| ᠣᠶᠢᠷ᠎ᠠ ᠳᠤ᠂ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ | ᠴᠢᠨᠠᠷ ᠰᠠᠶᠢᠲᠠᠶ ᠬᠥᠭᠵᠢᠯᠲᠡ ᠶᠢᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠵᠢᠴᠢ ᠲᠠᠪᠤᠳᠤᠭᠠᠷ | ᠬᠤᠭᠤᠴᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠣᠨᠯᠢᠭ ᠬᠦᠴᠦᠨ ᠤ ᠲᠤᠷᠰᠢᠯᠭ᠎ᠠ ᠰᠣᠯᠢᠯᠴᠠᠬᠤ | ᠬᠤᠷᠠᠯ ᠵᠧᠵᠢᠶᠠᠩ ᠮᠤᠵᠢ ᠶᠢᠨ ᠴᠢᠦᠶ ᠵᠧᠦ ᠬᠤᠲᠠ ᠳᠤ ᠶᠠᠪᠤᠭᠳᠠᠪᠠ᠃ ᠠᠯᠠᠱᠠ ᠵᠡᠭᠦᠨ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽︿ᠲᠡᠮᠡᠭᠡ | ᠵᠠᠰᠠᠭ ᠤᠨ ᠶᠠᠪᠤᠳᠠᠯ﹀ ᠨᠢ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ︿ᠥᠨᠳᠥᠷ ᠪᠦᠲᠦᠮᠵᠢᠲᠡᠶ ᠨᠠᠶᠢᠷᠠᠯ | ᠬᠥᠭᠵᠢᠮ﹀ ᠢ ᠬᠥᠭᠵᠢᠮᠳᠡᠵᠦ᠂ ᠠᠯᠠᠱᠠ ᠵᠡᠭᠦᠨ ᠬᠤᠰᠢᠭᠤᠨ ᠤ ︿ᠰᠢᠨ᠎ᠡ ᠰᠤᠷᠤᠭᠴᠢ ᠡᠯᠰᠡᠬᠦ ᠶᠠᠪᠤᠳᠠᠯ﹀ ᠢ ᠪᠥᠬᠦ | ᠲᠠᠯ᠎ᠠ ᠪᠠᠷ ᠠᠬᠢᠭᠤᠯᠬᠤ ᠬᠡᠷᠡᠭ ᠤᠨ ᠵᠢᠱᠢᠶ᠎ᠡ ᠶᠢ ᠬᠥᠭᠵᠢᠮᠳᠡᠵᠦ︾᠂ ᠪᠥᠬᠦ ᠤᠯᠤᠰ ᠤᠨ 23 ᠮᠤᠵᠢ ᠬᠤᠲᠠ ᠶᠢᠨ | 3000 ᠰᠢᠬᠠᠮ ᠬᠡᠷᠡᠭ ᠤᠨ ᠵᠢᠱᠢᠶ᠎ᠡ ᠠᠴᠠ ᠴᠣᠯᠭᠤᠷᠠᠨ ᠭᠠᠷᠴᠤ᠂ ᠪᠥᠬᠦ ᠤᠯᠤᠰ ᠤᠨ ᠲᠠᠪᠤᠳᠤᠭᠠᠷ | ᠬᠤᠭᠤᠴᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠣᠨᠯᠢᠭ ᠬᠦᠴᠦᠨ · ᠵᠠᠰᠠᠭ ᠤᠨ ᠶᠠᠪᠤᠳᠠᠯ ᠤᠨ ᠶᠡᠭᠡ | ᠲᠢᠩᠬᠢᠮ ᠳᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠰᠢᠯᠢᠳᠡᠭ ᠲᠤᠷᠰᠢᠯᠭ᠎ᠠ ᠶᠢᠨ | ᠬᠡᠷᠡᠭ ᠤᠨ ᠵᠢᠱᠢᠶ᠎ᠡ ᠪᠠᠷ ᠰᠣᠩᠭᠤᠭᠳᠠᠭᠰᠠᠨ ᠪᠥᠭᠡᠳ ᠪᠥᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠤᠨ ᠬᠡᠪ ᠳᠠᠭᠤᠷᠢᠶᠠᠯ ᠤᠨ ᠱᠠᠩᠨᠠᠯ︾ ᠢ | ᠭᠥᠷᠳᠡᠪᠡ᠃ | | | | ︽ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ ᠶᠠᠪᠤᠳᠠᠯ︾ ᠤᠨ ᠲᠤᠬᠠᠶ | ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠭᠠᠷ ᠭᠦᠢᠴᠡᠳᠬᠡᠯ ᠶᠠᠷᠰᠢᠭ ᠲᠦᠪᠡᠭᠲᠡᠶ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ 2023 ᠣᠨ ᠳᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠣᠳᠠᠯ ᠤᠨ | ᠦᠢᠯᠡᠴᠢᠯᠡᠭᠡ ᠪᠠ ᠲᠤᠭ᠎ᠠ ᠪᠠᠷᠢᠮᠳᠠ ᠶᠢᠨ ᠬᠠᠮᠢᠶᠠᠷᠣᠯᠳᠠ ᠶᠢᠨ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶ᠎ᠠ ᠬᠠᠮᠲᠤᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠰᠤᠷᠭᠠᠭᠤᠯᠢ ᠳᠤ ᠣᠷᠣᠬᠤ ᠶᠠᠪᠤᠳᠠᠯ︾ ᠤᠨ | ᠰᠢᠰᠲ᠋ᠧᠮ ᠢ ᠨᠡᠭᠡᠭᠡᠨ ᠪᠠᠶᠢᠭᠤᠯᠵᠤ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠳᠤ ᠵᠥᠪᠬᠡᠨ ᠨᠢᠭᠡ | ᠡᠯᠧᠺᠲᠷᠣᠨ ᠬᠦᠰᠦᠨᠦᠭᠲᠦ ᠶᠢ ᠲᠠᠭᠯᠠᠵᠤ᠂ ᠵᠥᠪᠬᠡᠨ ᠨᠢᠭᠡ ᠢᠵᠢ ᠮᠠᠲ᠋ᠧᠷᠢᠶᠠᠯ ᠲᠤᠰᠢᠶᠠᠪᠠᠯ ᠰᠦᠯᠵᠢᠶᠡᠨ ᠳᠡᠭᠡᠷ᠎ᠡ | ᠥᠪᠡᠰᠦᠪᠡᠨ ᠭᠤᠶᠤᠴᠢᠯᠠᠨ ᠮᠡᠳᠡᠭᠦᠯᠵᠦ ᠪᠣᠯᠤᠨ᠎ᠠ᠃ ᠲᠣᠰ ᠰᠢᠰᠲ᠋ᠧᠮ ᠨᠢ ︽ᠬᠡᠤᠬᠡᠳ ᠤᠨ ᠴᠡᠴᠡᠷᠯᠢᠭ ᠲᠤ | ᠣᠷᠣᠬᠤ ᠨᠢᠭᠡ ᠶᠠᠪᠤᠳᠠᠯ︾᠂ ︽ᠬᠡᠤᠬᠡᠳ ᠪᠠᠭ᠎ᠠ ᠰᠤᠷᠭᠠᠭᠤᠯᠢ ᠳᠤ ᠣᠷᠣᠬᠤ ᠨᠢᠭᠡ ᠶᠠᠪᠤᠳᠠᠯ︾᠂ ︽ᠪᠠᠭ᠎ᠠ | ᠰᠤᠷᠭᠠᠭᠤᠯᠢ ᠠᠴᠠ ᠳᠡᠪᠰᠢᠬᠦ ᠨᠢᠭᠡ ᠶᠠᠪᠤᠳᠠᠯ︾ ᠤᠨ ᠲᠠᠪᠴᠠᠩ ᠢ ᠬᠠᠮᠤᠷᠴᠤ᠂ ᠰᠤᠷᠭᠠᠭᠤᠯᠢ ᠳᠤ ᠣᠷᠣᠬᠤ ᠳᠤ ᠨᠡᠷ᠎ᠡ | ᠮᠡᠳᠡᠭᠦᠯᠬᠦ ᠵᠠᠩᠭᠢᠯᠠᠭ᠎ᠠ ᠶᠢᠨ ᠬᠦᠴᠦᠨ ᠵᠦᠢᠯ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠬᠠᠮᠲᠤᠷᠠᠨ | ᠭᠦᠢᠴᠡᠳᠭᠡᠬᠦ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠠᠪᠤᠴᠠ ᠶᠢ ᠳᠠᠬᠢᠨ ᠡᠭᠦᠳᠬᠦ ᠪᠠᠷ ᠳᠠᠮᠵᠢᠭᠤᠯᠤᠨ᠂ ︽ | ᠬᠠᠮᠲᠤᠷᠠᠨ ᠡᠷᠭᠢᠯᠡᠬᠦ᠂ ᠰᠦᠯᠵᠢᠶ᠎ᠡ ᠪᠠᠷ ᠬᠢᠨᠠᠬᠤ︾ ᠰᠢᠨ᠎ᠡ ᠵᠠᠭᠪᠤᠷ ᠢ ᠭᠠᠷᠭᠠᠪᠠ᠃ | ᠣᠳᠣᠬᠠᠨ ᠳᠤ᠂ ᠠᠯᠠᠱᠠ ᠵᠡᠭᠦᠨ ᠬᠤᠰᠢᠭᠤᠨ ᠤ ︽ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ | ᠶᠠᠪᠤᠳᠠᠯ︾ ᠢ ᠳᠡᠯᠭᠡᠷᠡᠭᠦᠯᠬᠦ ᠠᠵᠢᠯ ᠨᠢᠭᠡᠨᠲᠡ ᠢᠯᠡᠳᠲᠡ ᠦᠷ᠎ᠡ ᠪᠦᠲᠦᠮᠵᠢ ᠣᠯᠵᠤ᠂ ᠬᠡᠤᠬᠡᠳ ᠤᠨ ᠴᠡᠴᠡᠷᠯᠢᠭ᠂ | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠣᠷᠣᠭᠴᠢ ᠶᠢᠨ ᠰᠤᠷᠭᠠᠭᠤᠯᠢ ᠳᠤ | ᠣᠷᠣᠬᠤ ᠳᠤ ᠪᠦᠬᠦᠨ ᠢ ᠬᠠᠮᠤᠷᠤᠨ ᠨᠡᠷ᠎ᠡ ᠮᠡᠳᠡᠭᠦᠯᠬᠦ ᠶᠢ ᠪᠡᠶᠡᠯᠡᠭᠦᠯᠵᠦ᠂ ᠰᠤᠷᠭᠠᠭᠤᠯᠢ ᠳᠤ ᠣᠷᠣᠬᠤ ᠳᠤ ᠨᠡᠷ᠎ᠡ | ᠮᠡᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2024 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ | ᠡᠬᠢᠯᠡᠪᠡ᠂ ᠠᠯᠠᠱᠠ ᠵᠡᠭᠦᠨ ᠬᠤᠰᠢᠭᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ | ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠴᠡᠴᠡᠷᠯᠢᠭ ᠲᠤ ᠣᠷᠣᠬᠤ ᠰᠢᠨ᠎ᠡ ᠰᠣᠷᠣᠭᠴᠢ ᠶᠢ 1547 | ᠬᠥᠮᠦᠨ ᠤᠳᠠᠭ᠎ᠠ ᠠᠮᠵᠢᠯᠲᠠ ᠲᠠᠢ ᠭᠦᠢᠴᠡᠳᠬᠡᠪᠡ︔ 4000 ᠭᠠᠷᠤᠶ ᠠᠵᠢᠯ ᠤᠨ ᠶᠠᠪᠣᠴᠠ ᠶᠢ ᠬᠢᠯᠪᠠᠷᠴᠢᠯᠡᠵᠤ᠂ | ᠬᠠᠷᠢᠴᠠᠯ ᠤᠨ ᠨᠣᠷᠮ᠎ᠠ ᠶᠢ 100% ᠳᠤ ᠬᠦᠷᠦᠭᠦᠯᠪᠡ︔ 9000 ᠭᠠᠷᠤᠶ ᠠᠵᠢᠯ ᠶᠠᠪᠤᠳᠠᠯ ᠭᠦᠢᠴᠡᠳᠬᠡᠬᠦ | ᠭᠤᠭᠴᠤᠭ᠎ᠠ ᠶᠢ ᠰᠢᠯᠢᠳᠡᠭᠵᠢᠭᠦᠯᠵᠦ᠂ ᠬᠠᠷᠢᠴᠠᠯ ᠤᠨ ᠨᠣᠷᠮ᠎ᠠ ᠶᠢ 75% ᠪᠠᠷ ᠰᠢᠯᠢᠳᠡᠭᠵᠢᠭᠦᠯᠪᠡ︔ | ᠭᠤᠶᠤᠴᠢᠯᠠᠯ ᠤᠨ ᠮᠠᠲ᠋ᠧᠷᠢᠶᠠᠯ ᠢ 1.08 ᠲᠦᠮᠡ ᠭᠠᠷᠤᠶ ᠴᠣᠮᠬᠠᠳᠬᠠᠪᠠ︔ ᠭᠦᠢᠴᠡᠳᠬᠡᠬᠦ ᠴᠠᠭ ᠢ 1 ᠲᠦᠮᠡ | ᠭᠠᠷᠤᠶ ᠡᠳᠦᠷ ᠪᠣᠭᠤᠨᠢᠰᠬᠠᠵᠤ᠂ ᠬᠠᠷᠢᠴᠠᠯ ᠤᠨ 70% ᠶᠢ ᠪᠠᠭᠠᠰᠬᠠᠪᠠ᠃ | ︽ᠲᠣᠰ ᠤᠳᠠᠭ᠎ᠠ ᠱᠠᠩᠨᠠᠯ ᠭᠥᠷᠳᠡᠭᠰᠡᠨ ᠨᠢ ᠮᠠᠨ ᠤ ᠨᠠᠰᠢ ᠴᠠᠰᠢ ᠶᠠᠪᠤᠬᠤ ᠴᠢᠷᠮᠠᠶᠢᠯᠭ᠎ᠠ ᠪᠠ ᠰᠢᠨ᠎ᠡ ᠶᠢ | ᠡᠭᠦᠳᠬᠦ ᠶᠢᠨ ᠳᠡᠭᠡᠳᠦ ᠬᠡᠮᠵᠢᠶᠡᠨ ᠤ ᠨᠤᠲᠠᠯᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠤᠯᠤᠰ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠳᠤ ᠰᠢᠨ᠎ᠡ ᠠᠮᠢᠵᠢᠷᠠᠯ ᠤᠨ ᠬᠦᠴᠦᠨ ᠪᠠ ᠥᠯᠢᠭᠡᠷ ᠵᠢᠱᠢᠶ᠎ᠡ | ᠨᠡᠮᠡᠷᠢᠯᠡᠭᠰᠡᠨ ᠶᠠᠪᠤᠳᠠᠯ ᠪᠣᠯᠤᠨ᠎ᠠ᠃ ᠪᠢᠳᠡ ᠡᠭᠦᠨ ᠢᠶᠠᠷ ᠠᠵᠠ ᠲᠣᠬᠢᠶᠠᠯ ᠪᠣᠯᠭᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠦᠷᠢᠶ᠎ᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︿ᠲᠡᠮᠡᠭᠡ ᠵᠠᠰᠠᠭ ᠤᠨ ᠶᠠᠪᠤᠳᠠᠯ﹀ ᠤᠨ | ᠵᠠᠭᠪᠤᠷ ᠢ ᠲᠠᠰᠤᠷᠠᠯᠲᠠ ᠥᠬᠡᠶ ᠲᠠᠰ ᠳᠡᠪᠰᠢᠭᠦᠯᠵᠦ᠂ ᠣᠯᠠᠨ ᠲᠦᠮᠡᠨ ᠳᠤ ᠨᠠᠩ ᠣᠯᠠᠨ ᠥᠨᠳᠥᠷ ᠪᠦᠲᠦᠮᠵᠢᠲᠡᠶ᠂ | ᠳᠥᠭᠦᠮ ᠳᠥᠲᠡ᠂ ᠳᠣᠲᠣᠨᠣ ᠦᠢᠯᠡᠴᠢᠯᠡᠭᠡᠨ ᠤ ᠣᠶᠢᠯᠠᠭᠠᠯᠲᠠ ᠶᠢ ᠠᠪᠴᠢᠷᠠᠵᠤ᠂ ᠨᠠᠩ ᠴᠢᠨᠠᠷ ᠰᠠᠶᠢᠲᠠᠶ᠂ ᠥᠨᠳᠥᠷ | ᠪᠦᠲᠦᠮᠵᠢᠲᠡᠶ᠂ ᠬᠠᠮᠵᠢᠯᠴᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ | ᠪᠠᠶᠢᠭᠤᠯᠬᠤ ᠳᠤ ᠬᠦᠴᠦᠨ ᠨᠡᠮᠡᠷᠢᠯᠡᠨ᠎ᠡ︾ ᠭᠡᠵᠤ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ | ᠲᠣᠭᠠᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠭᠦᠸᠧ | ᠯᠠᠨ ᠰᠤᠷᠪᠤᠯᠵᠢᠯᠠᠭᠴᠢ ᠳᠤ ᠬᠡᠯᠡᠪᠡ᠃ | |