ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ    ᠯᠢᠦ ᡁᠢ ᠴᠢᠶᠠᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2025/1/14
     12 ᠳ᠋ᠤᠭᠠᠷ ᠰᠠᠷ᠎ᠠ ᠶᠢᠨ 26᠎ ᠤ ᠡᠳᠦᠷ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠬᠦ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠤᠳᠤᠯᠤᠨ ᠪᠠᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠯᠢᠦ ᡁᠢ ᠴᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠬᠤᠷᠠᠯ ᠳᠤ ᠣᠷᠣᠯᠴᠠᠵᠤ᠂ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠶᠢᠨ ᠬᠠᠷᠢᠭᠤᠴᠠᠯᠭᠠᠲᠠᠨ ᠪᠠ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠪᠠᠶᠠᠨᠬᠤᠲᠠ ᠪᠠᠯᠭᠠᠰᠤ᠂ ᠪᠠᠷᠠᠭᠤᠨ ᠪᠡᠯ ᠪᠠᠯᠭᠠᠰᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠣᠭᠤᠷᠢᠨ ᠳᠤ ᠲᠤᠬᠠᠶ ᠶᠢᠨ ᠲᠠᠯᠠᠪᠠᠶ ᠶᠢᠨ ᠲᠤᠰᠢᠶᠠᠯ ᠤᠨ ᠮᠡᠳᠡᠭᠦᠯᠦᠯᠲᠡ ᠬᠢᠪᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠪᠥᠬᠦ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠭᠦᠢᠴᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠤᠨ ᠲᠣᠭᠤᠷᠢᠨ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠪᠣᠯᠪᠠᠰᠤᠷᠠᠭᠤᠯᠵᠤ ᠲᠡᠶᠢᠨ ᠳᠤ ᠪᠡᠯᠡᠳᠬᠡᠬᠦ᠂ ᠴᠡᠷᠢᠭ ᠠᠷᠠᠳ ᠤᠨ ᠪᠦᠯᠬᠦᠮᠳᠡᠯ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠶ ᠠᠵᠢᠯ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃    ᠬᠤᠷᠠᠯ ᠠᠴᠠ᠂ ᠲᠤᠭ ᠢᠶᠠᠨ ᠡᠷᠭᠦᠨ ᠡᠷᠴᠢᠮ ᠢᠶᠠᠨ ᠴᠢᠩᠭᠠᠷᠠᠭᠤᠯᠵᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠠᠭᠠᠲᠤᠷᠴᠤᠳ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠦᠢᠯᠡᠰ ᠤᠨ ᠤᠯᠠᠮᠵᠢᠯᠠᠬᠤ᠂ ᠴᠢᠰᠤᠨ ᠰᠤᠳᠠᠰᠤ ᠶᠢ ᠡᠭᠦᠷᠢᠳᠡ ᠦᠷᠭᠦᠯᠵᠢᠯᠡᠭᠦᠯᠬᠦ ᠶᠢ ᠪᠠᠲᠤᠯᠠᠬᠤ ᠬᠡᠷᠡᠭᠲᠡᠢ᠃ ᠲᠠᠶᠢᠨ ᠳᠤ ᠪᠡᠯᠡᠳᠬᠡᠵᠦ ᠲᠠᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠭᠠᠨ ᠢ ᠰᠦᠪᠡᠭᠴᠢᠯᠡᠨ ᠪᠠᠶᠢᠯᠳᠤᠭᠠᠨ ᠢ ᠢᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠠᠯᠠᠱᠠ ᠵᠡᠭᠦᠨ ᠬᠤᠰᠢᠭᠤᠨ ᠤ ᠬᠤᠪᠢᠰᠬᠠᠯ ᠤᠨ ᠰᠣᠶᠣᠯ ᠢ ᠭᠦᠨᠵᠡᠭᠡᠶ ᠠᠭᠤᠳᠠᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠠᠲᠠᠬᠤ ᠬᠦᠴᠦᠨ ᠪᠠ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠦᠢᠯᠡᠳᠦᠯᠭᠡ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠬᠢᠯᠢ ᠬᠢᠵᠠᠭᠠᠷ ᠣᠷᠣᠨ ᠤ ᠤᠰᠤ ᠴᠠᠬᠢᠯᠭᠠᠨ ᠵᠠᠮ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠨᠢᠭᠡ ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠬᠦ ᠬᠡᠷᠡᠭᠲᠡᠢ᠃ ᠴᠡᠷᠢᠭ ᠠᠷᠠᠳ ᠪᠦᠯᠬᠦᠮᠳᠡᠨ ᠨᠢᠭᠡᠳᠬᠦ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠤᠢ ᠪᠣᠯᠭᠠᠵᠤ᠂ ᠡᠯ᠎ᠡ ᠨᠠᠮ ᠤᠨ ᠬᠤᠷᠢᠶ᠎ᠠ ︵ᠨᠠᠮ ᠤᠨ ᠠᠵᠢᠯ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ︶ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠠᠵᠢᠯ ᠢ ᠥᠴᠦᠬᠡᠨ ᠴᠦ ᠭᠤᠶᠢᠪᠢᠰᠢ ᠦᠭᠡᠢ ᠪᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭ᠎ᠠ ᠴᠡᠷᠢᠭ ᠠᠩᠭᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠠᠭᠤᠰᠤᠯᠴᠠᠵᠤ᠂ ᠣᠷᠣᠨ ᠨᠤᠲᠤᠭ ᠤᠨ ᠬᠡᠷᠡᠭᠴᠡᠭᠡ᠂ ᠣᠯᠠᠨ ᠲᠦᠮᠡᠨ ᠤ ᠬᠦᠰᠡᠯ᠂ ᠴᠡᠷᠢᠭ ᠠᠩᠭᠢ ᠶᠢᠨ ᠴᠢᠳᠠᠮᠵᠢ ᠶᠢ ᠨᠢᠭᠲᠠ ᠤᠶᠠᠯᠳᠤᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ︽ᠴᠡᠷᠢᠭ ᠠᠩᠭᠢ ᠶᠢᠨ ᠬᠡᠷᠡᠭᠴᠡᠭᠡ ᠬᠢᠭᠡᠳ ᠣᠷᠣᠨ ᠨᠤᠲᠤᠭ ᠤᠨ ᠴᠢᠳᠠᠪᠤᠷᠢ ᠶᠢ ᠵᠠᠪᠰᠠᠷ ᠥᠬᠡᠶ ᠵᠣᠯᠭᠠᠭᠤᠯᠬᠤ᠂ ᠴᠡᠷᠢᠭ ᠠᠩᠭᠢ ᠶᠢᠨ ᠬᠦᠰᠡᠯᠲᠡ ᠪᠠ ᠣᠷᠣᠨ ᠨᠤᠲᠤᠭ ᠤᠨ ᠲᠥᠯᠥᠭᠡ ᠭᠦᠨᠵᠡᠭᠡᠶ ᠠᠭᠤᠰᠤᠯᠴᠠᠬᠤ︾ ᠰᠠᠶᠢᠨ ᠰᠠᠶᠢᠬᠠᠨ ᠬᠥᠭᠵᠢᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠵᠤ᠂ ᠠᠮᠢ ᠠᠬᠤᠶ ᠭᠤᠶᠢᠳᠠ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠲᠦᠮᠡᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠶ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号