ᠰᠤᠷᠭᠠᠨ ᠬᠦᠮᠦᠵᠢᠯ ᠢ ᠡᠷᠬᠢᠯᠡᠨ ᠮᠠᠨᠳᠤᠭᠤᠯᠤᠭᠰᠠᠨ
ᠨᠡᠶᠢᠲᠡᠯᠡᠭᠰᠡᠨ ᠴᠠᠭ᠄
2024/9/6
         ᠳ᠋ᠠᠨᠢᠽᠠᠨ᠎ᠠ ᠨᠤᠶᠠᠨ ᠰᠤᠷᠭᠠᠨ ᠬᠦᠮᠦᠵᠢᠯ ᠤᠨ ᠦᠢᠯᠡᠰ ᠢ ᠬᠦᠭᠵᠢᠬᠦᠯᠬᠦ ᠶᠢ ᠡᠷᠬᠢᠮᠯᠡᠵᠤ᠂ 1936 ᠤᠨ ᠎ ᠳᠤ᠂ ᠤᠷᠢᠳ ᠬᠤᠵᠢᠳ ᠬᠤᠯᠠᠳᠠᠬᠢᠨ ᠢ ᠳᠤᠭᠳᠠᠭᠠᠭᠴᠢ ᠬᠤᠳᠠ᠂ ᠳᠤᠬᠤᠢ᠂ ᠳ᠋ᠧᠩᠺᠸᠤ ᠵᠡᠷᠬᠡ ᠭᠠᠵᠠᠷ ᠤᠷᠤᠨ ᠳᠤ ᠰᠤᠷᠭᠠᠭᠤᠯᠢ ᠪᠠᠶᠢᠭᠤᠯᠤᠨ᠂ ᠰᠤᠷᠭᠠᠭᠤᠯᠢ ᠶᠢᠨ ᠡᠷᠬᠢᠯᠡᠭᠴᠢ ᠪᠠᠷ ᠠᠵᠢᠯᠯᠠᠵᠤ ᠪᠠᠶᠢᠪᠠ᠃ ᠳᠤᠰ ᠵᠢᠯ ᠳᠤ᠂ ᠳ᠋ᠠᠨᠢᠽᠠᠨ᠎ᠠ ᠨᠤᠶᠠᠨ ᠪᠠ ᠬᠠᠳᠤᠨ ᠶᠢᠨ ᠶᠦᠩ ᠴᠧᠩ ᠤᠨ ᠴᠢᠷᠮᠠᠶᠢᠯᠭ᠎ᠠ ᠪᠠᠷ ᠠᠯᠠᠱᠠ ᠬᠤᠰᠢᠭᠤᠨ ᠤ ᠠᠩᠬᠠᠨ ᠤ ᠡᠮᠡᠭᠳᠡᠶᠢᠴᠤᠳ ᠤᠨ ᠰᠤᠷᠭᠠᠭᠤᠯᠢ ᠪᠠᠶᠢᠭᠤᠯᠤᠭᠳᠠᠵᠤ᠂ ᠶᠢᠨ ᠶᠦᠩ ᠴᠧᠩ ᠡᠷᠬᠢᠯᠡᠭᠴᠢ ᠪᠠᠷ ᠠᠵᠢᠯᠯᠠᠵᠤ᠂ ᠰᠤᠷᠤᠭᠴᠢ ᠎ ᠠᠴᠠ ᠰᠤᠷᠤᠯᠭ᠎ᠠ ᠶᠢᠨ ᠰᠤᠶᠢᠳᠬᠡᠯ ᠬᠤᠷᠢᠶᠠᠬᠤ ᠦᠬᠡᠢ ᠮᠦᠷᠳᠡᠬᠡᠨ ᠪᠠᠭᠰᠢ ᠶᠢᠨ ᠪᠤᠯᠪᠠᠰᠤᠷᠠᠯ ᠤᠨ ᠠᠩᠬᠢ ᠡᠷᠬᠢᠯᠡᠬᠦ ᠎ ᠶᠢᠨ ᠬᠠᠮᠳᠤ᠂ ᠨᠢᠬᠡ ᠪᠦᠯᠦᠭ ᠳᠡᠬᠦᠰᠦᠭᠰᠡᠨ ᠰᠤᠷᠤᠭᠴᠢ ᠨᠠᠷ ᠢ ᠭᠠᠨᠰᠤ᠂ ᠱᠠᠨᠰᠢ᠂ ᠰᠦᠢᠶᠦᠸᠠᠨ ᠤ ᠪᠠᠭᠰᠢ ᠶᠢᠨ ᠰᠤᠷᠭᠠᠭᠤᠯᠢ ᠳᠤ ᠳᠤᠮᠢᠯᠠᠵᠤ ᠰᠤᠷᠤᠯᠴᠠᠭᠤᠯᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号