ᠱᠠᠰᠢᠨ ᠰᠤᠷᠳᠠᠬᠤᠨ
ᠨᠡᠶᠢᠲᠡᠯᠡᠭᠰᠡᠨ ᠴᠠᠭ᠄
2024/9/6
       ᠮᠣᠩᠭᠤᠯ ᠦᠠᠳᠣᠰᠣᠳᠠᠠ ᠤᠨ ᠡᠬᠢ ᠪᠢᠰᠢᠷᠠᠯ ᠨᠢ ᠪᠥᠭᠡ ᠶᠢᠨ ᠱᠠᠰᠢᠨ ᠪᠠᠶᠢᠵᠤ᠂ ᠪᠥᠭᠡ ᠶᠢᠨ ᠱᠠᠰᠢᠨ ᠨᠢ ᠳᠦᠮᠡᠨ ᠪᠤᠳᠠᠰ ᠢ ᠪᠤᠷᠬᠠᠨᠴᠢᠯᠠᠵᠤ᠂ ᠡᠬᠡ ᠪᠠᠶᠢᠭᠠᠯᠢ ᠶᠢᠨ ᠠᠭᠤᠯᠠ ᠤᠰᠤ᠂ ᠠᠶᠤᠩᠭ᠎ᠠ ᠴᠠᠬᠢᠯᠭᠠᠨ ᠵᠢᠴᠢ ᠪᠦᠬᠦ ᠠᠮᠢᠳᠠᠨ ᠤᠷᠭᠤᠮᠠᠯ ᠨᠢ ᠪᠦᠷ ᠷᠢᠳᠢ ᠰᠢᠳᠢ ᠲᠠᠢ ᠬᠡᠵᠤ ᠦᠵᠡᠳᠡᠭ᠃ ᠳᠡᠤᠬᠡ ᠶᠢᠨ ᠤᠷᠤᠭᠰᠢᠯᠠᠯᠳᠠ ᠶᠢᠨ ᠳᠤᠮᠳᠠ᠂ ᠠᠯᠠᠱᠠ ᠬᠤᠱᠤᠳ ᠮᠤᠩᠭᠤᠯᠴᠤᠳ ᠪᠠ ᠡᠵᠡᠨ᠎ᠡ ᠳᠤᠷᠭᠤᠳ ᠮᠤᠩᠭᠤᠯᠴᠤᠳ ᠨᠢ ᠪᠤᠷᠬᠠᠨ ᠤ ᠱᠠᠰᠢᠨ ᠢ ᠰᠢᠳᠦᠭᠰᠡᠨ ᠪᠤᠯᠪᠠᠴᠤ ᠪᠦᠬᠡ ᠶᠢᠨ ᠱᠠᠰᠢᠨ ᠤ ᠬᠦᠨ ᠨᠦᠯᠦᠬᠡᠯᠡᠯ ᠠᠴᠠ ᠪᠤᠯᠵᠤ᠂ ᠤᠳᠤᠮᠰᠢᠯᠳᠤ ᠰᠡᠳᠬᠢᠬᠦᠢ ᠶᠢᠨ ᠬᠡᠪ ᠮᠠᠶ᠋ᠢᠭ ᠢ ᠠᠭᠤᠯᠤᠭᠰᠠᠨ ᠡᠷᠲᠡᠨ ᠤ ᠳᠠᠬᠢᠯᠭ᠎ᠠ ᠶᠢᠨ ᠵᠠᠩᠰᠢᠯ ᠨᠢ ᠬᠡᠪ ᠢᠶᠠᠷ ᠢᠶᠠᠨ ᠬᠠᠳᠠᠭᠠᠯᠠᠭᠳᠠᠭᠰᠠᠨ ᠪᠠᠶᠢᠨ᠎ᠠ᠃       ᠠᠯᠠᠱᠠ ᠳᠤ ᠪᠠᠰᠠ ᠨᠢᠬᠡ ᠪᠦᠯᠦᠭ ᠢᠰᠯᠠᠮ ᠤᠨ ᠱᠠᠰᠢᠨ ᠢ ᠰᠢᠳᠦᠳᠡᠭ ᠮᠤᠩᠭᠤᠯᠴᠤᠳ ᠪᠠᠶᠢᠳᠠᠭ᠃ ᠡᠳᠡᠬᠡᠷ ᠤᠨ ᠦᠬᠡ ᠬᠡᠯᠡ᠂ ᠦᠰᠦᠭ ᠪᠢᠴᠢᠭ ᠪᠠ ᠠᠮᠢᠳᠤᠷᠠᠯ ᠤᠨ ᠳᠠᠳᠬᠠᠯ ᠨᠢ ᠪᠤᠷᠬᠠᠨ ᠤ ᠱᠠᠰᠢᠨ ᠢ ᠰᠢᠳᠦᠳᠡᠭ ᠮᠤᠩᠭᠤᠯᠴᠤᠳ ᠲᠠᠢ ᠶᠡᠭᠡ ᠳᠦᠯᠦᠪ ᠠᠳᠠᠯᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号