ᠪᠠᠭᠠᠨ᠎ᠠ ᠰᠢᠨ᠎ᠡ ᠵᠢᠯ ᠤᠨ ᠰᠢᠨ᠎ᠡ ᠶᠢᠨ ᠨᠢᠭᠡᠨ ᠳᠤ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠤᠭᠰᠠᠨ ᠪᠥᠭᠡᠳ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠲᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/1/14
      ᠰᠢᠨ᠎ᠡ ᠵᠢᠯ ᠤᠨ ᠪᠠᠶᠠᠷ ᠤᠨ ᠡᠳᠦᠷ ᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢ ᠬᠤᠸᠠ ᠶᠤᠸᠠᠨ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃
   ᠬᠦᠴᠢᠷᠳᠡᠯᠲᠡᠶ ᠣᠯᠠᠨ ᠲᠦᠮᠡᠨ ᠲᠠᠩ ᠵᠢᠶ ᠲᠢᠶᠠᠨ ᠤ ᠬᠡᠷ ᠲᠤ᠂ ᠪᠠᠭᠠᠨ᠎ᠠ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠪᠡᠶ᠎ᠡ ᠮᠠᠬᠠᠪᠣᠳ᠂ ᠠᠮᠢᠳᠤᠷᠠᠯ ᠤᠨ ᠪᠠᠶᠢᠳᠠᠯ ᠪᠣᠯᠤᠨ ᠪᠣᠳᠠᠲᠠᠶ ᠬᠡᠷᠡᠭᠴᠡᠭᠡ ᠶᠢ ᠨᠠᠷᠢᠨ ᠣᠶᠢᠯᠠᠭᠠᠵᠤ᠂ ᠲᠡᠭᠦᠨ ᠢ ᠪᠠᠶᠠᠰᠤᠩᠭᠤᠶ ᠥᠭᠡᠳᠡᠷᠬᠡᠭ ᠰᠡᠳᠬᠢᠴᠡ ᠲᠠᠢ ᠪᠠᠶᠢᠵᠤ᠂ ᠠᠮᠢᠳᠤᠷᠠᠯ ᠳᠤ ᠢᠳᠡᠪᠬᠢᠲᠡᠶ ᠬᠠᠨᠳᠤᠬᠤ ᠶᠢ ᠵᠣᠷᠢᠭᠵᠢᠭᠤᠯᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠵᠡᠮᠳᠡᠭᠴᠦᠳ᠂ ᠬᠦᠴᠢᠷᠳᠡᠯᠲᠡᠶ ᠣᠯᠠᠨ ᠲᠦᠮᠡᠨ ᠵᠡᠷᠭᠡ ᠣᠨᠴᠠᠭᠠᠶ ᠬᠥᠮᠦᠰ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠶ ᠣᠯᠠᠨ ᠲᠦᠮᠡᠨ ᠨᠢᠭᠡᠪᠦᠷᠢ ᠶᠢᠨ ᠰᠡᠳᠬᠢᠯ ᠳᠤ ᠬᠦᠷᠭᠡᠬᠦ ᠬᠡᠷᠡᠭᠲᠡᠶ ᠭᠡᠵᠦ ᠱᠠᠭᠠᠷᠳᠠᠪᠠ᠃    ᠳᠠᠷᠠᠭ᠎ᠠ ᠳᠤᠨᠢ᠂ ᠪᠠᠭᠠᠨ᠎ᠠ ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢ ᠬᠤᠸᠠ ᠶᠤᠸᠠᠨ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠭᠡᠷ ᠲᠤ ᠭᠦᠨᠵᠡᠭᠡᠶᠢᠷᠡᠵᠦ᠂ ᠬᠤᠭᠤᠯᠠᠨ ᠭᠡᠷ ᠤᠨ ᠡᠵᠡᠩᠨᠡᠯᠲᠡ᠂ ᠢᠳᠡᠭᠡᠨ ᠤ ᠦᠨ᠎ᠡ ᠬᠠᠩᠰᠢ᠂ ᠢᠳᠡᠰᠢᠨ ᠨᠣᠭᠤᠭ᠎ᠠ ᠶᠢᠨ ᠬᠡᠮᠵᠢᠶ᠎ᠡ ᠵᠢᠴᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠯᠠᠪᠯᠠᠨ ᠠᠰᠠᠭᠤᠵᠤ᠂ ᠢᠳᠡᠭᠡᠨ ᠤ ᠰᠢᠨ᠎ᠡ ᠰᠣᠷᠭᠤᠭ ᠪᠠᠶᠢᠯᠭᠠᠬᠤ ᠠᠷᠭ᠎ᠠ ᠬᠡᠮᠵᠢᠶ᠎ᠡ᠂ ᠬᠠᠳᠠᠭᠠᠯᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠢᠴᠢ ᠬᠤᠭᠤᠯᠠ ᠢᠳᠡᠬᠦ ᠣᠷᠴᠢᠨ ᠲᠣᠭᠤᠷᠢᠨ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠪᠠᠭᠠᠨ᠎ᠠ᠂ ᠢᠳᠡᠭᠡᠨ ᠬᠤᠳᠠᠯᠳᠤᠨ ᠠᠪᠬᠤ ᠪᠠ ᠬᠠᠳᠠᠭᠠᠯᠠᠬᠤ ᠶᠢᠨ ᠠᠮᠤᠷ ᠲᠦᠪᠰᠢᠨ ᠴᠢᠨᠠᠷ ᠪᠠ ᠡᠷᠡᠭᠦᠯ ᠬᠠᠮᠠᠭᠠᠯᠠᠯ ᠤᠨ ᠴᠢᠨᠠᠷ ᠪᠣᠯ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠪᠠᠲᠤᠯᠠᠬᠤ ᠴᠢᠬᠤᠯᠠ ᠭᠤᠭᠴᠤᠭ᠎ᠠ ᠮᠥᠨ᠂ ᠡᠷᠬᠡᠪᠰᠢ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ ᠨᠠᠷᠢᠨ ᠵᠦᠢᠯᠡᠰ ᠨᠢᠭᠡᠪᠦᠷᠢ ᠶᠢ ᠴᠢᠩᠭ᠎ᠠ ᠡᠵᠡᠮᠳᠡᠵᠦ᠂ ︽ᠣᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ︾᠎ ᠶᠢ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠬᠤ ᠶᠢ ᠪᠠᠷᠢᠮᠲᠠᠯᠠᠵᠤ᠂ ᠨᠠᠰᠤᠲᠠᠶᠢᠴᠤᠳ ᠲᠤ ᠡᠷᠡᠭᠦᠯ ᠪᠥᠭᠡᠳ ᠲᠠᠭᠠᠯᠠᠮᠵᠢᠲᠠᠶ ᠢᠳᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠨᠢᠭᠡᠪᠦᠷᠢ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ᠬᠡᠯᠪᠡᠷᠢ ᠶᠢᠨ ᠦᠵᠡᠯ ᠢ ᠡᠷᠡᠰ ᠬᠤᠷᠢᠭᠯᠠᠵᠤ᠂ ᠰᠠᠭᠤᠭᠠᠯᠢ ᠠᠷᠠᠳ ᠲᠤ ᠦᠨᠡᠨ ᠪᠣᠳᠠᠲᠠᠶ ᠪᠠᠷ ᠨᠠᠩ ᠳᠣᠲᠣᠨᠣ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠬᠡᠷᠡᠭᠲᠡᠶ ᠭᠡᠵᠣ ᠴᠢᠬᠤᠯᠠᠴᠢᠯᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠣᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号