ᠠᠯᠠᠱᠠ ᠵᠡᠭᠦᠨ ᠬᠤᠰᠢᠭᠤᠨ ᠤ ᠬᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ ᠠᠵᠢᠯ ᠤᠨ ᠥᠷᠲᠡᠭᠡ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/4
   ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠬᠡᠷ ᠤᠨ ᠲᠡᠵᠢᠭᠡᠪᠦᠷᠢ ᠶᠢᠨ ᠡᠭᠦᠯᠳᠡᠷ ᠰᠠᠶᠢᠵᠢᠷᠠᠭᠤᠯᠬᠤ ᠠᠵᠢᠯ ᠤᠨ ᠥᠷᠲᠡᠭᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ︵ᠥᠪᠥᠷ ᠮᠣᠩᠭᠤᠯ︶ ᠲᠠᠪᠴᠠᠩ ᠢᠶᠠᠷ ᠳᠠᠮᠵᠢᠭᠤᠯᠤᠨ 8  ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ ᠶᠢ ᠲᠣᠬᠢᠶᠠᠯᠳᠤᠯ ᠢᠶᠠᠷ ᠰᠣᠩᠭᠤᠨ ᠠᠪᠴᠤ ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠪᠡ᠃
   ᠪᠠᠶᠢᠴᠠᠭᠠᠬᠤ ᠳᠤᠭᠤᠶᠢᠯᠠᠩ ᠤᠷᠢᠳ ᠬᠤᠵᠢᠳ ᠠᠯᠠᠱᠠ ᠵᠡᠭᠦᠨ ᠬᠤᠰᠢᠭᠤᠨ ᠤ ᠥᠯᠵᠡᠶ ᠰᠤᠮᠤ᠂ ᠵᠢᠷᠠᠲᠠᠢ ᠪᠠᠯᠭᠠᠰᠤ᠂ ᠴᠣᠭᠲᠤᠬᠦ᠋ᠷᠢᠶ᠎ᠡ ᠰᠤᠮᠤ᠂ ᠪᠠᠷᠠᠭᠤᠨ ᠪᠠᠯ ᠪᠠᠯᠭᠠᠰᠤᠨ ᠤ 4 ᠰᠤᠮᠤ ᠪᠠᠯᠭᠠᠰᠤᠨ ᠤ 8 ᠲᠥᠷᠥᠯ ᠤᠨ ᠮᠠᠯ ᠵᠢᠭᠦᠷᠲᠡᠨ ᠤ ᠲᠠᠯᠠᠪᠠᠢ ᠳᠤ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠯᠲᠠ ᠬᠢᠵᠡᠶ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠦᠨᠡᠮᠯᠡᠯ ᠢ ᠪᠠᠶᠢᠴᠠᠭᠠᠨ ᠦᠵᠡᠬᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠡᠬᠡ ᠲᠠᠩᠰᠠ ᠶᠢ ᠪᠠᠶᠢᠴᠠᠭᠠᠨ ᠦᠵᠡᠬᠦ᠂ ᠨᠢᠭᠤᠷᠳᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠨᠢ ᠬᠦᠴᠦᠨ ᠲᠠᠢ ᠪᠠᠶᠢᠬᠤ ᠡᠰᠡᠬᠦ᠂ ᠦᠢᠯᠡᠳᠪᠦᠷᠢᠯᠡᠵᠦ ᠡᠵᠡᠩᠨᠡᠭᠰᠡᠨ ᠡᠭᠦᠯᠳᠡᠷ ᠪᠠ ᠵᠢᠭᠰᠠᠭᠠᠯᠳᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ︔  ᠡᠭᠦᠯᠳᠡᠷ ᠤᠨ ᠮᠠᠯ ᠵᠢᠭᠦᠷᠲᠡᠨ ᠤ ᠤᠳᠤᠮ ᠤᠨ ᠲᠠᠩᠰᠠ ᠡᠪᠬᠡᠮᠡᠯ ᠪᠠ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠤᠨ ᠮᠠᠲ᠋ᠧᠷᠢᠶᠠᠯ ᠤᠨ ᠮᠡᠳᠡᠭᠡ ᠵᠠᠩᠭᠢ ᠨᠢ ᠪᠦᠷᠢᠨ ᠪᠦᠲᠦᠨ ᠪᠠᠶᠢᠬᠤ ᠡᠰᠡᠬᠦ︔ ᠵᠣᠬᠢᠴᠠᠩᠭᠤᠶ ᠦᠷᠡᠵᠢᠭᠦᠯᠦᠨ ᠪᠤᠶᠢᠵᠢᠭᠤᠯᠬᠤ ᠪᠡᠯᠡᠳᠬᠡᠮᠵᠢ ᠲᠥᠬᠦᠭᠡᠷᠦᠮᠵᠢ ᠪᠠᠶᠢᠬᠤ ᠡᠰᠡᠬᠦ︔ ᠬᠢᠵᠢᠭ ᠠᠴᠠ ᠰᠡᠷᠭᠡᠶᠢᠯᠡᠬᠦ ᠨᠥᠬᠦᠴᠡᠯ ᠨᠢ ᠲᠣᠭᠲᠠᠭᠠᠯ ᠳᠤ ᠨᠡᠶᠢᠴᠡᠬᠦ ᠡᠰᠡᠬᠦ︔ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠨᠢ ᠪᠦᠷᠢᠨ ᠪᠦᠲᠦᠨ ᠵᠢᠷᠤᠮᠵᠢᠯ ᠲᠠᠢ ᠪᠠᠶᠢᠬᠤ ᠡᠰᠡᠬᠦ︔ ᠡᠭᠦᠯᠳᠡᠷ ᠤᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢ ᠳᠠᠩᠰᠠᠯᠠᠭᠤᠯᠤᠭᠰᠠᠨ ᠪᠠᠶᠢᠳᠠᠯ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠡ᠃ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠣᠯᠵᠤ ᠮᠡᠳᠡᠭᠰᠡᠨ ᠲᠡᠵᠢᠭᠡᠨ ᠦᠷᠡᠵᠢᠭᠦᠯᠬᠦ ᠲᠠᠯᠠᠪᠠᠶ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠳᠬᠠᠯ ᠠᠷᠢᠭᠤᠨ ᠴᠡᠪᠡᠷ ᠤᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠭᠳᠠᠬᠤ ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠵᠢᠷᠤᠮᠵᠢᠯ ᠥᠬᠡᠶ ᠪᠠᠶᠢᠳᠠᠯ ᠢ ᠵᠢᠯᠣᠭᠤᠳᠤᠨ ᠵᠠᠯᠠᠷᠠᠭᠤᠯᠵᠤ᠂ ᠡᠯ᠎ᠡ ᠵᠦᠢᠯ ᠤᠨ ᠮᠠᠯ ᠵᠢᠭᠦᠷᠲᠡᠨ ᠤ ᠲᠠᠯᠠᠪᠠᠶ ᠶᠢᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠠᠵᠢᠯᠯᠠᠬᠤ ᠶᠢ ᠦᠨᠡᠨ ᠬᠦ ᠪᠠᠲᠤᠯᠠᠪᠠ᠃    ᠡᠷᠬᠡ ᠲᠡᠭᠰᠢ ᠪᠠᠷ ᠥᠷᠢᠰᠥᠯᠳᠦᠬᠦ᠂ ᠵᠢᠷᠤᠮᠵᠢᠯ ᠲᠠᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠬᠠᠤᠯᠢ ᠶᠢᠨ ᠳᠠᠭᠠᠣ ᠡᠵᠡᠩᠨᠡᠬᠦ ᠳᠦᠷᠢ ᠲᠥᠷᠬᠦ ᠶᠢ ᠪᠣᠶ ᠪᠣᠯᠭᠠᠬᠤ ᠶᠢᠨ ᠲᠥᠯᠥᠭᠡ᠂ ᠪᠠᠶᠢᠴᠠᠭᠠᠭᠳᠠᠭᠰᠠᠨ 8  ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ ᠳᠤ ︽ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠲᠣᠭᠲᠠᠭᠰᠠᠨ ᠪᠥᠭᠡᠳ ᠨᠡᠶᠢᠭᠡᠮ ᠳᠤ ᠢᠯᠡ ᠨᠡᠶᠢᠲᠡᠯᠡᠪᠡ᠃    ᠲᠣᠰ ᠤᠳᠠᠭᠠᠨ ᠤ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢᠨ ᠦᠷ᠎ᠡ ᠳ᠋ᠦᠩ ᠢ ᠴᠠᠭ ᠲᠤᠬᠠᠶ ᠳᠤᠨᠢ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾᠎ ᠶᠢᠨ ᠲᠠᠪᠴᠠᠩ ᠳᠤ ᠳᠠᠮᠵᠢᠭᠤᠯᠵᠤ᠂ ᠪᠠᠶᠢᠴᠠᠭᠠᠯᠲᠠ ᠶᠢᠨ ᠠᠵᠢᠯ ᠤᠨ ᠨᠢᠭᠡᠳᠦᠯᠲᠡᠶ ᠴᠢᠨᠠᠷ᠂ ᠵᠢᠷᠤᠮᠵᠢᠯᠳᠤ ᠴᠢᠨᠠᠷ᠂ ᠲᠥᠪ ᠭᠤᠤᠯᠴᠢ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠪᠠᠲᠤᠯᠠᠵᠤ᠂ ᠠᠯᠠᠱᠠ ᠵᠡᠭᠦᠨ ᠬᠤᠰᠢᠭᠤᠨ ᠤ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠤᠨ ᠠᠵᠢᠯ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠢ ᠵᠠᠬ᠎ᠠ ᠳᠡᠯᠭᠡᠭᠦᠷᠴᠢᠯᠡᠭᠰᠡᠨ᠂ ᠬᠠᠤᠯᠢ ᠳᠦᠷᠢᠮᠵᠢᠭᠰᠡᠨ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号