| | ᠬᠤᠰᠢᠭᠤᠨ ᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠄ | ︽ᠠᠯᠠᠱᠠ ᠠᠶᠢᠮᠠᠭ ᠤᠨ ᠵᠠᠬᠢᠷᠭ᠎ᠠ ᠶᠢᠨ ᠬᠡᠪᠯᠡᠨ ᠶᠠᠪᠤᠭᠤᠯᠬᠤ ᠲᠤᠬᠠᠢ ᠮᠡᠳᠡᠭᠳᠡᠯ︾ ︵ᠠᠯᠠᠱᠠ ᠠᠶᠢᠮᠠᠭ ᠤᠨ | ᠲᠠᠷᠬᠠᠭᠠᠭᠰᠠᠨ ﹇2024﹈ 20 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠢᠲᠡᠭᠡᠮᠵᠢ ᠶᠢᠨ | ᠲᠦᠭᠰᠢᠭᠦᠷᠢ ᠶᠢ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠢ ᠤᠯᠠᠮ ᠰᠠᠶᠢᠲᠤᠷ ᠬᠢᠵᠦ᠂ ᠢᠲᠡᠭᠡᠮᠵᠢ ᠶᠢᠨ | ᠬᠢᠨᠠᠨ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠴᠢᠩᠭᠠᠷᠠᠭᠤᠯᠬᠤ ᠶᠢᠨ ᠲᠤᠰᠠᠳᠠ᠂ ᠪᠣᠳᠠᠲᠠᠢ ᠱᠠᠭᠠᠷᠳᠠᠯᠭ᠎ᠠ ᠶᠢ | ᠳᠠᠷᠠᠭᠠᠬᠢ ᠬᠡᠳᠦᠨ ᠲᠠᠯ᠎ᠠ ᠪᠠᠷ ᠳᠤᠷᠠᠳᠪᠠ᠄ | ᠨᠢᠭᠡ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠳ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ | ︵ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ - ᠥᠪᠥᠷ ᠮᠣᠩᠭᠤᠯ︶ ᠳᠠᠬᠢ ᠢᠲᠡᠭᠡᠮᠵᠢ ᠶᠢᠨ | ᠲᠦᠭᠰᠢᠭᠦᠷᠢ ᠶᠢ ᠳᠡᠰ ᠲᠥᠷᠥᠯ ᠬᠤᠪᠢᠶᠠᠭᠰᠠᠨ ᠦᠷ᠎ᠡ ᠳ᠋ᠦᠩ ᠪᠠ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠲᠦᠯᠬᠢᠨ ᠬᠦᠷᠭᠡᠭᠰᠡᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠨ ᠦᠨᠡᠯᠡᠭᠰᠡᠨ ᠦᠷ᠎ᠡ | ᠳ᠋ᠦᠩ ᠢ ᠶᠡᠷᠦᠩᠬᠡᠶᠢᠯᠡᠨ ᠬᠡᠷᠡᠭᠯᠡᠵᠦ᠂ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠦᠨᠡᠯᠡᠬᠦ ᠲᠤᠰᠬᠠᠢ ᠬᠡᠷᠡᠭᠯᠡᠭᠡᠨ ᠤ | ᠬᠥᠮᠥᠷᠭᠡ ᠶᠢ ᠪᠠᠶᠢᠭᠤᠯᠤᠨ᠂ ᠲᠤᠰ ᠲᠤᠰ ᠤᠨ ᠬᠢᠨᠠᠨ ᠬᠠᠮᠢᠶᠠᠷᠬᠤ ᠬᠦᠷᠢᠶ᠎ᠡ ᠬᠡᠪᠴᠢᠶᠡᠨ ᠳᠠᠬᠢ ᠬᠢᠨᠠᠨ ᠬᠠᠮᠢᠶᠠᠷᠬᠤ | ᠡᠲᠡᠭᠡᠳ ᠲᠤ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠢᠳᠡᠪᠬᠢᠲᠡᠢ ᠥᠷᠨᠢᠭᠦᠯᠵᠦ᠂ ᠢᠲᠡᠭᠡᠮᠵᠢ ᠶᠢᠨ ᠳᠡᠰ | ᠲᠥᠷᠥᠯ ᠬᠤᠪᠢᠶᠠᠨ ᠬᠢᠨᠠᠨ ᠬᠠᠮᠢᠶᠠᠷᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠬᠦ | ᠬᠡᠷᠡᠭᠲᠡᠢ᠃ | ᠬᠤᠶᠠᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠲᠤᠰ ᠰᠠᠯᠠᠭ᠎ᠠ ᠮᠥᠴᠢᠷ ᠤᠨ ᠢᠶᠠᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠪᠠ ᠠᠵᠢᠯᠯᠠᠭᠠᠨ ᠤ | ᠵᠢᠮ᠎ᠡ ᠶᠣᠰᠣ ᠶᠢᠨ ᠵᠠᠳᠠᠯᠤᠯᠲᠠ ᠪᠠᠨ ᠴᠢᠩᠭᠠᠳᠬᠠᠵᠤ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ | ᠣᠳᠣᠬᠢᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ᠡᠯ᠎ᠡ ᠲᠥᠷᠥᠯ ᠤᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠯᠡᠨ ᠨᠡᠶᠢᠯᠡᠭᠦᠯᠵᠦ᠂ | ᠬᠤᠯᠪᠣᠭᠳᠠᠬᠤ ᠵᠠᠳᠠᠯᠤᠯᠲᠠ ᠪᠠ ᠲᠤᠭ᠎ᠠ ᠪᠠᠷᠢᠮᠲᠠ ᠶᠢᠨ ᠠᠭᠤᠳᠠᠯᠤᠯᠲᠠ ᠬᠢᠵᠦ᠂ ᠮᠡᠳᠡᠭᠡ ᠵᠠᠩᠭᠢᠵᠢᠯᠲᠠ ᠶᠢᠨ | ᠰᠢᠰᠲ᠋ᠧᠮ ᠳᠤ ᠲᠦᠰᠢᠭᠯᠡᠨ ᠳᠡᠰ ᠪᠠ ᠲᠥᠷᠥᠯ ᠬᠤᠪᠢᠶᠠᠬᠤ ᠬᠡᠷᠡᠭᠲᠡᠢ᠃ ᠲᠤᠰ ᠬᠦᠷᠢᠶᠡᠨ ᠤ ᠬᠢᠨᠠᠨ ᠬᠠᠮᠢᠶᠠᠷᠬᠤ | ᠡᠲᠡᠭᠡᠳ ᠲᠤ ᠢᠲᠡᠭᠡᠮᠵᠢ ᠶᠢᠨ ᠲᠦᠭᠰᠢᠭᠦᠷᠢ ᠶᠢ ᠳᠡᠰ ᠲᠥᠷᠥᠯ ᠬᠤᠪᠢᠶᠠᠵᠤ᠂ ᠢᠲᠡᠭᠡᠮᠵᠢ ᠶᠢᠨ ᠲᠦᠭᠰᠢᠭᠦᠷᠢ ᠶᠢᠨ | ᠪᠠᠶᠢᠳᠠᠯ ᠢ ᠦᠨᠳᠦᠰᠦᠯᠡᠨ ᠳᠣᠣᠷ᠎ᠠ ᠠᠴᠠ ᠥᠨᠳᠥᠷ ᠪᠤᠯᠭᠠᠵᠤ ᠠᠵᠤ ᠠᠬᠤᠶᠢᠯᠠᠯ ᠢ ᠢᠲᠡᠭᠡᠮᠵᠢ ᠶᠢᠨ ᠲᠦᠭᠰᠢᠭᠦᠷᠢ | ᠳᠣᠣᠷ᠎ᠠ ︵A ᠲᠥᠷᠥᠯ︶᠂ ᠢᠲᠡᠭᠡᠮᠵᠢ ᠶᠢᠨ ᠲᠦᠭᠰᠢᠭᠦᠷᠢ ᠡᠩ ᠤᠨ ︵B ᠲᠥᠷᠥᠯ︶᠂ ᠢᠲᠡᠭᠡᠮᠵᠢ ᠶᠢᠨ | ᠲᠦᠭᠰᠢᠭᠦᠷᠢ ᠨᠡᠯᠢᠶᠡᠳ ᠥᠨᠳᠥᠷ ︵C ᠲᠥᠷᠥᠯ︶᠂ ᠢᠲᠡᠭᠡᠮᠵᠢ ᠶᠢᠨ ᠲᠦᠭᠰᠢᠭᠦᠷᠢ ᠥᠨᠳᠥᠷ ︵D ᠲᠥᠷᠥᠯ︶ | ᠭᠡᠬᠦ ᠳᠥᠷᠪᠡᠨ ᠲᠥᠷᠥᠯ ᠬᠤᠪᠢᠶᠠᠨ᠎ᠠ᠃ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠥᠷᠥᠯ | ᠬᠤᠪᠢᠶᠠᠭᠰᠠᠨ ᠦᠷ᠎ᠡ ᠳ᠋ᠦᠩ ᠢ ᠠᠵᠤ ᠠᠬᠤᠶᠢᠯᠠᠯ ᠤᠨ ᠨᠡᠷ᠎ᠡ ᠶᠢᠨ ᠳᠣᠣᠷ᠎ᠠ ᠲᠡᠮᠳᠡᠭᠯᠡᠨ᠂ ᠲᠣᠭᠲᠠᠮᠠᠯ | ᠬᠤᠭᠤᠴᠠᠭ᠎ᠠ ᠲᠠᠢ ᠪᠠᠷ ᠬᠥᠳᠡᠯᠦᠩᠭᠦᠢ ᠰᠢᠨᠡᠳᠬᠡᠨ ᠰᠣᠯᠢᠨ᠎ᠠ᠃ | ᠭᠤᠷᠪᠠ᠂ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠨᠡᠭᠡᠭᠡᠯᠲᠡ ᠲᠠᠢ ᠪᠣᠯᠭᠠᠬᠤ︾ | ᠬᠢᠨᠠᠯᠲᠠ ᠬᠠᠮᠢᠶᠠᠷᠤᠯᠲᠠ ᠯᠤᠭ᠎ᠠ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ ᠬᠤᠰᠢᠭᠤᠨ ᠤ ᠰᠢᠭᠤᠳ | ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ︽ᠬᠤᠶᠠᠷ ᠢ ᠲᠣᠬᠢᠶᠠᠯᠳᠤᠯ ᠢᠶᠠᠷ | ᠰᠣᠩᠭᠤᠬᠤ᠂ ᠨᠢᠭᠡ ᠶᠢ ᠨᠡᠭᠡᠭᠡᠯᠲᠡ ᠲᠠᠢ ᠪᠣᠯᠭᠠᠬᠤ︾ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ | ᠲᠣᠭᠲᠠᠭᠠᠬᠤ ᠳᠠᠭᠠᠨ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠱᠠᠲᠤ ᠬᠤᠪᠢᠶᠠᠨ ᠲᠥᠷᠥᠯ | ᠬᠤᠪᠢᠶᠠᠵᠤ ᠦᠷ᠎ᠡ ᠳ᠋ᠦᠩ ᠢ ᠦᠨᠳᠦᠰᠦᠯᠡᠨ᠂ ᠰᠤᠭᠤᠴᠢᠨ ᠪᠠᠶᠢᠴᠠᠭᠠᠬᠤ ᠬᠠᠷᠢᠴᠠᠯ ᠪᠣᠯᠣᠨ ᠤᠳᠠᠭ᠎ᠠ ᠪᠠᠨ ᠵᠦᠢ | ᠵᠣᠬᠢᠰᠲᠠᠢ ᠲᠣᠭᠲᠠᠭᠠᠵᠤ᠂ ᠬᠥᠳᠡᠯᠦᠩᠭᠦᠢ ᠪᠠᠷ ᠲᠣᠬᠢᠷᠠᠭᠤᠯᠤᠨ ᠰᠤᠭᠤᠴᠢᠨ ᠪᠠᠶᠢᠴᠠᠭᠠᠬᠤ ᠬᠠᠷᠢᠴᠠᠯ ᠪᠣᠯᠣᠨ | ᠤᠳᠠᠭ᠎ᠠ ᠳᠠᠷᠠᠭ᠎ᠠ ᠶᠢᠨ ᠵᠥᠷᠢᠶᠡᠲᠦ ᠬᠢᠨᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ A ᠲᠥᠷᠥᠯ ᠤᠨ ᠠᠵᠤ | ᠠᠬᠤᠶᠢᠯᠠᠯ ᠳᠤ᠂ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠪᠠᠨ ᠵᠦᠢ ᠵᠣᠬᠢᠰᠲᠠᠢ | ᠪᠠᠭᠤᠷᠠᠭᠤᠯᠵᠤ᠂ ᠢᠯᠡᠴᠢᠯᠡᠨ ᠵᠠᠭᠠᠯᠳᠤᠬᠤ᠂ ᠲᠣᠮᠣ ᠲᠤᠭ᠎ᠠ ᠪᠠᠷᠢᠮᠲᠠ ᠶᠢ ᠬᠢᠨᠠᠨ ᠰᠢᠨᠵᠢᠬᠦ ᠳᠤ ᠠᠰᠠᠭᠤᠳᠠᠯ | ᠢᠯᠡᠷᠡᠭᠦᠯᠦᠭᠰᠡᠨ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠬᠡᠷᠡᠭ ᠤᠨ ᠰᠦᠪᠡᠭᠴᠢ ᠶᠢ ᠰᠢᠯᠵᠢᠭᠦᠯᠦᠨ | ᠭᠦᠢᠴᠡᠳᠬᠡᠬᠦ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ | ᠂ ᠪᠣᠳᠠᠲᠤ ᠪᠠᠶᠢᠳᠠᠯ ᠢ ᠨᠢ ᠦᠨᠳᠦᠰᠦᠯᠡᠨ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠶᠢ | ᠬᠡᠷᠡᠭᠵᠢᠭᠦᠯᠬᠦ ᠦᠭᠡᠢ ᠪᠠᠶᠢᠵᠤ ᠪᠣᠯᠣᠨ᠎ᠠ᠂ ︽ᠤᠴᠢᠷ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ | ᠪᠡᠶᠡᠯᠡᠭᠦᠯᠦᠨ᠎ᠡ︔ B ᠲᠥᠷᠥᠯ ᠤᠨ ᠠᠵᠤ ᠠᠬᠤᠶᠢᠯᠠᠯ ᠳᠤ ᠡᠩ ᠤᠨ ᠬᠠᠷᠢᠴᠠᠯ ᠪᠠ ᠤᠳᠠᠭ᠎ᠠ ᠪᠠᠷ ᠰᠣᠩᠭᠤᠨ | ᠪᠠᠶᠢᠴᠠᠭᠠᠯᠲᠠ ᠬᠢᠨ᠎ᠡ︔ C ᠲᠥᠷᠥᠯ ᠤᠨ ᠠᠵᠤ ᠠᠬᠤᠶᠢᠯᠠᠯ ᠳᠤ ᠭᠤᠣᠯᠳᠠᠯᠭ᠎ᠠ ᠲᠠᠢ ᠠᠩᠬᠠᠷᠤᠯ ᠲᠠᠯᠪᠢᠵᠤ᠂ | ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠶᠢ ᠵᠣᠬᠢᠰᠲᠠᠢ ᠳᠡᠭᠡᠭᠰᠢᠯᠡᠭᠦᠯᠭᠦ ᠬᠡᠷᠡᠭᠲᠡᠢ ; D | ᠲᠥᠷᠥᠯ ᠤᠨ ᠠᠵᠤ ᠠᠬᠤᠶᠢᠯᠠᠯ ᠳᠤ ᠴᠢᠩᠭ᠎ᠠ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠰᠤᠭᠤᠴᠢᠨ | ᠪᠠᠶᠢᠴᠠᠭᠠᠬᠤ ᠬᠠᠷᠢᠴᠠᠯ ᠪᠣᠯᠣᠨ ᠤᠳᠠᠭ᠎ᠠ ᠳᠠᠷᠠᠭ᠎ᠠ ᠶᠢ ᠴᠢᠭᠯᠡᠭᠦᠯᠬᠦ ᠴᠢᠨᠠᠷᠲᠠᠢ ᠪᠠᠷ ᠶᠡᠬᠡᠪᠡᠷ ᠳᠡᠭᠡᠭᠰᠢᠯᠡᠭᠦᠯᠦᠨ᠂ | ᠴᠢᠬᠤᠯᠠ ᠲᠠᠢ ᠦᠶ᠎ᠡ ᠳᠤ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠬᠦ | ᠬᠡᠷᠡᠭᠲᠡᠢ᠃ ᠬᠢᠨᠠᠨ ᠬᠠᠮᠢᠶᠠᠷᠬᠤ ᠡᠲᠡᠭᠡᠳ ᠤᠨ ᠠᠳᠠᠯᠢ ᠪᠤᠰᠤ ᠢᠲᠡᠭᠡᠮᠵᠢ ᠶᠢᠨ ᠵᠡᠷᠭᠡ ᠳᠡᠰ ᠤᠨ ᠶᠣᠰᠣᠭᠠᠷ ᠰᠠᠯᠠᠭ᠎ᠠ | ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︵ᠥᠪᠥᠷ ᠮᠣᠩᠭᠤᠯ︶ ᠤᠨ ᠳᠣᠲᠣᠷ᠎ᠠ ᠵᠣᠬᠢᠴᠠᠩᠭᠤᠢ | ᠪᠠᠶᠢᠴᠠᠭᠠᠬᠤ ᠡᠲᠡᠭᠡᠳ ᠤᠨ ᠬᠤᠪᠢᠶᠠᠷᠢ ᠬᠥᠮᠥᠷᠭᠡ ᠪᠠᠶᠢᠭᠤᠯᠬᠤ ᠬᠡᠷᠡᠭᠲᠡᠢ᠃ ᠰᠤᠭᠤᠴᠢᠨ ᠪᠠᠶᠢᠴᠠᠭᠠᠭᠰᠠᠨ ᠦᠷ᠎ᠡ | ᠳ᠋ᠦᠩ ᠢ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︵ᠥᠪᠥᠷ ᠮᠣᠩᠭᠤᠯ︶ ᠳᠤ ᠴᠠᠭ | ᠲᠤᠬᠠᠢ ᠳᠤᠨᠢ ᠰᠢᠩᠭᠡᠬᠡᠨ ᠣᠷᠣᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠥᠷᠥᠯ | ᠬᠤᠪᠢᠶᠠᠭᠰᠠᠨ ᠦᠷ᠎ᠡ ᠳ᠋ᠦᠩ ᠤᠨ ᠬᠥᠳᠡᠯᠦᠩᠭᠦᠢ ᠰᠢᠨᠡᠳᠬᠡᠭᠰᠡᠨ ᠨᠢ ᠪᠣᠳᠠᠲᠤ ᠴᠠᠭ ᠤᠨ ᠲᠤᠭ᠎ᠠ ᠪᠠᠷᠢᠮᠲᠠ ᠶᠢᠨ | ᠳᠡᠮᠵᠢᠯᠭᠡ ᠶᠢ ᠬᠠᠩᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠵᠠᠷᠴᠢᠮ ᠳᠡᠭᠡᠷ᠎ᠡ ᠪᠠᠨ ᠪᠦᠭᠦ ᠵᠢᠯ ᠳᠤ | ᠢᠲᠡᠭᠡᠮᠵᠢ ᠶᠢᠨ ᠳᠡᠰ ᠪᠠ ᠲᠥᠷᠥᠯ ᠬᠤᠪᠢᠶᠠᠭᠰᠠᠨ ᠦᠷ᠎ᠡ ᠳ᠋ᠦᠩ ᠢ ᠬᠡᠷᠡᠭᠯᠡᠨ ︽ᠬᠤᠣᠰ ᠲᠠᠰᠢᠷᠠᠮ︾ ᠤᠨ | ᠰᠤᠭᠤᠴᠢᠨ ᠪᠠᠶᠢᠴᠠᠭᠠᠬᠤ ᠶᠢ ᠥᠷᠨᠢᠭᠦᠯᠦᠭᠰᠡᠨ ᠬᠠᠷᠢᠴᠠᠯ ᠢ 90 % ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ | ᠬᠡᠷᠡᠭᠲᠡᠢ᠃ | ᠳᠥᠷᠪᠡ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠤᠨ ᠬᠢᠨᠠᠯᠲᠠ | ᠬᠠᠮᠢᠶᠠᠷᠤᠯᠲᠠ ᠶᠢ ᠰᠦᠪᠡᠭᠴᠢᠯᠡᠨ ᠲᠡᠭᠦᠯᠳᠡᠷᠵᠢᠭᠦᠯᠦᠨ᠎ᠡ᠃ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ | ᠰᠢᠨ᠎ᠡ ᠵᠠᠭᠪᠤᠷ ᠵᠡᠷᠭᠡ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠥᠷᠥᠯ ᠬᠤᠪᠢᠶᠠᠭᠰᠠᠨ ᠦᠷ᠎ᠡ | ᠳ᠋ᠦᠩ ᠢ ᠯᠠᠪᠯᠠᠵᠤ᠂ ᠨᠡᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ | ᠰᠦᠪᠡᠭᠴᠢᠯᠡᠨ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠭᠡᠮ ᠰᠣᠭᠤᠭ ᠢ ᠦᠨᠡᠨᠬᠦ ᠬᠤᠷᠢᠭᠯᠠᠬᠤ ᠬᠡᠷᠡᠭᠲᠡᠢ᠃ | ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ | ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠦᠨᠳᠦᠰᠦᠯᠡᠨ᠂ ᠢᠲᠡᠭᠡᠮᠵᠢ ᠶᠢᠨ | ᠲᠦᠭᠰᠢᠭᠦᠷᠢ ᠳᠣᠣᠷ᠎ᠠ ᠪᠠ ᠢᠲᠡᠭᠡᠮᠵᠢ ᠶᠢᠨ ᠲᠦᠭᠰᠢᠭᠦᠷᠢ ᠡᠩ ᠤᠨ ᠠᠵᠤ ᠠᠬᠤᠶᠢᠯᠠᠯ ᠳᠤ ᠵᠣᠬᠢᠬᠤ ᠴᠠᠭ ᠤᠨ ︽ | ᠠᠵᠢᠭᠯᠠᠬᠤ ᠬᠤᠭᠤᠴᠠᠭ᠎ᠠ︾ ᠥᠭᠴᠦ᠂ ᠭᠦᠨᠳᠡᠭᠦ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ | ᠬᠡᠷᠡᠭᠵᠢᠭᠦᠯᠵᠦ᠂ ᠠᠮᠤᠷ ᠲᠦᠪᠰᠢᠨ ᠤ ᠬᠢᠵᠠᠭᠠᠷ ᠱᠤᠭᠤᠮ ᠢ ᠴᠢᠩᠭ᠎ᠠ ᠵᠢᠷᠤᠮᠯᠠᠭᠰᠠᠨ ᠤᠷᠢᠳᠠᠯ ᠳᠣᠣᠷ᠎ᠠ᠂ ᠠᠵᠤ | ᠠᠬᠤᠶᠢᠯᠠᠯ ᠳᠤ ᠬᠥᠭᠵᠢᠯᠲᠡ ᠶᠢᠨ ᠭᠦᠢᠴᠡᠳ ᠣᠷᠣᠨ ᠵᠠᠢ ᠣᠯᠭᠤᠨ᠎ᠠ ; ᠢᠲᠡᠭᠡᠮᠵᠢ ᠶᠢᠨ ᠲᠦᠭᠰᠢᠭᠦᠷᠢ ᠶᠡᠬᠡᠲᠡᠢ | ᠠᠵᠤ ᠠᠬᠤᠶᠢᠯᠠᠯ ᠳᠤ ᠬᠠᠨᠳᠤᠭᠤᠯᠤᠨ ᠴᠢᠩᠭ᠎ᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠢ ᠪᠠᠷ | ᠠᠪᠴᠤ᠂ ᠲᠦᠭᠰᠢᠭᠦᠷᠢ ᠶᠢᠨ ᠪᠣᠯᠵᠣᠰᠢ ᠦᠭᠡᠢ ᠡᠷᠡᠰᠳᠡᠯ ᠤᠨ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ | ᠴᠢᠨᠠᠷᠲᠠᠢ ᠲᠣᠪᠣᠶᠢᠮ᠎ᠠ ᠠᠰᠠᠭᠤᠳᠠᠯ ᠪᠣᠯᠵᠤ ᠬᠤᠪᠢᠷᠠᠬᠤ ᠶᠢ ᠰᠡᠷᠭᠡᠶᠢᠯᠡᠬᠦ ᠬᠡᠷᠡᠭᠲᠡᠢ᠃ | ᠲᠠᠪᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠭᠰᠠᠨ ᠦᠷ᠎ᠡ ᠳ᠋ᠦᠩ ᠢ | ᠬᠡᠷᠡᠭᠯᠡᠬᠦ ᠶᠢ ᠥᠷᠭᠡᠵᠢᠭᠦᠯᠦᠨ᠎ᠡ᠃ ᠬᠤᠰᠢᠭᠤᠨ ᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠥᠷᠥᠯ | ᠬᠤᠪᠢᠶᠠᠭᠰᠠᠨ ᠦᠷ᠎ᠡ ᠳ᠋ᠦᠩ ᠢ ᠶᠡᠷᠦᠩᠬᠡᠶᠢᠯᠡᠨ ᠬᠡᠷᠡᠭᠯᠡᠬᠦ ᠶᠢ ᠢᠳᠡᠪᠬᠢᠲᠡᠢ ᠰᠦᠪᠡᠭᠴᠢᠯᠡᠵᠦ᠂ ᠬᠠᠮᠢᠶ᠎ᠠ ᠪᠦᠬᠦᠢ | ᠲᠤᠬᠠᠶᠢᠯᠠᠭᠰᠠᠨ ᠠᠵᠢᠯ ᠢ ᠭᠦᠢᠴᠡᠳᠬᠡᠬᠦ ᠦᠶᠡᠰ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ | ᠲᠥᠷᠥᠯ ᠬᠤᠪᠢᠶᠠᠭᠰᠠᠨ ᠦᠷ᠎ᠡ ᠳ᠋ᠦᠩ ᠢ ᠯᠠᠪᠯᠠᠬᠤ ᠶᠢ ᠴᠢᠬᠤᠯᠠᠴᠢᠯᠠᠬᠤ ᠬᠡᠷᠡᠭᠲᠡᠢ᠃ ᠡᠭᠦᠨ ᠤ ᠬᠠᠮᠲᠤ᠂ ᠠᠵᠤ | ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠴᠠᠭ ᠲᠤᠨᠢ ᠲᠣᠬᠢᠷᠠᠭᠤᠯᠤᠨ ᠲᠦᠭᠰᠢᠭᠦᠷᠢ ᠶᠢᠨ | ᠰᠠᠨᠠᠭᠤᠯᠤᠮᠵᠢ ᠬᠢᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠢ ᠪᠠᠨ ᠬᠠᠮᠢᠶᠠᠷᠬᠤ᠂ | ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠡᠵᠡᠩᠨᠡᠭᠦᠯᠦᠨ᠎ᠡ᠃ | ᠵᠢᠷᠭᠤᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠢᠲᠡᠭᠡᠮᠵᠢ ᠶᠢᠨ ᠲᠦᠭᠰᠢᠭᠦᠷᠢ ᠶᠢ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠠᠬᠢᠭᠤᠯᠬᠤ | ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠵᠢᠴᠢ ᠰᠢᠨ᠎ᠡ ᠰᠡᠳᠬᠢᠴᠡ ᠶᠢ ᠴᠠᠭ ᠲᠤᠬᠠᠢ ᠳᠤᠨᠢ ᠳ᠋ᠦᠩᠨᠡᠨ | ᠬᠤᠷᠢᠶᠠᠩᠭᠤᠶᠢᠯᠠᠵᠤ᠂ ᠡᠯ᠎ᠡ ᠬᠦᠷᠢᠶ᠎ᠡ ᠴᠠᠷᠠᠭ᠎ᠠ ᠳᠠᠬᠢ ᠢᠲᠡᠭᠡᠮᠵᠢ ᠶᠢᠨ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ | ᠠᠵᠢᠯ ᠢ ᠯᠠᠪᠳᠠᠭᠤᠨ ᠪᠠᠲᠤᠲᠠᠢ ᠥᠨᠳᠥᠷ ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠣᠯᠠᠨ ᠵᠦᠢᠯ ᠤᠨ | ᠠᠷᠭ᠎ᠠ ᠵᠠᠮ ᠪᠣᠯᠣᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ | ᠲᠥᠷᠥᠯ ᠬᠤᠪᠢᠶᠠᠨ ᠬᠠᠮᠢᠶᠠᠷᠬᠤ ᠠᠵᠢᠯ ᠤᠨ ᠵᠢᠯᠣᠭᠤᠳᠤᠯᠭ᠎ᠠ ᠪᠣᠯᠣᠨ ᠲᠤᠬᠠᠶᠢᠯᠠᠭᠰᠠᠨ ᠠᠵᠢᠯ ᠤᠨ ᠰᠤᠷᠭᠠᠯᠲᠠ ᠶᠢ | ᠴᠢᠩᠭᠠᠳᠬᠠᠵᠤ᠂ ᠬᠢᠨᠠᠨ ᠬᠠᠮᠢᠶᠠᠷᠬᠤ ᠴᠢᠳᠠᠪᠤᠷᠢ ᠪᠣᠯᠣᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ | ᠬᠡᠷᠡᠭᠲᠡᠢ᠃ ᠲᠡᠷᠢᠭᠦᠨ ᠤ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ ᠠᠵᠤ ᠠᠬᠤᠶᠢᠯᠠᠯ ᠤᠨ | ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠤᠨ ᠦᠷ᠎ᠡ ᠪᠦᠲᠦᠮᠵᠢ ᠶᠢ ᠢᠳᠡᠪᠬᠢᠲᠡᠢ | ᠤᠬᠠᠭᠤᠯᠵᠤ᠂ ᠵᠠᠰᠠᠭ ᠤᠨ ᠣᠷᠳᠣᠨ ᠲᠥᠪ ᠭᠤᠣᠯᠴᠢ ᠪᠠᠷ ᠬᠢᠨᠠᠨ ᠬᠠᠮᠢᠶᠠᠷᠤᠭᠰᠠᠨ᠂ ᠠᠵᠤ ᠠᠬᠤᠶᠢᠯᠠᠯ ᠦᠨᠡᠨᠴᠢ | ᠢᠲᠡᠭᠡᠮᠵᠢᠲᠡᠢ ᠪᠠᠷ ᠪᠡᠶ᠎ᠡ ᠪᠠᠨ ᠱᠠᠭᠠᠷᠳᠠᠭᠰᠠᠨ ᠰᠠᠶᠢᠨ ᠰᠠᠶᠢᠬᠠᠨ ᠣᠷᠴᠢᠨ ᠪᠠᠶᠢᠳᠠᠯ ᠢ ᠪᠤᠢ ᠪᠤᠯᠭᠠᠬᠤ ᠶᠢ ᠠᠬᠢᠭᠤᠯᠬᠤ | ᠬᠡᠷᠡᠭᠲᠡᠢ᠃ | ᠬᠤᠰᠢᠭᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ 9ᠳ᠋ᠦ᠋ᠭᠡᠷ | ᠰᠠᠷ᠎ᠠ ᠶᠢᠨ 23 ᠤ ᠡᠳᠦᠷ ᠠᠴᠠ ᠡᠮᠦᠨ᠎ᠡ ᠲᠤᠰ ᠰᠠᠯᠠᠭ᠎ᠠ ᠮᠥᠴᠢᠷ ᠤᠨ ᠢᠲᠡᠭᠡᠮᠵᠢ ᠶᠢᠨ ᠲᠦᠭᠰᠢᠭᠦᠷᠢ ᠶᠢ ᠳᠡᠰ | ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠤᠨ ᠬᠡᠷᠡᠭᠵᠢᠭᠦᠯᠬᠦ ᠲᠥᠰᠥᠯ᠂ ᠰᠠᠯᠠᠭ᠎ᠠ ᠮᠥᠴᠢᠷ ᠤᠨ ᠬᠠᠮᠵᠢᠯᠴᠠᠨ | ᠬᠢᠨᠠᠨ ᠬᠠᠮᠢᠶᠠᠷᠬᠤ ᠲᠠᠪᠴᠠᠩ ︵ᠥᠪᠥᠷ ᠮᠣᠩᠭᠤᠯ︶ ᠤᠨ ᠵᠦᠩ A᠂ B᠂ C᠂ D ᠳᠥᠷᠪᠡᠨ ᠲᠥᠷᠥᠯ ᠤᠨ | ᠪᠠᠶᠢᠴᠠᠭᠠᠬᠤ ᠡᠲᠡᠭᠡᠳ ᠤᠨ ᠰᠠᠯᠪᠤᠷᠢ ᠬᠥᠮᠥᠷᠭᠡ ᠶᠢᠨ ᠡᠭᠦᠳᠡ ᠡᠷᠦᠭᠡ ᠶᠢᠨ ᠰᠦᠯᠵᠢᠶᠡᠨ ᠤ ᠥᠷᠲᠡᠭᠡ ᠶᠢᠨ ᠢᠯᠡ | ᠨᠡᠶᠢᠲᠡᠯᠡᠬᠦ ᠵᠢᠷᠤᠭ ᠪᠠ ᠵᠠᠯᠭᠠᠬᠤ ᠶᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠳᠤ ᠮᠡᠳᠡᠭᠦᠯᠬᠦ ᠬᠡᠷᠡᠭᠲᠡᠢ︔ ᠡᠯ᠎ᠡ ᠰᠠᠯᠠᠭ᠎ᠠ ᠮᠥᠴᠢᠷ 10 ᠳ᠋ᠤᠭᠠᠷ ᠰᠠᠷ᠎ᠠ ᠶᠢᠨ 25 ᠤ ᠡᠳᠦᠷ ᠠᠴᠠ | ᠡᠮᠦᠨ᠎ᠡ ᠠᠵᠢᠯ ᠤᠨ ᠳ᠋ᠦᠩᠨᠡᠯᠲᠡ ᠪᠠᠨ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ | ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | | | |