ᠤᠨᠳᠤᠷᠤᠯᠲᠤ ᠪᠠᠯᠭᠠᠰᠤ ᠬᠢᠲᠠᠳ ᠡᠮ ᠤᠨ ᠮᠠᠲ᠋ᠧᠷᠢᠶᠠᠯ ᠲᠠᠷᠢᠵᠤ ᠤᠷᠭᠤᠭᠤᠯᠵᠤ ᠠᠵᠤ ᠠᠬᠤᠶ ᠪᠠᠨ ᠬᠥᠭᠵᠢᠭᠦᠯᠪᠡ
ᠨᠡᠶᠢᠲᠡᠯᠡᠭᠰᠡᠨ ᠴᠠᠭ᠄
2024/9/4
    ᠤᠨᠳᠤᠷᠤᠯᠲᠤ ᠪᠠᠯᠭᠠᠰᠤᠨ ᠤ ᠪᠠᠷᠠᠭᠤᠨ ᠬᠥᠳᠡᠭᠡ ᠭᠠᠴᠠᠭᠠᠨ ᠤ 12500 ᠭᠠᠷᠤᠶ ᠮᠦ ᠬᠢᠲᠠᠳ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠲᠤ᠂ ᠰᠢᠬᠢᠷ ᠡᠪᠡᠰᠦ᠂ ᠬᠤᠨᠴᠢᠷ᠂ ᠬᠦᠭᠦᠷᠭᠡᠨ᠎ᠡ ᠶᠢᠨ ᠦᠨᠳᠦᠰᠦ᠂ ᠰᠢᠷ᠎ᠠ ᠪᠠᠪᠤ᠂ ᠠᠶᠢᠷᠠᠭ ᠡᠪᠡᠰᠦ᠂ ᠭᠦᠷᠭᠦᠮ᠂ ᠪᠤᠬ᠎ᠠ ᠶᠢᠨ ᠰᠡᠭᠦᠯ᠂ ᠭᠤᠨᠢᠳ ᠵᠡᠷᠭᠡ ᠨᠠᠢᠮᠠᠨ ᠵᠦᠢᠯ ᠤᠨ ᠬᠤᠪᠣᠷ ᠴᠤᠬᠠᠭ ᠡᠮ ᠤᠨ ᠮᠠᠲ᠋ᠧᠷᠢᠶᠠᠯ ᠢ ᠲᠠᠷᠢᠵᠤ ᠤᠷᠭᠤᠭᠤᠯᠵᠠᠢ᠃ ᠤᠶᠢᠷ᠎ᠠ ᠶᠢᠨ ᠵᠢᠯ ᠳᠤ᠂ ᠤᠨᠳᠤᠷᠤᠯᠲᠤ ᠪᠠᠯᠭᠠᠰᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠬᠥᠲᠥᠯᠥᠨ ᠳᠠᠭᠠᠭᠤᠯᠬᠤ ᠪᠠᠷ ᠴᠢᠷᠮᠠᠶᠢᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠤᠨᠴᠠᠯᠢᠬᠳᠤ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠢ ᠢᠳᠡᠪᠬᠢᠲᠡᠢ ᠬᠥᠭᠵᠢᠭᠦᠯᠵᠦ᠂ ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ ᠢ ᠠᠬᠢᠭᠤᠯᠵᠤ᠂ ᠠᠮᠢ ᠠᠬᠤᠢ ᠪᠣᠯᠤᠨ ᠠᠵᠤ ᠠᠬᠤᠢ ᠶᠢ ᠵᠣᠬᠢᠴᠠᠩᠭᠤᠢ ᠬᠥᠭᠵᠢᠭᠦᠯᠬᠦ ᠪᠠᠶᠠᠵᠢᠯ ᠤᠨ ᠵᠠᠮ ᠢᠶᠠᠷ ᠵᠠᠮᠨᠠᠵᠤ᠂ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ᠂ ᠬᠥᠳᠡᠭᠡ ᠲᠤᠰᠬᠤᠨ ᠤ ᠲᠤᠯᠭᠠᠭᠤᠷᠢ ᠬᠦᠴᠦᠨ ᠪᠣᠯᠭᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号