ᠨᠢᠩᠰᠢᠶᠠ ᠶᠡᠭᠡ ᠰᠤᠷᠭᠠᠭᠤᠯᠢ ᠶᠢᠨ ᠨᠡᠶᠢᠭᠡᠮ ᠤᠨ ᠦᠢᠯᠡᠳᠦᠯᠭᠡ ᠶᠢᠨ ᠪᠦᠯᠬᠦᠮ ᠠᠯᠠᠱᠠ ᠵᠡᠭᠦᠨ ᠬᠤᠰᠢᠭᠤᠨ ᠳᠤ ᠢᠷᠡᠪᠡ
ᠨᠡᠶᠢᠲᠡᠯᠡᠭᠰᠡᠨ ᠴᠠᠭ᠄
2024/9/4
      ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠡᠪᠯᠡᠯ ᠤᠨ ᠬᠤᠷᠢᠶ᠎ᠠ ᠪᠣᠯᠤᠨ ᠨᠢᠩᠰᠢᠶᠠ ᠶᠡᠭᠡ ᠰᠤᠷᠭᠠᠭᠤᠯᠢ ᠶᠢᠨ ᠨᠡᠶᠢᠭᠡᠮ ᠤᠨ ᠦᠢᠯᠡᠳᠦᠯᠭᠡ ᠶᠢᠨ ᠪᠦᠯᠬᠦᠮ ᠬᠠᠮᠲᠤᠷᠠᠨ ︽ᠰᠡᠳᠬᠢᠴᠡ ᠪᠠᠨ ᠬᠠᠮᠠᠭᠠᠯᠠᠵᠤ · ᠬᠡᠭᠡᠷ᠎ᠡ ᠪᠠᠷ ᠠᠶᠠᠯᠠᠬᠤ︾ ᠠᠵᠢᠯᠯᠠᠭ᠎ᠠ ᠶᠢ ᠥᠷᠨᠢᠭᠦᠯᠵᠦ᠂ ᠲᠤᠰᠬᠠᠶ ᠮᠡᠷᠭᠡᠵᠢᠯ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠡᠬᠢ ᠪᠠᠶᠠᠯᠢᠭ ᠢ ᠠᠯᠠᠱᠠ ᠵᠡᠭᠦᠨ ᠬᠤᠰᠢᠭᠤᠨ ᠳᠤ ᠣᠷᠣᠭᠤᠯᠵᠤ᠂ ᠬᠠᠨᠳᠤᠯᠭᠠᠲᠤ ᠴᠢᠨᠠᠷᠲᠠᠶ᠂ ᠰᠣᠨᠢᠷᠬᠠᠯᠲᠤ ᠴᠢᠨᠠᠷᠲᠠᠶ ᠠᠯᠢ ᠣᠯᠠᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠬᠤᠰᠢᠭᠤᠨ ᠤ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠬᠦᠮᠦᠵᠢᠭᠦᠯᠬᠦ ᠳᠤ ᠬᠦᠴᠦᠨ ᠨᠡᠮᠡᠷᠢᠯᠡᠪᠡ᠃
    ᠠᠯᠠᠱᠠ ᠠᠶᠢᠮᠠᠭ ᠤᠨ ᠪᠠᠭᠠᠴᠤᠳ ᠤᠨ ᠣᠷᠳᠣᠨ ᠳᠤ᠂ ᠬᠠᠷᠢᠯᠴᠠᠨ ᠦᠢᠯᠡᠳᠦᠯᠴᠡᠬᠦ ᠦᠢᠯᠡᠳᠦᠯᠭᠡ ᠶᠢᠨ ᠬᠢᠴᠢᠶᠡᠯ ᠤᠨ ᠲᠠᠩᠬᠢᠮ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠨᠡᠶᠢᠭᠡᠮ ᠤᠨ ᠦᠢᠯᠡᠳᠦᠯᠭᠡ ᠶᠢᠨ ᠪᠦᠯᠬᠦᠮ ᠤᠨ ᠪᠠᠭᠰᠢ ᠨᠠᠷ ᠤᠨ ᠳᠠᠭᠠᠭᠤᠯᠭ᠎ᠠ ᠳᠣᠣᠷ᠎ᠠ᠂ ᠰᠤᠷᠤᠭᠴᠢᠳ ︽ᠡᠨᠧᠷᠭᠢ ᠶᠢᠨ ᠬᠦᠷᠢᠶ᠎ᠡ︾᠂ ︽ᠮᠤᠬᠤᠷ ᠭᠤᠳᠤᠮᠵᠢ ᠪᠠᠷ ᠡᠷᠳᠡᠨᠢ ᠡᠷᠢᠬᠦ︾᠂ ︽ᠪᠤᠤᠬᠢᠶ᠎ᠠ ᠤᠷᠤᠯᠳᠤᠭᠠᠨ︾ ᠵᠡᠷᠭᠡ ᠰᠡᠳᠬᠢᠴᠡ ᠶᠢᠨ ᠳᠠᠷᠤᠯᠲᠠ ᠶᠢ ᠪᠠᠭᠠᠰᠬᠠᠬᠤ ᠲᠣᠭᠯᠠᠭᠠᠮ ᠢᠶᠠᠷ ᠳᠠᠮᠵᠢᠨ ᠬᠡᠣᠬᠡᠳ ᠤᠳ ᠤᠨ ᠰᠡᠳᠬᠢᠯ ᠵᠢᠷᠦᠬᠡᠨ ᠳᠤ ᠨᠢᠭᠤᠭᠳᠠᠵᠤ ᠪᠠᠶᠢᠭ᠎ᠠ ᠳᠠᠷᠣᠭᠠᠰᠣ ᠶᠢ ᠲᠠᠶᠢᠯᠵᠤ᠂ ᠪᠠᠶᠠᠷᠯᠠᠨ ᠬᠥᠭᠡᠷᠦᠯᠳᠦᠬᠦ ᠪᠠ ᠬᠠᠷᠢᠯᠴᠠᠨ ᠬᠠᠮᠵᠢᠯᠴᠠᠬᠤ ᠳᠤᠮᠳᠠ ᠬᠡᠣᠬᠡᠳ ᠤᠳ ᠬᠤᠭᠤᠷᠣᠨᠳᠣ ᠪᠠᠨ ᠪᠡᠶ᠎ᠡ ᠪᠡᠶ᠎ᠡ ᠪᠠᠨ ᠣᠶᠢᠯᠠᠭᠠᠯᠴᠠᠵᠤ ᠴᠢᠳᠠᠪᠠ᠃ ᠦᠢᠯᠡᠳᠦᠯᠭᠡ ᠶᠢᠨ ᠪᠦᠯᠬᠦᠮ ᠤᠨ ᠬᠢᠨ ᠪᠠᠰᠠ ᠰᠤᠷᠤᠭᠴᠢᠳ ᠲᠤ ᠨᠠᠷᠢᠨ ᠨᠢᠮᠪᠠᠢ ᠪᠡᠯᠡᠳᠬᠡᠭᠰᠡᠨ DIY ᠪᠤᠳᠤᠭᠲᠤ ᠵᠢᠷᠤᠭ ᠤᠨ ᠵᠠᠭᠪᠤᠷ ᠬᠦᠷᠭᠡᠵᠦ᠂ ᠪᠦᠯᠬᠦᠮ ᠤᠨ ᠪᠠᠭᠰᠢ ᠶᠢᠨ ᠵᠢᠯᠤᠭᠤᠳᠤᠯᠭ᠎ᠠ ᠳᠣᠣᠷ᠎ᠠ᠂ ᠤᠯᠠᠨ ᠢᠶᠠᠷ ᠢᠶᠠᠨ ᠬᠠᠷᠢᠯᠴᠠᠨ ᠬᠠᠪᠰᠤᠷᠤᠯᠴᠠᠵᠤ᠂ ᠰᠡᠳᠬᠢᠯ ᠬᠠᠨᠤᠮᠵᠢᠲᠠᠢ ᠪᠦᠲᠦᠭᠡᠯ ᠢᠶᠠᠨ ᠬᠢᠵᠤ ᠭᠠᠷᠭᠠᠪᠠ᠃ ᠰᠤᠷᠤᠭᠴᠢᠳ᠄ ᠲᠣᠭᠯᠠᠭᠠᠮ ᠢᠶᠠᠷ ᠳᠠᠮᠵᠢᠵᠤ ᠪᠢᠳᠠᠨᠡᠷ ᠥᠪᠡᠷ ᠤᠨ ᠢᠶᠠᠨ ᠳᠠᠯᠳᠠ ᠴᠢᠳᠠᠪᠤᠷᠢ ᠪᠠᠨ ᠠᠭᠤᠳᠠᠯᠵᠤ᠂  ᠤᠷᠮ᠎ᠠ ᠰᠡᠳᠬᠢᠯᠭᠡ ᠪᠠᠨ ᠬᠡᠷᠬᠢᠨ ᠨᠠᠩ ᠰᠠᠶᠢᠲᠤᠷ ᠰᠢᠢᠳᠪᠦᠷᠢᠯᠡᠬᠦ ᠶᠢ ᠰᠤᠷᠴᠤ᠂ ᠨᠠᠩ ᠪᠦᠯᠬᠦᠮᠳᠡᠯ ᠲᠠᠢ᠂ ᠠᠭᠤᠵᠢᠭᠤ ᠲᠠᠯᠪᠢᠭᠤ᠂ ᠪᠠᠶᠠᠰᠤᠩᠭᠤᠢ᠂ ᠢᠲᠡᠭᠡᠯ ᠳᠦᠭᠦᠷᠡᠩ ᠪᠠᠶᠢᠬᠤ ᠬᠡᠷᠡᠭᠲᠡᠢ ᠭᠡᠳᠡᠭ ᠢ ᠮᠡᠳᠡᠪᠡ ᠭᠡᠵᠦ ᠢᠯᠡᠳᠬᠡᠵᠡᠭᠡᠪᠡ᠃     ᠲᠣᠰ ᠤᠳᠠᠭᠠᠨ ᠤ ᠠᠵᠢᠯᠯᠠᠭ᠎ᠠ ᠳᠤ ᠲᠠᠶᠢᠯᠤᠮᠵᠢ᠂ ᠪᠦᠯᠬᠦᠮ ᠤᠨ ᠬᠠᠪᠰᠤᠷᠤᠨ ᠵᠢᠯᠣᠭᠤᠳᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠣᠨᠴᠠᠯᠢᠭᠲᠤ ᠠᠵᠢᠯᠯᠠᠭ᠎ᠠ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠠᠯᠠᠱᠠ ᠵᠡᠭᠦᠨ ᠬᠤᠰᠢᠭᠤᠨ ᠤ ᠬᠡᠰᠡᠭ ᠨᠠᠰᠤᠨ ᠳᠤ ᠥᠯᠥ ᠭᠦᠷᠦᠭᠰᠡᠳ ᠢ ᠬᠠᠪᠰᠤᠷᠤᠨ ᠰᠡᠳᠬᠢᠴᠡ ᠶᠢᠨ ᠤᠶᠠᠨ ᠬᠠᠳᠠᠨ ᠴᠢᠨᠠᠷ ᠢ ᠨᠢ ᠴᠢᠩᠭᠠᠷᠠᠭᠤᠯᠵᠤ᠂ ᠲᠡᠳᠡᠨ ᠤ ᠰᠡᠳᠬᠢᠯ ᠢᠶᠠᠨ ᠲᠠᠶᠢᠪᠤᠰᠢᠷᠠᠭᠤᠯᠬᠤ ᠴᠢᠳᠠᠪᠤᠷᠢ ᠪᠠ ᠥᠪᠡᠷ ᠢ ᠪᠠᠨ ᠲᠣᠬᠢᠷᠠᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠨᠠᠰᠤᠨ ᠳᠤ ᠥᠯᠥ ᠭᠦᠷᠦᠭᠰᠡᠳ ᠤᠨ ᠮᠡᠳᠡᠯᠭᠡ ᠂ ᠤᠷ᠎ᠠ ᠴᠢᠳᠠᠪᠤᠷᠢ᠂ ᠬᠠᠶᠢᠷ᠎ᠠ ᠰᠡᠳᠬᠢᠯᠭᠡ ᠳᠤ ᠬᠠᠨᠳᠣᠬᠤ ᠣᠪᠣᠷ ᠵᠡᠷᠭᠡ ᠣᠯᠠᠨ ᠲᠠᠯ᠎ᠠ ᠠᠴᠠ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠡᠭᠦᠨ ᠤ ᠬᠠᠮᠲᠤ ᠠᠯᠠᠱᠠ ᠵᠡᠭᠦᠨ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠪᠠᠶᠢᠳᠠᠯ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠨᠠᠩ ᠴᠤ ᠰᠡᠳᠬᠢᠴᠡ ᠶᠢᠨ ᠪᠦᠯᠬᠦᠮ ᠤᠨ ᠬᠠᠪᠰᠤᠷᠤᠨ ᠵᠢᠯᠣᠭᠤᠳᠬᠤ ᠠᠵᠢᠯᠯᠠᠭ᠎ᠠ ᠶᠢ ᠤᠬᠠᠭᠠᠯᠠᠨ ᠰᠡᠳᠦᠬᠦ ᠪᠠ ᠬᠤᠵᠢᠮ ᠳᠤ ᠪᠠᠨ ᠲᠠᠬᠢᠨ ᠦᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃  
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号