᠨᠢ ᠮᠠᠭᠠᠳᠯᠠᠨ ᠲᠣᠭᠲᠠᠭᠠᠯᠭᠠᠬᠤ ᠡᠷᠭᠦᠳᠡᠯ ᠭᠠᠷᠭᠠᠵᠤ ᠪᠣᠯᠣᠨ᠎ᠠ᠃ ᠨᠢᠭᠡᠴᠢ ᠪᠠᠶᠢᠴᠠᠭᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠯᠳᠠᠰᠢ ᠪᠤᠶᠤ ᠡᠰᠡᠬᠦ ᠶᠢᠨ ᠲᠤᠬᠠᠢ ᠦᠨᠡᠮᠰᠢᠭᠰᠡᠨ ᠳ᠋ᠦᠩᠨᠡᠯᠲᠡ ᠶᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ᠠᠯᠳᠠᠰᠢ ᠶᠢᠨ ᠠᠭᠤᠯᠭ᠎ᠠ ᠶᠢ ᠨᠢ ᠲᠣᠭᠲᠠᠭᠠᠭᠰᠠᠨ ᠤ ᠳᠠᠷᠠᠭ᠎ᠠ᠂ 7 ᠡᠳᠦᠷ ᠤᠨ ᠳᠣᠲᠣᠷ᠎ᠠ ᠬᠠᠮᠢᠶ᠎ᠠ ᠪᠦᠬᠦᠢ ᠨᠢᠭᠡᠴᠢ ᠵᠢᠴᠢ ᠲᠤᠬᠠᠶᠢᠲᠠᠢ ᠬᠥᠮᠥᠨ ᠳᠤ ᠮᠡᠳᠡᠭᠳᠡᠵᠦ᠂ ᠶᠡᠷᠦᠩᠬᠡᠢ ᠳᠡᠭᠡᠨ ᠵᠣᠬᠢᠬᠤ ᠬᠡᠪᠴᠢᠶᠡᠨ ᠳᠣᠲᠣᠷ᠎ᠠ ᠨᠡᠭᠡᠭᠡᠯᠲᠡ ᠲᠠᠢ ᠪᠣᠯᠭᠠᠬᠤ ᠬᠡᠷᠡᠭᠲᠡᠢ᠃       ᠠᠷᠪᠠᠨ ᠳᠥᠷᠪᠡᠳᠦᠭᠡᠷ ᠵᠦᠢᠯ ᠰᠤᠳᠤᠯᠤᠯᠲᠠ ᠪᠠᠷ ᠳᠠᠮᠵᠢᠨ ᠲᠣᠭᠲᠠᠭᠠᠭᠰᠠᠨ ᠪᠣᠯᠬᠤᠷ ᠬᠠᠤᠯᠢ ᠬᠡᠷᠡᠭᠵᠢᠭᠦᠯᠦᠭᠴᠢ ᠳᠤ ᠠᠯᠳᠠᠰᠢ ᠣᠶᠢᠯᠠᠭᠠᠯᠲᠠ ᠥᠭᠭᠦᠭᠰᠡᠨ ᠪᠠᠶᠢᠪᠠᠯ᠂ ᠲᠡᠭᠦᠨ ᠢ ᠬᠠᠤᠯᠢ ᠬᠡᠷᠡᠭᠵᠢᠭᠦᠯᠦᠯᠲᠡ ᠶᠢᠨ ᠠᠯᠳᠠᠰᠢ ᠮᠠᠭᠠᠳᠯᠠᠯᠲᠠ ᠬᠢᠬᠦ ᠦᠭᠡᠢ᠃       ᠠᠷᠪᠠᠨ ᠲᠠᠪᠤᠳᠤᠭᠠᠷ ᠵᠦᠢᠯ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠬᠡᠯᠡᠯᠴᠡᠬᠦ ᠪᠠᠶᠢᠭᠤᠯᠤᠮᠵᠢ ᠠᠴᠠ ᠠᠯᠳᠠᠰᠢ ᠪᠠᠶᠢᠪᠠᠯ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠭᠠᠯ ᠭᠠᠷᠭᠠᠬᠤ ᠶᠢᠨ ᠬᠠᠮᠲᠤ ᠠᠯᠳᠠᠰᠢ ᠵᠠᠯᠠᠷᠠᠭᠤᠯᠬᠤ ᠳᠡᠰ ᠳᠠᠷᠠᠭᠠᠯᠠᠯ ᠢᠶᠠᠨ ᠴᠠᠭ ᠲᠤᠬᠠᠢ ᠳᠤᠨᠢ ᠡᠬᠢᠯᠡᠭᠦᠯᠬᠦ ᠬᠡᠷᠡᠭᠲᠡᠢ᠃       ᠠᠷᠪᠠᠨ ᠵᠢᠷᠭᠤᠳᠤᠭᠠᠷ ᠵᠦᠢᠯ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠬᠠᠷᠢᠭᠤᠴᠠᠯᠭ᠎ᠠ ᠦᠭᠡᠢ ᠡᠲᠡᠭᠡᠳ ᠠᠴᠠ ᠠᠯᠳᠠᠰᠢ ᠶᠢ ᠨᠢ ᠵᠠᠯᠠᠷᠠᠭᠤᠯᠬᠤ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠠᠯᠳᠠᠰᠢ ᠪᠠᠨ ᠵᠠᠯᠠᠷᠠᠭᠤᠯᠬᠤ ᠵᠦᠢᠯ ᠢ ᠲᠣᠳᠣᠷᠬᠠᠢ ᠳᠤᠷᠠᠳᠤᠨ᠂ ᠠᠯᠳᠠᠰᠢ ᠶᠢ ᠨᠢ ᠵᠠᠯᠠᠷᠠᠭᠤᠯᠬᠤ ᠱᠠᠭᠠᠷᠳᠠᠯᠭ᠎ᠠ ᠪᠤᠶᠤ ᠰᠠᠨᠠᠭᠤᠯᠭ᠎ᠠ ᠳᠤᠷᠠᠳᠴᠤ᠂ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠵᠠᠯᠠᠷᠠᠭᠤᠯᠬᠤ᠂ ᠠᠵᠢᠯ ᠢᠶᠠᠨ ᠰᠠᠶᠢᠵᠢᠷᠠᠭᠤᠯᠬᠤ ᠶᠢ ᠱᠠᠭᠠᠷᠳᠠᠬᠤ ᠬᠡᠷᠡᠭᠲᠡᠢ᠃ ᠡᠭᠦᠨ ᠤ ᠬᠠᠮᠲᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠲᠠᠰᠤᠭ ᠪᠤᠶᠤ ᠬᠤᠪᠢ ᠬᠥᠮᠥᠨ ᠢ ᠰᠢᠮᠳᠠᠭᠤᠯᠤᠨ ᠵᠢᠯᠤᠭᠤᠳᠴᠤ ᠰᠢᠯᠲᠠᠭᠠᠨ ᠢ ᠨᠢ ᠬᠢᠨᠠᠮᠠᠭᠠᠢ ᠵᠠᠳᠠᠯᠵᠤ᠂ ᠡᠷᠴᠢᠮᠲᠡᠢ ᠰᠤᠷᠭᠠᠮᠵᠢ ᠠᠪᠤᠭᠤᠯᠵᠤ᠂ ᠳᠦᠷᠢᠮ ᠢ ᠲᠡᠭᠦᠯᠳᠡᠷᠵᠢᠭᠦᠯᠦᠨ᠂ ᠲᠣᠭᠲᠠᠴᠠ ᠶᠢ ᠨᠢ ᠪᠦᠷᠢᠨᠰᠢᠭᠦᠯᠵᠦ᠂ ᠠᠳᠠᠯᠢᠪᠲᠤᠷ ᠠᠯᠳᠠᠰᠢ ᠳᠠᠭᠢᠵᠤ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠠᠯᠠᠷᠠᠭᠤᠯᠭᠠᠬᠰᠠᠳ ᠵᠠᠯᠠᠷᠠᠭᠤᠯᠤᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠣᠨᠴᠠᠭᠠᠢ ᠪᠠᠶᠢᠳᠠᠯ ᠠᠴᠠ ᠪᠣᠯᠵᠤ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠬᠦᠴᠢᠷᠲᠡᠢ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃       ᠠᠷᠪᠠᠨ ᠳᠣᠯᠣᠳᠤᠭᠠᠷ ᠵᠦᠢᠯ ᠵᠣᠬᠢᠰᠲᠠᠢ ᠠᠷᠭ᠎ᠠ ᠮᠠᠶ᠋ᠢᠭ ᠠᠪᠴᠤ᠂ ᠠᠯᠳᠠᠰᠢ ᠵᠠᠯᠠᠷᠠᠭᠤᠯᠤᠭᠰᠠᠨ ᠡᠲᠡᠭᠡᠳ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠣᠶᠢᠯᠠᠭᠠᠬᠤ ᠬᠡᠷᠡᠭᠲᠡᠢ᠃ ᠠᠳᠠᠯᠢ ᠲᠥᠷᠥᠯ ᠤᠨ ᠠᠰᠠᠭᠤᠳᠠᠯ ᠣᠯᠠᠨᠲᠠ ᠭᠠᠷᠤᠭᠰᠠᠨ ᠪᠤᠶᠤ ᠠᠳᠠᠯᠢ ᠨᠢᠭᠡᠨ ᠬᠦᠷᠢᠶᠡᠨ ᠳᠤ ᠲᠥᠪᠯᠡᠷᠡᠵᠦ ᠭᠠᠷᠤᠭᠰᠠᠨ ᠠᠮᠠᠷᠬᠠᠨ ᠠᠯᠳᠠᠰᠢ ᠪᠠᠶᠢᠳᠠᠯ ᠳᠤ ᠴᠢᠭᠯᠡᠭᠦᠯᠦᠨ ᠰᠤᠳᠤᠯᠤᠨ ᠵᠠᠳᠠᠯᠵᠤ᠂ ᠠᠮᠠᠷᠬᠠᠨ ᠪᠤᠷᠤᠭᠤᠳᠠᠬᠤ ᠲᠦᠭᠰᠢᠭᠦᠷᠢ ᠶᠢᠨ ᠴᠡᠭ ᠪᠠ ᠠᠰᠠᠭᠤᠳᠠᠯ ᠤᠨ ᠵᠠᠩᠭᠢᠯᠠᠭ᠎ᠠ ᠶᠢ ᠡᠷᠢᠵᠦ ᠣᠯᠬᠤ ᠶᠢᠨ ᠬᠠᠮᠲᠤ ᠰᠡᠷᠡᠮᠵᠢᠯᠡᠭᠦᠯᠦᠨ ᠰᠠᠨᠠᠭᠤᠯᠵᠤ᠂ ᠠᠳᠠᠯᠢᠪᠲᠤᠷ ᠠᠯᠳᠠᠰᠢ ᠪᠠ ᠠᠰᠠᠭᠤᠳᠠᠯ ᠳᠠᠭᠢᠨ ᠳᠠᠪᠲᠠᠨ ᠭᠠᠷᠬᠤ ᠶᠢ ᠰᠡᠷᠭᠡᠶᠢᠯᠡᠬᠦ ᠬᠡᠷᠡᠭᠲᠡᠢ᠃       ᠠᠷᠪᠠᠨ ᠨᠠᠢᠮᠠᠳᠤᠭᠠᠷ ᠵᠦᠢᠯ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠳᠤ ᠵᠥᠪ ᠢᠶᠠᠷ ᠬᠠᠨᠳᠤᠵᠤ᠂ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠶᠠᠪᠤᠴᠠ ᠳᠤ ᠪᠠᠶᠢᠴᠠᠭᠠᠭᠰᠠᠨ ᠨᠢ ᠦᠨᠡᠨ ᠪᠣᠳᠠᠲᠠᠢ ᠪᠤᠰᠤ᠂ ᠪᠠᠶᠢᠴᠠᠭᠠᠭᠰᠠᠨ ᠪᠣᠳᠠᠲᠠᠢ ᠪᠠᠷᠢᠮᠲᠠ ᠦᠭᠡᠢ ᠪᠤᠶᠤ ᠦᠨᠡᠮᠰᠢᠭᠦᠯᠦᠭᠡᠳ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ  ᠨᠢ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠪᠣᠯ ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠴᠢ ᠳᠤ ᠦᠷ᠎ᠡ ᠳ᠋ᠦᠩ ᠢ ᠨᠢ ᠬᠠᠷᠢᠭᠤ ᠲᠤᠰᠬᠠᠬᠤ ᠬᠡᠷᠡᠭᠲᠡᠢ︔ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠰᠡᠨ ᠪᠠᠶᠢᠪᠠᠯ ᠵᠣᠬᠢᠬᠤ ᠬᠡᠮᠵᠢᠶᠡᠨ ᠳᠤ ᠪᠠᠶᠢᠳᠠᠯ ᠢ ᠲᠣᠳᠣᠷᠬᠠᠶᠢᠯᠠᠵᠤ᠃ ᠪᠠᠶᠢᠴᠠᠭᠠᠨ ᠪᠠᠶᠢᠴᠠᠭᠠᠬᠤ ᠪᠠᠷ ᠳᠠᠮᠵᠢᠨ ᠮᠠᠭᠤ ᠰᠠᠨᠠᠭ᠎ᠠ ᠲᠠᠢ ᠪᠠᠷ ᠰᠢᠷᠬᠠᠲᠤᠭᠰᠠᠨ᠂ ᠭᠦᠳᠬᠡᠨ ᠭᠦᠵᠢᠷᠯᠡᠭᠰᠡᠨ ᠵᠢᠴᠢ ᠮᠠᠭᠤ ᠰᠠᠨᠠᠭ᠎ᠠ ᠲᠠᠢ ᠪᠠᠷ ᠤᠬᠠᠭᠠᠯᠠᠭᠰᠠᠨ ᠪᠠ ᠭᠦᠳᠬᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠢ ᠴᠠᠭ ᠲᠤᠬᠠᠢ ᠳᠤᠨᠢ ᠵᠣᠬᠢᠰᠲᠠᠢ ᠠᠷᠭ᠎ᠠ ᠮᠠᠶ᠋ᠢᠭ ᠢᠶᠠᠷ ᠳᠠᠮᠵᠢᠭᠤᠯᠤᠨ ᠵᠣᠬᠢᠬᠤ ᠬᠡᠪᠴᠢᠶᠡᠨ ᠳᠤ ᠲᠡᠳᠡᠨ ᠤ ᠵᠥᠪ ᠨᠡᠷ᠎ᠡ ᠶᠢ ᠲᠣᠳᠣᠷᠬᠠᠶᠢᠯᠠᠨ ᠥᠭᠴᠦ᠂ ᠡᠰᠡᠷᠭᠦ ᠲᠠᠯ᠎ᠠ ᠶᠢᠨ ᠨᠥᠯᠥᠭᠡ ᠶᠢ ᠨᠢ ᠠᠷᠢᠯᠭᠠᠵᠤ᠂ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠵᠦ ᠠᠳᠠᠯ ᠦᠢᠯᠡᠰ ᠪᠣᠰᠬᠠᠬᠤ ᠺᠠᠳ᠋ᠷᠴᠤᠳ ᠤᠨ ᠲᠦᠰᠢᠭ ᠲᠤᠯᠭᠠᠭᠤᠷᠢ ᠬᠦᠴᠦᠨ ᠪᠣᠯᠭᠠᠨ᠎ᠠ᠃       ᠠᠷᠪᠠ ᠶᠢᠰᠦᠳᠦᠭᠡᠷ ᠵᠦᠢᠯ ᠲᠤᠰ ᠳᠦᠷᠢᠮ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号