ᠵᠠᠯᠰᠠᠨ
ᠨᠡᠶᠢᠲᠡᠯᠡᠭᠰᠡᠨ ᠴᠠᠭ᠄
2024/9/6
       ᠠᠯᠠᠱᠠ ᠪᠠᠷᠠᠭᠤᠨ ᠬᠡᠶᠢᠳ ᠤᠨ ᠵᠢᠷᠭᠤᠳᠤᠭᠠᠷ ᠳᠦᠷᠢ ᠶᠢᠨ ᠬᠤᠳᠤᠭᠳᠤ ᠠᠭᠸᠠᠩᠯᠤᠪᠰᠠᠩᠳᠠᠨᠪᠢᠵᠠᠯᠽᠠᠨ ︵ᠵᠠᠯᠰᠠᠨ︶᠂ 1946 ᠤᠨ ᠤ 12 ᠰᠠᠷ᠎ᠠ ᠶᠢᠨ 17 ᠤ ᠡᠳᠤᠷ᠂ ᠭᠠᠨᠰᠤ ᠲᠢᠶᠠᠨ ᠵᠤ᠋ ᠳᠦᠪᠡᠳ ᠦᠪᠡᠷᠳᠡᠬᠡᠨ ᠵᠠᠰᠠᠬᠤ ᠰᠢᠶᠠᠨ ᠤ ᠱᠢ ᠮᠧᠨ ᠰᠧ ᠶᠢᠨ ᠱᠠᠪᠢ ᠨᠠᠷᠪᠠᠶᠢᠮᠠᠽᠠᠷᠡᠨ ᠪᠤᠯᠤᠨ ᠶᠦᠨᠵᠢ ᠶᠢᠨ ᠬᠦᠤ ᠪᠤᠯᠤᠨ ᠵᠠᠶᠠᠭᠠᠵᠤ᠂ ᠪᠠᠭ᠎ᠠ ᠨᠠᠰᠤᠨ ᠳᠠᠭᠠᠨ ᠠᠷᠪᠠᠳᠤᠭᠠᠷ ᠳᠦᠷᠢ ᠶᠢᠨ ᠪᠠᠨᠴᠢᠨ ᠳᠡᠬᠦᠨ ᠢ ᠬᠤᠳᠤᠭᠳᠤ ᠶᠢᠨ ᠳᠦᠷᠦᠯ ᠤᠯᠤᠭᠴᠢ ᠬᠡᠮᠡᠨ ᠳᠤᠳᠤᠯᠠᠵᠤ᠂ ᠠᠭᠸᠠᠩᠯᠤᠪᠰᠠᠩᠳᠠᠨᠪᠢᠵᠠᠯᠽᠠᠨ ᠬᠡᠵᠤ ᠨᠡᠷᠡᠯᠡᠪᠡ᠃       ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠠᠲ ᠤᠨ ᠵᠢᠯᠤᠭᠤᠳᠤᠭᠴᠢ ᠪᠠᠭᠰᠢ᠂ ᠤᠯᠠᠨ ᠠᠷᠪᠢᠨ ᠡᠷᠳᠡᠮ ᠰᠢᠨᠵᠢᠯᠡᠬᠡᠨ ᠤ ᠪᠦᠳᠦᠬᠡᠯ ᠲᠠᠢ᠃ ᠤᠯᠤᠰ᠂ ᠤᠷᠤᠨ᠂ ᠠᠯᠠᠱᠠ ᠠᠶᠢᠮᠠᠭ ᠤᠨ ᠪᠤᠳ᠋ᠳ᠋ᠾᠡ ᠶᠢᠨ ᠱᠠᠰ᠊ ᠵᠡ ᠤ ᠨᠡᠶᠢᠬᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ ᠪᠠ ᠳᠡᠳ᠋ ᠳᠠᠷᠤᠭ᠎ᠠ ᠶᠢᠨ ᠡᠬᠦᠷᠬᠡ  ᠶᠢ ᠬᠠᠷᠢᠭᠤᠴᠠᠵᠤ᠂ ᠪᠦᠬᠦ ᠤᠯᠤᠰ ᠤᠨ ᠤᠯᠤᠰ ᠳᠦᠷᠤ ᠶᠢᠨ ᠵᠦᠪᠯᠡᠯᠬᠡᠨ ᠤ ᠬᠡᠰᠢᠬᠦᠨ ᠢᠶᠠᠷ ᠠᠵᠢᠯᠯᠠᠵᠤ ᠪᠠᠶᠢᠵᠠᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号