ᠠᠯᠠᠱᠠ ᠵᠡᠭᠦᠨ ᠬᠤᠰᠢᠭᠤ᠄ ︽ᠴᠠᠭᠠᠰᠤ︾ ᠦᠭᠡᠢ ᠰᠢᠯᠭᠠᠯᠳᠠ ᠬᠢᠯ᠎ᠡ
ᠨᠡᠶᠢᠲᠡᠯᠡᠭᠰᠡᠨ ᠴᠠᠭ᠄
2025/2/11
    ᠣᠶᠢᠷ᠎ᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠣᠯᠠᠨ ᠪᠠᠭ᠎ᠠ ᠰᠤᠷᠭᠠᠭᠤᠯᠢ ᠨᠢ ᠨᠢᠭᠡᠳᠦᠭᠡᠷ ᠬᠤᠶᠠᠳᠤᠭᠠᠷ ᠣᠨ ᠤ ᠰᠤᠷᠤᠭᠴᠢᠳ ᠲᠤ ᠥᠪᠡᠷᠮᠢᠴᠡ ᠣᠨᠴᠠᠯᠢᠭ ᠲᠠᠢ ᠬᠡᠮᠵᠢᠨ ᠰᠢᠯᠭᠠᠬᠤ ᠠᠵᠢᠯᠯᠠᠭ᠎ᠠ ᠥᠷᠨᠢᠭᠦᠯᠵᠦ ᠂ ᠰᠤᠷᠤᠭᠴᠢᠳ ᠤᠨ ᠨᠢᠭᠡᠳᠦᠭᠡᠷ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠶᠢᠨ ᠬᠠᠮᠲᠤ ᠲᠡᠳᠡᠨ ᠤ ᠶᠡᠷᠦᠩᠬᠡᠶᠢᠯᠡᠭᠰᠡᠨ ᠬᠡᠪ ᠴᠢᠨᠠᠷ ᠪᠠ ᠰᠣᠶᠣᠯ ᠤᠨ ᠮᠡᠳᠡᠷᠡᠮᠵᠢ ᠶᠢ ᠳᠡᠭᠡᠭᠰᠢᠯᠡᠭᠦᠯᠪᠡ᠃
   ᠠᠯᠠᠱᠠ ᠵᠡᠭᠦᠨ ᠬᠤᠰᠢᠭᠤᠨ ᠤ ᠶᠢᠰᠦᠳᠦᠭᠡᠷ ᠪᠠᠭ᠎ᠠ ᠰᠤᠷᠭᠠᠭᠤᠯᠢ ᠳᠤ᠂  ᠰᠤᠷᠤᠭᠴᠢᠳ ᠪᠡᠶ᠎ᠡ ᠶᠢᠨ ᠲᠠᠮᠢᠷ ᠤᠨ ᠣᠷᠳᠣᠨ ᠳᠤ ᠪᠠᠭᠰᠢ ᠶᠢᠨ ᠵᠢᠯᠣᠭᠤᠳᠤᠯᠭ᠎ᠠ ᠳᠣᠣᠷ᠎ᠠ ᠡᠮᠬᠢ ᠵᠢᠷᠤᠮ ᠲᠠᠢ ᠪᠠᠷ ᠮᠥᠷᠯᠡᠨ ︽ᠴᠠᠭᠠᠰᠤ︾ ᠦᠭᠡᠢ ᠰᠢᠯᠭᠠᠯᠳᠠ ᠳᠤ ᠣᠷᠣᠯᠴᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠯᠭᠠᠨ ᠦᠨᠡᠯᠡᠬᠦ ᠠᠵᠢᠯᠯᠠᠭ᠎ᠠ ᠨᠢ ᠰᠣᠨᠢᠷᠬᠠᠯᠲᠠᠶ ︽ᠪᠣᠭᠤᠮᠲᠠ ᠰᠢᠪᠲᠤᠯᠬᠤ ᠲᠣᠭᠯᠠᠭᠠᠮ︾᠎ ᠢᠶᠠᠷ ᠳᠠᠮᠵᠢᠭᠤᠯᠤᠨ ᠤᠯᠠᠮᠵᠢᠯᠠᠯᠲᠤ ᠰᠢᠯᠭᠠᠯᠲᠠ ᠶᠢ ᠣᠷᠣᠯᠠᠭᠤᠯᠤᠭᠰᠠᠨ ᠪᠥᠭᠡᠳ ᠬᠡᠯᠡ ᠪᠢᠴᠢᠭ᠂ ᠲᠣᠭᠠᠨ ᠤ ᠤᠬᠠᠭᠠᠨ᠂ ᠤᠷᠠᠨ ᠵᠢᠷᠤᠭ ᠵᠡᠷᠭᠡ ᠰᠢᠨᠵᠢᠯᠡᠭᠡᠨ ᠤ ᠰᠠᠯᠠᠭᠠᠨ ᠤ ᠮᠡᠳᠡᠯᠭᠡ ᠵᠢᠴᠢ ᠬᠥᠳᠡᠯᠮᠦᠷᠢ ᠶᠢᠨ ᠬᠥᠮᠦᠵᠢᠯ ᠢ ᠤᠷᠠᠨ ᠢᠶᠠᠷ ᠠᠭᠤᠰᠤᠯᠴᠠᠭᠤᠯᠵᠤ᠂ ᠰᠤᠷᠤᠭᠴᠢᠳ ᠲᠤ ᠨᠢᠭᠡᠨ ᠵᠤᠭ᠎ᠠ ᠴᠡᠩᠭᠡᠯ᠂ ᠳᠤᠷ᠎ᠠ ᠰᠣᠨᠢᠷᠬᠠᠯ ᠲᠠᠢ ᠰᠢᠯᠭᠠᠨ ᠦᠨᠡᠯᠡᠬᠦ ᠰᠢᠯᠭᠠᠯᠳᠠ ᠶᠢ ᠪᠣᠶ ᠪᠣᠯᠭᠠᠵᠤ ᠥᠭᠴᠡᠶ᠃     ᠣᠶᠢᠷ᠎ᠠ ᠶᠢᠨ ᠵᠢᠯ ᠠᠴᠠ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠪᠠᠭ᠎ᠠ ᠰᠤᠷᠭᠠᠭᠤᠯᠢ ᠶᠢᠨ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠰᠢᠯᠭᠠᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠰᠣᠨᠢᠷᠬᠠᠯᠲᠤ ᠴᠢᠨᠠᠷ᠂ ᠦᠢᠯᠡᠳᠦᠯᠭᠡᠲᠦ ᠴᠢᠨᠠᠷ᠂ ᠬᠠᠶᠢᠨ ᠰᠦᠪᠡᠭᠴᠢᠯᠡᠬᠦ ᠴᠢᠨᠠᠷ ᠢ ᠨᠢᠭᠡ ᠴᠣᠭᠴᠠᠵᠢᠭᠤᠯᠤᠭᠰᠠᠨ ︽ᠴᠠᠭᠠᠰᠤ︾ ᠦᠭᠡᠢ ᠰᠢᠯᠭᠠᠯᠳᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠪᠠᠭᠰᠢ ᠶᠢ ᠤᠯᠠᠮ ᠴᠢᠨᠠᠭᠰᠢᠳᠠ ᠬᠥᠲᠥᠯᠦᠨ ᠵᠢᠯᠣᠭᠤᠳᠴᠤ ᠪᠠᠶᠢᠭᠠᠳ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠶᠢ ᠠᠩᠬᠠᠷᠴᠤ᠂ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠣᠯᠠᠨ ᠠᠷᠭ᠎ᠠ ᠵᠠᠮ ᠢᠶᠠᠷ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ︽ᠬᠤᠶᠠᠷ ᠢ ᠪᠠᠭᠠᠰᠬᠠᠬᠤ︾ ᠠᠵᠢᠯ ᠤᠨ ᠨᠠᠩ ᠰᠠᠶᠢᠨ ᠦᠷ᠎ᠡ ᠪᠦᠲᠦᠮᠵᠢ ᠤᠯᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号