| | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 30 ᠤ ᠴᠠᠭᠢᠯᠭᠠᠨ ᠮᠡᠳᠡᠭᠡ 2025 ᠣᠨ ᠤ ᠰᠢᠨ᠎ᠡ | ᠣᠨ ᠤ ᠰᠢ ᠵᠦᠴᠦᠭᠡ ᠶᠢᠨ ᠦᠳᠡᠰᠢᠯᠡᠭᠡ 30 ᠤ ᠣᠷᠣᠢ ᠤᠯᠤᠰ ᠤᠨ ᠶᠡᠭᠡ ᠲᠢᠶᠠᠳ᠋ᠷ ᠲᠤ ᠶᠠᠪᠤᠭᠳᠠᠪᠠ᠃ ᠨᠠᠮ ᠪᠣᠯᠣᠨ | ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ | ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠲᠠᠢ ᠬᠠᠮᠲᠤ | ᠲᠣᠬᠯᠠᠯᠲᠠ ᠶᠢ ᠰᠣᠨᠢᠷᠬᠠᠵᠤ᠂ ᠰᠢᠨ᠎ᠡ ᠣᠨ ᠢ ᠪᠠᠶᠠᠷᠯᠠᠨ ᠤᠭᠲᠤᠵᠠᠢ᠃ | ᠦᠳᠡᠰᠢ ᠶᠢᠨ ᠪᠦᠷᠦᠢ ᠶᠢᠨ ᠤᠯᠤᠰ ᠤᠨ ᠶᠡᠭᠡ ᠲᠢᠶᠠᠳ᠋ᠷ ᠲᠤ ᠥᠩᠭᠡᠲᠦ ᠳ᠋ᠧᠩ ᠳᠤᠸᠠᠯᠠᠵᠤ᠂ ᠲᠢᠶᠠᠳ᠋ᠷ ᠲᠤ ᠭᠦᠷ | ᠬᠥᠭᠵᠢᠶᠡᠨ ᠢᠶᠠᠷ ᠪᠢᠯᠬᠠᠨ᠎ᠠ᠃ 19 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ | ᠤᠳᠤᠷᠢᠳᠬᠤ ᠬᠥᠮᠥᠰ ᠦᠳᠡᠰᠢᠯᠡᠭᠡ ᠶᠢᠨ ᠠᠬᠤᠢ ᠲᠠᠯᠠᠪᠠᠢ ᠳᠤ ᠢᠷᠡᠵᠤ᠂ ᠲᠣᠬᠯᠠᠯᠲᠠ ᠰᠣᠨᠢᠷᠬᠠᠬᠤ ᠪᠠᠷ ᠢᠷᠡᠭᠰᠡᠨ ᠰᠢ | ᠵᠦᠴᠦᠭᠡ ᠶᠢᠨ ᠡᠲᠡᠭᠡᠳ ᠤᠨ ᠤᠷᠠᠯᠢᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ᠂ ᠬᠠᠷᠢᠯᠴᠠᠨ | ᠮᠡᠨᠳᠦᠴᠢᠯᠡᠵᠦ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠢᠷᠠᠭᠤ ᠠᠶᠠᠯᠭᠤ ᠤᠶᠠᠩᠭᠠᠲᠤ ᠬᠥᠭᠵᠢᠮ ᠢᠶᠠᠷ ᠢᠶᠠᠨ ᠰᠢᠨ᠎ᠡ ᠣᠨ ᠢᠶᠠᠨ ᠤᠭᠲᠤᠵᠤ᠂ ᠡᠷᠲᠡᠨ ᠡᠳᠦᠭᠡ ᠶᠢᠨ ᠳᠠᠭᠤᠤ | ᠡᠭᠡᠰᠢᠭ ᠢᠶᠠᠷ ᠢᠶᠠᠨ ᠠᠤᠭ᠎ᠠ ᠦᠢᠯᠡᠰ ᠢᠶᠠᠨ ᠳᠠᠭᠤᠯᠠᠨ᠎ᠠ᠃ ︽ᠬᠦᠷᠢᠶᠡᠯᠡᠩ ᠳᠦᠭᠦᠷᠡᠩ ᠥᠨᠢᠷ ᠴᠡᠴᠡᠭ ᠢᠶᠠᠷ ᠰᠢᠨ᠎ᠡ | ᠵᠢᠯ ᠢᠶᠠᠨ ᠤᠭᠲᠤᠶ᠎ᠠ︾ ᠭᠡᠬᠦ ᠪᠠᠶᠠᠷ ᠪᠠᠶᠠᠰᠬᠤᠯᠠᠩ ᠲᠠᠢ ᠠᠶ᠎ᠠ ᠬᠥᠭᠵᠢᠮ ᠢᠶᠠᠷ ᠦᠳᠡᠰᠢᠯᠡᠭᠡ ᠶᠢ ᠡᠬᠢᠯᠡᠭᠦᠯᠪᠡ᠃ ︽ᠪᠡᠭᠡᠵᠢᠩ | ᠵᠦᠴᠦᠭᠡ ᠶᠢᠨ ᠤᠷᠤᠰᠬᠠᠯ ᠪᠦᠯᠦᠭ ᠨᠦᠭᠦᠳ ᠤᠨ ᠦᠵᠡᠭᠦᠯᠭᠡ︾ ᠨᠢ ᠤᠷᠤᠰᠤᠮ᠎ᠠ ᠰᠠᠶᠢᠬᠠᠨ ᠴᠥᠷᠬᠡᠯᠡᠭᠡ ᠲᠤᠬᠯᠠᠯᠳᠠ ᠪᠠᠷ | ᠪᠡᠭᠡᠵᠢᠩ ᠵᠦᠴᠦᠭᠡ ᠶᠢᠨ ᠤᠷᠠᠯᠢᠭ ᠤᠨ ᠰᠠᠯᠠᠭ᠎ᠠ ᠨᠠᠮᠠᠭ᠎ᠠ ᠡᠯᠪᠡᠭ ᠪᠠᠶᠠᠯᠢᠭ ᠪᠠᠶᠢᠬᠤ ᠶᠢ ᠬᠠᠷᠠᠭᠤᠯᠪᠠ᠃ ᠪᠡᠭᠡᠵᠢᠩ ᠵᠦᠴᠦᠭᠡ | ︽ᠴᠢᠨ ᠰᠢᠶᠠᠩ ᠯᠢᠶᠠᠨ︾᠂ ᠺᠦᠨᠱᠠᠨ ᠵᠦᠴᠦᠭᠡ ︽ᠰᠢ ᠰᠢᠶᠠᠩ ᠵᠢᠢ︾᠂ ᠫᠢᠩᠵᠢᠦᠢ ᠵᠦᠴᠦᠭᠡ ︽ᠯᠢᠦ ᠴᠢᠶᠣᠤ ᠡᠯ︾᠂ | ᠬᠤᠸᠠᠩᠮᠸᠢ ᠵᠦᠴᠦᠭᠡ ︽ᠳᠠᠭᠢᠨᠢ ᠡᠬᠡᠨᠡᠷ︾ ᠵᠡᠷᠭᠡ ᠨᠢ ᠲᠤᠰ ᠲᠤᠰ ᠤᠨ ᠦᠨᠦᠷ ᠠᠮᠲᠠ ᠲᠠᠢ ᠪᠠᠶᠢᠵᠤ᠂ ᠦᠵᠡᠭᠴᠢᠳ ᠲᠤ | ᠰᠣᠩᠭᠤᠳᠠᠭ ᠦᠯᠢᠭᠡᠷ ᠳᠤᠮᠳᠠ ᠠᠴᠠ ᠰᠢᠯᠢᠳᠡᠭ ᠤᠯᠠᠮᠵᠢᠯᠠᠯᠲᠤ ᠤᠷᠠᠯᠢᠭ ᠤᠨ ᠳᠣᠲᠣᠭᠠᠳᠤ ᠠᠭᠤᠯᠤᠭᠳᠠᠬᠤᠨ ᠤ ᠷᠢᠳᠢ | ᠰᠢᠳᠢ ᠶᠢ ᠮᠡᠳᠡᠷᠡᠭᠦᠯᠪᠡ᠃ ᠪᠡᠭᠡᠵᠢᠩ ᠵᠦᠴᠦᠭᠡ ︽ᠱᠠ ᠵᠢᠶᠠ ᠪᠠᠩ · ᠤᠷᠠᠨ ᠠᠷᠭ᠎ᠠ ᠪᠠᠷ ᠲᠡᠮᠡᠴᠡᠭᠰᠡᠨ ᠨᠢ︾ ᠪᠠ ︽ᠶᠠᠩ | ᠣᠪᠣᠭᠲᠠᠨ ᠤ ᠡᠮᠡᠭᠲᠡᠢ ᠵᠠᠩᠵᠤᠨ︾ ᠤ ᠰᠣᠩᠭᠤᠮᠠᠯ ᠬᠡᠰᠡᠭ ᠨᠢ ᠪᠠᠭᠠᠲᠤᠷᠯᠢᠭ ᠬᠥᠮᠥᠰ ᠤᠨ ᠤᠯᠤᠰ ᠢᠶᠠᠨ ᠬᠠᠶᠢᠷᠠᠯᠠᠬᠤ | ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠢᠯᠡᠷᠡᠭᠦᠯᠪᠡ᠃ ᠪᠡᠭᠡᠵᠢᠩ ᠵᠦᠴᠦᠭᠡ ︽ᠮᠢᠨ ᠹᠠᠩ ᠯᠧᠢ · ᠲᠠᠭᠢᠨ ᠦᠯᠤ | ᠰᠠᠯᠤᠯᠴᠠᠨᠠ︾᠂ ︽ᠠᠭᠤᠯᠠᠨ ᠴᠡᠴᠡᠭ ᠮᠢᠷᠠᠯᠵᠠᠨ ᠳᠡᠯᠭᠡᠷᠡᠨᠡᠮ – ᠦᠨᠳᠦᠰᠦᠲᠡᠨ ᠤ ᠣᠷᠣᠨ ᠤ ᠰᠢ ᠵᠦᠴᠦᠭᠡ ᠶᠢᠨ | ᠰᠣᠩᠭᠤᠮᠠᠯ ᠬᠡᠰᠡᠭ︾ ᠨᠢ ᠡᠷᠲᠡᠨ ᠤ ᠵᠦᠴᠦᠭᠡ ᠶᠢᠨ ᠲᠦᠷᠦᠯ ᠢᠶᠠᠷ ᠤᠳᠤ ᠦᠶ᠎ᠡ ᠶᠢᠨ ᠰᠡᠳᠦᠪᠯᠡᠬᠦᠨ ᠢ ᠲᠣᠭᠯᠠᠵᠤ᠂ | ᠰᠢᠨ᠎ᠡ ᠰᠣᠷᠭᠤᠭ ᠴᠠᠭ ᠦᠶ᠎ᠡ ᠶᠢᠨ ᠠᠭᠤᠷ ᠠᠮᠢᠰᠬᠤᠯ ᠪᠣᠯᠣᠨ ᠪᠠᠶᠠᠯᠢᠭ ᠰᠠᠶᠢᠬᠠᠨ ᠦᠨᠳᠦᠰᠦᠲᠡᠨ ᠤ ᠵᠠᠩ ᠦᠢᠯᠡ ᠶᠢ | ᠢᠯᠡᠷᠡᠭᠦᠯᠪᠡ᠃ ᠪᠡᠭᠡᠵᠢᠩ ᠵᠦᠴᠦᠭᠡ ᠺᠦᠨᠱᠠᠨ ᠵᠦᠴᠦᠭᠡ ᠶᠢᠨ ᠪᠠᠭᠠᠴᠤᠳ ᠬᠡᠦᠬᠡᠳ ᠤᠨ ᠲᠣᠬᠯᠠᠯᠲᠠ ᠪᠠᠶᠠᠯᠢᠭ ᠰᠠᠶᠢᠬᠠᠨ | ᠪᠠᠶᠢᠵᠤ᠂ ᠰᠢ ᠵᠦᠴᠦᠭᠡ ᠶᠢᠨ ᠤᠷᠠᠯᠢᠭ ᠤᠨ ᠵᠠᠯᠭᠠᠮᠵᠢᠯᠠᠭᠴᠢ ᠲᠠᠢ ᠪᠠᠶᠢᠬᠤ ᠪᠠᠶᠠᠷᠯᠠᠭᠤᠰᠢᠲᠠᠢ ᠪᠠᠶᠢᠳᠠᠯ ᠢ ᠬᠠᠷᠠᠭᠤᠯᠤᠭᠰᠠᠨ | ᠪᠠᠶᠢᠨ᠎ᠠ᠃ ᠣᠮᠤᠭ ᠪᠠᠭ᠋ᠠᠳᠤᠮ᠎ᠠ ᠰᠦᠷ ᠳᠠᠯᠠᠶᠢᠴᠠᠲᠠᠢ ᠰᠢ ᠵᠦᠴᠦᠭᠡ ︽ᠬᠠᠪᠤᠷ ᠨᠠᠮᠤᠷ ᠤᠨ ᠴᠤᠤᠷᠢᠶ᠎ᠠ︾ ᠨᠢ | ᠦᠳᠡᠰᠢᠯᠡᠭᠡ ᠶᠢᠨ ᠠᠭᠤᠷ ᠠᠮᠢᠰᠬᠤᠯ ᠢ ᠤᠷᠭᠢᠯ ᠳᠤ ᠬᠦᠷᠭᠡᠵᠦ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠤᠳᠬ᠎ᠠ ᠤᠷᠠᠯᠢᠭ ᠤᠨ ᠦᠢᠯᠡᠰ ᠤᠨ ᠬᠥᠭᠵᠢᠯ ᠴᠡᠴᠡᠭᠯᠡᠯ ᠢ ᠴᠢᠷᠮᠠᠶᠢᠨ ᠠᠬᠢᠭᠤᠯᠵᠤ᠂ ᠨᠡᠶᠢᠭᠡᠮ ᠵᠢᠷᠤᠮ ᠤᠨ | ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠭᠦᠷᠭᠡ ᠬᠥᠭᠡᠭᠡᠴᠡᠯᠳᠦᠯ ᠳᠤ ᠣᠷᠣᠯᠴᠠᠬᠰᠡᠨ ᠢ ᠢᠯᠡᠷᠡᠭᠦᠯᠪᠡ᠃ | ᠤᠷᠠᠯᠢᠭᠴᠢᠳ ᠤᠨ ᠭᠤᠶᠢᠳᠠ ᠰᠠᠶᠢᠬᠠᠨ ᠲᠣᠬᠯᠠᠯᠲᠠ ᠨᠢ ᠲᠠᠯᠠᠪᠠᠢ ᠳᠠᠶᠠᠭᠠᠷ ᠤᠨ ᠮᠠᠭᠲᠠᠭᠠᠯ ᠰᠠᠶᠢᠰᠢᠶᠠᠯ ᠪᠠ ᠬᠠᠯᠠᠭᠤᠨ | ᠠᠯᠠᠭ᠎ᠠ ᠲᠡᠰᠢᠯᠲᠡ ᠶᠢ ᠣᠯᠪᠠ᠃ | ᠦᠳᠡᠰᠢᠯᠡᠭᠡ ᠳᠤ᠂ ᠠᠳᠠᠯᠢ ᠪᠤᠰᠤ ᠵᠦᠴᠦᠭᠡ ᠶᠢᠨ ᠲᠦᠷᠦᠯ ᠥᠩᠭᠡ ᠢᠯᠭᠠᠷᠠᠵᠤ᠂ ᠰᠣᠩᠭᠤᠳᠠᠭ ᠵᠦᠴᠦᠭᠡ ᠪᠣᠯᠣᠨ | ᠰᠢᠨ᠎ᠡ ᠡᠭᠦᠳᠦᠯᠲᠡ ᠶᠢᠨ ᠰᠣᠳᠣᠨ ᠪᠦᠲᠦᠭᠡᠯ ᠲᠤᠰ ᠲᠤᠰ ᠤᠨ ᠣᠨᠴᠠᠯᠢᠭ ᠲᠠᠢ ᠪᠠᠶᠢᠵᠤ᠂ ᠳᠤᠮᠳᠠᠳᠤ ᠶᠢᠨ ᠰᠢ | ᠵᠦᠴᠦᠭᠡ ᠶᠢᠨ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠥᠭᠵᠢᠯ ᠴᠡᠴᠡᠭᠯᠡᠯ ᠤᠨ ᠪᠠᠶᠢᠳᠠᠯ ᠢ ᠳᠡᠯᠭᠡᠨ ᠦᠵᠡᠭᠦᠯᠵᠦ᠂ | ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠡᠮᠡᠴᠡᠯ ᠤᠨ ᠢᠯᠠᠯᠲᠠ ᠶᠢᠨ ᠳᠠᠭᠤᠤ ᠶᠢ ᠬᠠᠩᠭᠢᠨᠠᠭᠤᠯᠪᠠ᠃ | ᠨᠠᠮ ᠪᠣᠯᠣᠨ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠲᠣᠬᠯᠠᠯᠲᠠ ᠶᠢ ᠰᠣᠨᠢᠷᠬᠠᠵᠠᠢ᠃ | |