ᠠᠯᠠᠱᠠ ᠵᠡᠭᠦᠨ ᠬᠤᠰᠢᠭᠤ᠄ ᠬᠠᠭᠤᠴᠢᠨ ᠬᠡᠷᠡᠭᠯᠡᠭᠡᠨ ᠤ ᠵᠦᠢᠯ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠪᠣᠷᠣᠯᠠᠭᠤᠯᠭ᠎ᠠ ᠶᠢᠨ ᠬᠡᠮᠵᠢᠶ᠎ᠡ 7000 ᠲᠦᠮᠡᠨ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2025/1/2
   ᠡᠨᠡ ᠵᠢᠯ ᠠᠴᠠ ᠨᠠᠰᠢ᠂ ᠠᠯᠠᠱᠠ ᠵᠡᠭᠦᠨ ᠬᠤᠰᠢᠭᠤ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠬᠡᠷ ᠤᠨ ᠴᠢᠮᠡᠭᠯᠡᠯ᠂ ᠲᠣᠭᠤᠭᠠᠨ ᠭᠡᠷ᠂ ᠠᠷᠢᠭᠤᠨ ᠴᠡᠪᠡᠷ ᠤᠨ ᠥᠷᠦᠭᠡ ᠶᠢᠨ ᠬᠡᠷᠡᠭᠰᠡᠯ ᠵᠡᠷᠭᠡ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠡᠷᠡᠭᠯᠡᠭᠡ ᠶᠢ ᠳᠠᠶᠢᠴᠢᠯᠠᠨ ᠢᠯᠡᠳᠲᠡ ᠦᠷ᠎ᠡ ᠪᠦᠲᠦᠮᠵᠢ ᠣᠯᠵᠤ᠂ ᠣᠲᠣ ᠪᠣᠯᠲᠠᠯ᠎ᠠ᠂ ᠠᠯᠠᠱᠠ ᠵᠡᠭᠦᠨ ᠬᠤᠰᠢᠭᠤᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠪᠦᠬᠦᠯᠢ ᠴᠣᠭᠴᠠ ᠪᠠᠷ ᠨᠢ ᠳᠠᠶᠢᠴᠢᠯᠠᠨ ᠬᠠᠮᠢᠶ᠎ᠠ ᠪᠥᠬᠦᠶ ᠦᠢᠯᠡᠳᠭᠦᠨ ᠤ ᠪᠣᠷᠣᠯᠠᠭᠤᠯᠭ᠎ᠠ ᠶᠢᠨ ᠬᠡᠮᠵᠢᠶ᠎ᠡ 7000 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃
   ᠵᠢᠯ ᠤᠨ ᠡᠴᠦᠰ ᠪᠣᠯᠬᠤ ᠳᠤ᠂ ᠠᠯᠠᠱᠠ ᠵᠡᠭᠦᠨ ᠬᠤᠰᠢᠭᠤᠨ ᠤ ᠡᠯ᠎ᠡ ᠲᠣᠮᠣ ᠬᠤᠳᠠᠯᠳᠤᠭᠠᠨ ᠤ ᠲᠠᠯᠠᠪᠤᠷ᠂ ᠴᠠᠬᠢᠯᠭᠠᠨ ᠬᠡᠷᠡᠭᠰᠡᠯ ᠪᠣᠷᠣᠯᠠᠭᠤᠯᠬᠤ ᠳᠡᠯᠭᠡᠭᠦᠷ᠂  ᠮᠠᠰᠢᠨ ᠲᠡᠷᠭᠡᠨ ᠤ 4S ᠳᠡᠯᠭᠡᠭᠦᠷ ᠵᠡᠷᠭᠡ ᠭᠠᠵᠠᠷ ᠲᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠠ ︽ᠬᠠᠭᠤᠴᠢᠨ ᠢᠶᠠᠷ ᠰᠢᠨ᠎ᠡ ᠶᠢ ᠰᠣᠯᠢᠬᠤ ᠬᠠᠷᠠᠭᠠᠯᠵᠠᠯ ᠤᠨ ᠨᠥᠬᠦᠪᠥᠷᠢ ︾ ᠵᠡᠷᠭᠡ ᠤᠷᠢᠶ᠎ᠠ ᠯᠣᠽᠦ᠋ᠩ ᠨᠢ ᠢᠯᠡᠷᠬᠡᠶ ᠣᠷᠣᠨ ᠪᠠᠶᠢᠷᠢ ᠶᠢ ᠡᠵᠡᠯᠡᠵᠦ ᠪᠠᠶᠢᠪᠠ᠂ ᠰᠠᠭᠤᠭᠠᠯᠢ ᠠᠷᠠᠳ ᠯᠢᠦ ᠶᠢᠨ ᠯᠢᠶᠠᠨ᠂ ᠥᠩᠭᠡᠷᠡᠭᠰᠡᠨ ᠳᠤ ᠬᠡᠷ ᠤᠨ ᠴᠠᠬᠢᠯᠭᠠᠨ ᠬᠡᠷᠡᠭᠰᠡᠯ ᠢ ᠡᠪᠳᠡᠷᠡᠲᠡᠯ᠎ᠡ ᠨᠢ ᠬᠡᠷᠡᠭᠯᠡᠵᠦ ᠪᠠᠶᠢᠭᠰᠠᠨ᠂ ᠡᠨᠡ ᠤᠳᠠᠭ᠎ᠠ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠠᠵᠢᠯᠯᠠᠭ᠎ᠠ ᠨᠢ ᠨᠠᠩ ᠪᠠᠭ᠎ᠠ ᠵᠣᠭᠤᠰ ᠢᠶᠠᠷ ᠦᠢᠯᠡᠳᠬᠦᠨ ᠢᠶᠠᠨ ᠲᠠᠰ ᠳᠡᠪᠰᠢᠭᠦᠯᠵᠦ᠂ ᠥᠪᠡᠷ ᠤᠨ ᠠᠮᠢᠳᠤᠷᠠᠯ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ ᠴᠢᠳᠠᠭᠰᠠᠨ ᠪᠠᠶᠢᠨ᠎ᠠ ᠭᠡᠪᠡ᠃    ᠣᠳᠣ ᠪᠣᠯᠲᠠᠯ᠎ᠠ᠂ ᠠᠯᠠᠱᠠ ᠵᠡᠭᠦᠨ ᠬᠤᠰᠢᠭᠤ ᠨᠡᠶᠢᠲᠡ 288 ᠬᠡᠷᠡᠭᠯᠡᠭᠡᠨ ᠠᠴᠠ ᠭᠠᠷᠣᠭᠰᠠᠨ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠭᠤᠶᠤᠴᠢᠯᠠᠯ ᠢ ᠣᠯᠵᠤ᠂ 3194.69 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ︔ 210 ᠮᠠᠰᠢᠨ ᠲᠡᠷᠭᠡ ᠶᠢ ᠰᠣᠯᠢᠵᠤ ᠰᠢᠨᠡᠳᠬᠡᠵᠦ᠂ 2243.58 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ︔ ᠭᠡᠷ ᠤᠨ ᠴᠠᠬᠢᠯᠭᠠᠨ ᠬᠡᠷᠡᠭᠰᠡᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠨᠢ ᠨᠡᠶᠢᠲᠡ 220.78 ᠲᠦᠮᠡᠨ ᠲᠥᠭᠦᠷᠢᠭ ᠬᠠᠷᠭᠤᠭᠤᠯᠤᠨ ᠪᠣᠷᠣᠯᠠᠭᠤᠯᠵᠤ᠂ ᠨᠡᠶᠢᠲᠡ 1168.48 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾᠎ ᠶᠢ ᠬᠢᠨᠠᠨ ᠪᠣᠷᠣᠯᠠᠭᠤᠯᠤᠭᠰᠠᠨ ᠵᠣᠭᠤᠰ ᠤᠨ ᠲᠤᠭ᠎ᠠ ᠨᠡᠶᠢᠲᠡ 0.51 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠡ ᠶᠢ ᠨᠡᠶᠢᠲᠡ 2.46 ᠲᠦᠮᠡᠨ ᠲᠥᠭᠦᠷᠢᠭ ᠳᠠᠶᠢᠴᠢᠯᠠᠪᠠ︔ ᠬᠡᠷ ᠤᠨ ᠴᠢᠮᠡᠭᠯᠡᠯ᠂ ᠲᠣᠭᠤᠭᠠᠨ ᠬᠡᠷ᠂ ᠠᠷᠢᠭᠤᠨ ᠴᠡᠪᠡᠷ ᠤᠨ ᠥᠷᠦᠭᠡ ᠶᠢᠨ ᠬᠡᠷᠡᠭᠰᠡᠯ ᠤᠨ ︽ᠰᠢᠨᠡᠳᠬᠡᠬᠦ︾᠎ ᠶᠢ ᠬᠢᠨᠠᠨ ᠪᠣᠷᠣᠯᠠᠭᠤᠯᠤᠭᠰᠠᠨ ᠵᠣᠭᠤᠰ ᠤᠨ ᠲᠤᠭ᠎ᠠ 159.71 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠡ ᠶᠢ ᠨᠡᠶᠢᠲᠡ 803.42 ᠲᠦᠮᠡᠨ ᠲᠥᠭᠦᠷᠢᠭ ᠳᠠᠶᠢᠴᠢᠯᠠᠭᠰᠠᠨ ᠪᠠᠶᠢᠨ᠎ᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号