ᠠᠯᠠᠱᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠄ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ
ᠨᠡᠶᠢᠲᠡᠯᠡᠭᠰᠡᠨ ᠴᠠᠭ᠄
2025/2/11
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠤᠨ ᠲᠣᠭᠤᠷᠢᠨ ᠳᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠥᠭᠡᠷᠡᠴᠢᠯᠡᠯᠲᠡ ᠶᠢᠨ ᠡᠭᠦᠷᠭᠡ ᠶᠢ 125 ᠵᠦᠢᠯ ᠲᠣᠭᠲᠠᠭᠠᠵᠤ᠂ ᠪᠥᠬᠦ ᠬᠦᠴᠦᠨ ᠢᠶᠠᠷ ᠢᠶᠠᠨ ︽ᠵᠢᠷᠭᠤᠭᠠᠨ ᠭᠤᠷᠪᠠ︾᠎ ᠶᠢᠨ ᠪᠣᠳᠠᠲᠠᠶ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠯᠠᠱᠠ ᠵᠡᠭᠦᠨ ᠬᠤᠰᠢᠭᠤᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠣᠶᠢᠷ᠎ᠠ ᠳᠤ᠂ ᠰᠤᠷᠪᠤᠯᠵᠢᠯᠠᠭᠴᠢ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠢ ᠰᠤᠷᠪᠤᠯᠵᠢᠯᠠᠪᠠ᠃
   ᠥᠪᠥᠷ ᠮᠣᠩᠭᠤᠯ ᠤᠨ ᠡᠳᠦᠷ ᠤᠨ ᠰᠣᠨᠢᠨ᠄ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠂ ᠥᠭᠡᠷᠡᠴᠢᠯᠡᠯᠲᠡ ᠪᠠᠷ ᠠᠮᠢ ᠠᠬᠤᠶ ᠶᠢᠨ ᠬᠠᠮᠠᠭᠠᠯᠠᠯᠲᠠ ᠶᠢᠨ ᠰᠢᠨ᠎ᠡ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠡᠷᠬᠢᠨ ᠪᠠᠷᠢᠮᠲᠠᠯᠠᠬᠤ ᠪᠣᠶ︖    ᠯᠢᠦ ᡁᠢ ᠴᠢᠶᠠᠩ᠄ ᠠᠯᠠᠱᠠ ᠵᠡᠭᠦᠨ ᠬᠤᠰᠢᠭᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠬᠠᠲᠤᠨ ᠭᠤᠤᠯ ᠤᠨ ᠰᠠᠪᠠ ᠭᠠᠵᠠᠷ ᠬᠢᠭᠡᠳ ᠠᠯᠠᠱᠠ ᠠᠭᠤᠯᠠ ᠶᠢ ᠨᠢᠭᠡ ᠴᠤᠭᠴᠠᠵᠢᠭᠤᠯᠤᠨ ᠬᠠᠮᠠᠭᠠᠯᠠᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠢᠭᠡᠳ ᠰᠢᠨ᠎ᠡ ᠡᠨᠧᠷᠭᠢ᠂ ᠨᠤᠲᠤᠭ ᠤᠰᠤ ᠪᠠᠨ ᠬᠠᠮᠠᠭᠠᠯᠠᠵᠤ ᠬᠢᠯᠢ ᠪᠠᠨ ᠬᠠᠮᠠᠭᠠᠯᠠᠬᠤ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠤᠨ ᠬᠦᠴᠦᠯᠡᠵᠦ᠂ ᠤᠰᠤ ᠬᠦᠴᠢᠷᠳᠡᠯ᠂ ᠡᠯᠡᠰᠦᠨ ᠭᠠᠮᠰᠢᠭ ᠵᠡᠷᠭᠡ ᠪᠣᠭᠤᠮᠢ ᠶᠢᠨ ᠬᠢᠵᠠᠭᠠᠷᠯᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠥᠭᠡᠷᠡᠴᠢᠯᠡᠯᠲᠡ ᠶᠢᠨ ᠬᠦᠴᠦᠨ ᠢᠶᠠᠷ ᠠᠮᠢ ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠪᠠ᠃ ᠵᠣᠷᠢᠭᠲᠠᠶ ᠪᠠᠷ ᠰᠢᠨ᠎ᠡ ᠶᠢ ᠡᠭᠦᠳᠴᠦ᠂ ᠡᠯᠡᠰᠦ ᠶᠢ ᠵᠠᠰᠠᠵᠤ᠂ ᠭᠤᠤᠯᠳᠠᠭᠤ ᠡᠯᠡᠰᠦᠨ ᠴᠦᠯ ᠤᠨ ᠡᠷᠬᠢᠨ ᠲᠣᠭᠤᠷᠢᠨ ᠳᠤ ︽ ᠨᠢᠰᠬᠦ᠂ ᠪᠢᠲᠡᠭᠦᠮᠵᠢᠯᠡᠬᠦ᠂ ᠦᠢᠯᠡᠳᠪᠦᠷᠢᠯᠡᠬᠦ᠂ ᠬᠠᠮᠢᠶᠠᠷᠬᠤ︾ ᠡᠯᠡᠰᠦ ᠶᠢ ᠵᠠᠰᠠᠬᠤ ᠪᠣᠯᠪᠠᠰᠤᠷᠠᠩᠭᠤᠶ ᠵᠠᠭᠪᠤᠷ ᠢ ᠶᠡᠬᠡᠪᠡᠷ ᠬᠡᠷᠡᠭᠵᠢᠭᠦᠯᠵᠦ᠂ ︽ᠵᠠᠰᠠᠭ ᠤᠨ ᠣᠷᠳᠣᠨ ᠬᠥᠲᠥᠯᠦᠨ ᠵᠢᠯᠣᠭᠤᠳᠴᠤ᠂ ᠠᠵᠤ ᠠᠬᠤᠶᠢᠯᠠᠯ ᠭᠤᠤᠯ ᠴᠣᠭᠴᠠ ᠪᠠ ᠮᠠᠯᠴᠢᠨ ᠲᠠᠷᠢᠶᠠᠴᠢᠨ ᠣᠷᠣᠯᠴᠠᠬᠤ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠭᠰᠠᠨ ︾ ᠨᠡᠶᠢᠭᠡᠮᠴᠢᠯᠡᠭᠰᠡᠨ ᠣᠶᠢᠵᠢᠭᠤᠯᠵᠤ ᠨᠣᠭᠤᠭᠠᠷᠠᠭᠤᠯᠬᠤ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠣᠶᠢᠵᠢᠭᠤᠯᠵᠤ ᠨᠣᠭᠤᠭᠠᠷᠠᠭᠤᠯᠬᠤ ᠲᠥᠯᠥᠪᠵᠢᠭᠦᠯᠭᠡ᠂ ᠲᠥᠷᠥᠯ ᠵᠦᠢᠯ ᠲᠡᠮᠡᠴᠡᠨ ᠤᠯᠬᠤ᠂ ᠮᠡᠷᠭᠡᠵᠢᠯ ᠤᠨ ᠳᠡᠮᠵᠢᠯᠭᠡ ᠦᠵᠡᠭᠦᠯᠬᠦ᠂ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠬᠢᠵᠦ᠂ ᠬᠥᠲᠥᠴᠢ ᠠᠵᠤ ᠠᠬᠤᠶᠢᠯᠠᠯ ᠲᠦᠷᠦᠭᠦᠯᠡᠨ ᠮᠠᠯᠴᠢᠨ ᠲᠠᠷᠢᠶᠠᠴᠢᠨ ᠲᠠᠢ ᠬᠠᠮᠲᠤᠷᠠᠯᠴᠠᠨ ᠵᠠᠭ᠂ ᠴᠠᠭᠠᠨ ᠭᠤᠶᠣᠣ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠬᠥᠮᠦᠨ ᠤ ᠬᠦᠴᠦ ᠪᠠᠷ ᠴᠠᠭᠠᠨ ᠭᠤᠶᠣᠣ ᠳᠠᠷᠢᠬᠤ ᠳᠤ ᠲᠦᠰᠢᠭᠯᠡᠨ ᠠᠵᠤ ᠠᠬᠤᠶ ᠶᠢᠨ ᠦᠷ᠎ᠡ ᠠᠰᠢᠭ ᠣᠯᠵᠤ᠂ ᠮᠠᠯᠴᠢᠨ ᠲᠠᠷᠢᠶᠠᠴᠢᠨ ᠤ ᠣᠶᠢᠵᠢᠭᠤᠯᠬᠤ ᠳᠤ ᠣᠷᠣᠯᠴᠠᠬᠤ ᠢᠳᠡᠪᠬᠢᠵᠢᠯ ᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠠᠮᠲᠤ ᠪᠠᠷ ᠣᠷᠣᠯᠴᠠᠬᠤ ᠶᠡᠭᠡ ᠪᠠᠶᠢᠷᠢᠰᠢᠯ ᠢ ᠪᠣᠶ ᠪᠣᠯᠭᠠᠵᠤ᠂ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ︽ᠭᠤᠷᠪᠠᠨ ᠲᠥᠷᠥᠯ︾᠎ ᠤᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠪᠡ᠃ 2024 ᠤᠨ ᠳᠤ᠂ ᠪᠥᠬᠦ ᠬᠤᠰᠢᠭᠤᠨ ᠤ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠢ 191 ᠲᠦᠮᠡᠨ ᠮᠥ ᠪᠡᠶᠡᠯᠡᠭᠦᠯᠵᠦ᠂ ᠮᠠᠯᠴᠢᠨ ᠲᠠᠷᠢᠶᠠᠴᠢᠨ ᠴᠠᠭᠠᠨ ᠭᠤᠶᠣᠣ ᠪᠣᠷᠣᠯᠠᠭᠤᠯᠬᠤ ᠪᠠᠷ ᠳᠡᠮᠵᠢᠨ 1.34 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠤᠯᠪᠠ᠃    ᠥᠪᠥᠷ ᠮᠣᠩᠭᠤᠯ ᠤᠨ ᠡᠳᠦᠷ ᠤᠨ ᠰᠣᠨᠢᠨ᠄ ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠥᠭᠡᠷᠡᠴᠢᠯᠡᠯᠲᠡ ᠪᠠᠷ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠶ ᠶᠢ ᠨᠡᠭᠡᠭᠡᠬᠦ ᠶᠢ ᠬᠡᠷᠬᠢᠨ ᠪᠠᠷᠢᠮᠲᠠᠯᠠᠬᠤ ᠪᠣᠶ︖    ᠯᠢᠦ ᡁᠢ ᠴᠢᠶᠠᠩ᠄ ᠠᠯᠠᠱᠠ ᠵᠡᠭᠦᠨ ᠬᠤᠰᠢᠭᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠭᠡᠬᠦ ᠡᠨᠡ ᠬᠦ ᠵᠠᠩᠭᠢᠯᠠᠭ᠎ᠠ ᠶᠢ ᠪᠠᠲᠤ ᠡᠵᠡᠮᠳᠡᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ ᠪᠣᠶ ᠪᠣᠯᠭᠠᠬᠤ ᠪᠠᠷ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠠᠩ ᠡᠷᠬᠡ ᠲᠡᠭᠰᠢ᠂ ᠨᠠᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠭᠦᠳᠴᠦ᠂ ᠭᠤᠷᠪᠠᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢᠨ ᠲᠠᠯ᠎ᠠ ᠪᠠᠷ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠤ ᠦᠶᠢᠯᠡᠰᠵᠢᠯᠲᠡ᠂ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠶᠢᠵᠢᠯᠲᠠ ᠶᠢᠨ ᠵᠠᠮ ᠢᠶᠠᠷ ᠰᠠᠶᠢᠲᠤᠷ ᠵᠠᠮᠨᠠᠵᠤ᠂ ᠡᠯᠡᠰᠦᠨ ᠴᠦᠯ ᠤᠨ ᠴᠠᠭᠠᠨ ᠭᠤᠶᠣᠣ ᠶᠢ ᠤᠯᠤᠰ ᠤᠨ ᠢᠳᠡᠭᠡᠨ ᠪᠠ ᠡᠮ ᠤᠨ ᠵᠦᠢᠯᠡᠰ ᠤᠨ ᠡᠬᠢ ᠨᠢᠭᠡᠲᠡᠢ ᠵᠢᠭᠰᠠᠭᠠᠯᠳᠠ ᠳᠤ ᠣᠷᠣᠭᠤᠯᠬᠤ ᠶᠢ ᠠᠮᠵᠢᠯᠲᠠ ᠲᠠᠢ ᠠᠬᠢᠭᠤᠯᠵᠤ᠂  ᠳ᠋ᠦᠩ ᠧ ᠧ ᠵᠢᠶᠣᠣ ᠴᠠᠭᠠᠨ ᠭᠤᠶᠣᠣ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ︵ᠠᠯᠠᠱᠠ︶᠎ ᠤᠨ ᠬᠢᠵᠠᠭᠠᠷᠲᠤ ᠺᠣᠮᠫᠠᠨᠢ ᠶᠢ ᠠᠯᠠᠱᠠ ᠵᠡᠭᠦᠨ ᠬᠤᠰᠢᠭᠤᠨ ᠳᠤ ᠣᠷᠣᠭᠤᠯᠤᠨ ᠠᠪᠴᠢᠷᠠᠵᠤ᠂ ᠳᠡᠭᠡᠳᠦ ᠲᠠᠰ ᠤᠨ ᠴᠢᠳᠠᠪᠤᠷᠢᠲᠠᠨ᠂ ᠰᠢᠨ᠎ᠡ ᠶᠢ ᠡᠭᠦᠳᠬᠦ ᠪᠦᠯᠬᠦᠮ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠠᠯᠠᠱᠠ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ ᠵᠠᠯᠠᠨ ᠠᠪᠴᠤ ᠢᠷᠡᠵᠤ᠂ ᠤᠨᠴᠠᠯᠢᠬᠳᠤ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠦᠷ᠎ᠡ ᠪᠦᠲᠦᠭᠡᠯ ᠢ ᠬᠤᠪᠢᠷᠠᠭᠤᠯᠬᠤ᠂ ᠢᠵᠢ ᠪᠥᠷᠢᠳᠦᠭᠦᠯᠦᠨ ᠬᠠᠮᠵᠢᠯᠴᠠᠭᠤᠯᠬᠤ᠂ ᠶᠡᠷᠦᠩᠬᠡᠶᠢᠯᠡᠨ ᠦᠢᠯᠡᠳᠪᠦᠷᠢᠯᠡᠬᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠵᠡᠷᠭᠡ ᠡᠯ᠎ᠡ ᠲᠠᠯ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠯ᠎ᠠ ᠪᠠᠷ᠂ ᠰᠢᠨ᠎ᠡ ᠡᠨᠧᠷᠭᠢ᠂ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠵᠦ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠬᠤᠸᠠ ᠳ᠋ᠢᠶᠠᠨ ᠲᠡᠭᠷᠢ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ 100 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠠᠮᠵᠢᠯᠲᠠ ᠲᠠᠢ ᠪᠠᠷ ᠴᠠᠬᠢᠯᠭᠠᠨ ᠤ ᠲᠣᠣᠷ ᠲᠤ ᠳᠠᠮᠵᠢᠭᠤᠯᠣᠨ ᠠᠰᠢᠭᠯᠠᠯᠲᠠ ᠳᠤ ᠣᠷᠣᠭᠤᠯᠵᠤ᠂ ᠠᠯᠳ᠋ᠬᠠᠣᠪᠣᠭ᠎ᠠ ᠶᠢᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠷᠧᠨ ᠾᠧ ᠶᠢᠨ ᠵᠢᠯ ᠳᠤ 20 ᠲᠦᠮᠡᠨ ᠲᠣᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠰᠣᠪᠣᠷᠭ᠎ᠠ ᠶᠢᠨ ᠪᠠᠭᠠᠨ᠎ᠠ ᠶᠢ ᠦᠢᠯᠡᠳᠬᠦ ᠲᠥᠷᠥᠯ ᠵᠦᠢᠯ ᠤᠨ ᠠᠬᠢᠴᠠ ᠤᠷᠤᠭᠰᠢᠲᠠᠶ ᠪᠣᠯᠵᠣ᠂ ᠰᠢᠨ᠎ᠡ ᠡᠨᠧᠷᠭᠢ ᠶᠢᠨ ᠠᠵᠤ ᠦᠢᠯᠡᠰ ᠤᠨ ︽ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠪᠣᠷᠣᠯᠠᠭᠤᠯᠬᠤ︾ ᠰᠢᠰᠲ᠋ᠧᠮᠵᠢ ᠶᠢ ᠲᠦᠷᠭᠡᠳᠬᠡᠨ ᠪᠣᠶ ᠪᠣᠯᠭᠠᠪᠠ᠃ ᠰᠣᠶᠣᠯ ᠵᠢᠭᠤᠯᠴᠢᠯᠠᠯ ᠤᠨ ᠦᠢᠯᠡᠰ ᠵᠢᠴᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ᠂ ︽ᠲᠠᠪᠴᠠᠩᠵᠢᠭᠤᠯᠬᠤ᠂ ᠵᠠᠬ᠎ᠠ ᠳᠡᠯᠭᠡᠭᠦᠷᠴᠢᠯᠡᠬᠦ᠂ ᠪᠠᠶᠢᠩᠭᠤᠵᠢᠭᠤᠯᠬᠤ︾ ᠵᠠᠷᠴᠢᠮ ᠢ ᠪᠠᠷᠢᠮᠲᠠᠯᠠᠵᠤ᠂ ᠨᠡᠶᠢᠭᠡᠮ ᠤᠨ ᠬᠥᠷᠥᠩᠭᠡ᠂ ᠡᠵᠡᠩᠨᠡᠯᠲᠡ ᠶᠢᠨ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ ᠠᠯᠠᠱᠠ ᠶᠢᠨ ᠮᠥᠷᠦᠭᠡᠳᠦᠯ ᠤᠨ ᠡᠯᠡᠰᠦᠨ ᠴᠦᠯ ᠤᠨ ᠮᠠᠰᠢᠨ ᠲᠡᠷᠭᠡᠨ ᠤ ᠠᠭᠠᠷ ᠠᠶᠠᠯᠠᠯ ᠤᠨ ᠰᠣᠶᠣᠯ ᠤᠨ ᠭᠤᠤᠯ ᠰᠡᠳᠦᠪᠲᠦ ᠴᠡᠩᠭᠡᠯ ᠤᠨ ᠬᠦᠷᠢᠶᠡᠯᠡᠩ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠵᠡᠷᠭᠡ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠰᠤᠯᠠ ᠪᠠᠶᠢᠭ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠪᠥᠬᠦ ᠬᠦᠴᠦᠨ ᠢᠶᠠᠷ ᠢᠶᠠᠨ ᠠᠮᠢᠳᠤᠯᠢᠭ ᠪᠣᠯᠭᠠᠵᠤ᠂ ᠦᠵᠡᠮᠵᠢ ᠶᠢᠨ ᠣᠷᠣᠨ ᠤ ᠴᠢᠳᠠᠮᠵᠢ ᠶᠢᠨ ᠶᠠᠰᠤ ᠴᠢᠨᠠᠷ ᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ᠂ ᠳᠡᠭᠡᠳᠦ ᠳᠣᠤᠷᠠᠳᠤ ᠤᠷᠤᠰᠬᠠᠯ ᠤᠨ ᠬᠡᠷᠡᠭᠯᠡᠭᠡᠨ ᠤ ᠣᠷᠣᠨ ᠵᠠᠶ ᠶᠢ ᠲᠠᠰᠤᠷᠠᠯᠲᠠ ᠥᠬᠡᠶ ᠥᠷᠭᠡᠳᠬᠡᠵᠦ᠂ ᠵᠢᠭᠤᠯᠴᠢᠯᠠᠯ ᠤᠨ ᠠᠵᠤ ᠠᠬᠤᠶ ᠶᠢᠨ ᠳᠠᠶᠢᠴᠢᠯᠠᠬᠤ ᠦᠢᠯᠡᠳᠦᠯ ᠪᠠ ᠦᠷᠭᠦᠯᠵᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠪᠠ᠃ 2024 ᠣᠨ ᠳᠤ᠂ ᠵᠤᠭᠠᠴᠠᠭᠰᠠᠳ ᠢ 348 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 17.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 56%᠂ 95.7%᠎ ᠪᠠᠷ ᠨᠡᠮᠡᠭᠳᠡᠪᠡ᠃    ᠥᠪᠥᠷ ᠮᠣᠩᠭᠤᠯ ᠤᠨ ᠡᠳᠦᠷ ᠤᠨ ᠰᠣᠨᠢᠨ᠄ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠂ ᠥᠭᠡᠷᠡᠴᠢᠯᠡᠯᠲᠡ ᠪᠠᠷ ᠣᠯᠠᠨ ᠲᠦᠮᠡᠨ ᠤ ᠠᠮᠢᠳᠤᠷᠠᠯ ᠤᠨ ᠰᠢᠨ᠎ᠡ ᠠᠵᠠ ᠵᠢᠷᠭᠠᠯ ᠢ ᠨᠡᠮᠡᠭᠳᠡᠭᠦᠯᠬᠦ ᠶᠢ ᠬᠡᠷᠬᠢᠨ ᠪᠠᠷᠢᠮᠲᠠᠯᠠᠬᠤ ᠪᠣᠶ︖       ᠯᠢᠦ ᡁᠢ ᠴᠢᠶᠠᠩ᠄ ᠠᠯᠠᠱᠠ ᠵᠡᠭᠦᠨ ᠬᠤᠰᠢᠭᠤ ᠣᠯᠠᠨ ᠲᠦᠮᠡᠨ ᠤ ᠳᠡᠷᠭᠡᠳᠡᠬᠢ ᠶᠠᠪᠤᠳᠠᠯ᠂ ᠰᠡᠳᠬᠢᠯ ᠤᠨ ᠶᠠᠪᠤᠳᠠᠯ᠂ ᠪᠣᠳᠠᠲᠠᠶ ᠶᠠᠪᠤᠳᠠᠯ ᠢ ᠰᠢᠢᠳᠪᠦᠷᠢᠯᠡᠬᠦ ᠶᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠲᠣᠭᠲᠠᠴᠠ ᠶᠢᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠨᠢᠭᠡ ᠪᠦᠯᠦᠭ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠭᠦᠨᠵᠡᠭᠡᠶᠢᠷᠡᠭᠦᠯᠪᠡ᠃ ᠬᠤᠰᠢᠭᠤ ᠲᠣᠭᠤᠷᠢᠭ ᠤᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠨᠢᠩᠰᠢᠶᠠ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠵᠡᠷᠭᠡ 9 ᠣᠷᠣᠨ ᠤ ᠳᠣᠲᠣᠷ᠎ᠠ ᠭᠠᠳᠠᠨᠠᠬᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠡᠯᠡᠯᠴᠡᠭᠡᠷ ᠲᠣᠭᠲᠠᠵᠤ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ 18 ᠣᠷᠣᠭᠤᠯᠤᠨ ᠠᠪᠴᠢᠷᠠᠵᠤ᠂ ᠪᠦᠯᠦᠭᠵᠢᠭᠦᠯᠦᠨ ᠰᠤᠷᠭᠠᠭᠤᠯᠢ ᠡᠷᠭᠢᠯᠡᠬᠦ ᠵᠠᠭᠪᠤᠷ ᠢ ᠶᠡᠬᠡᠪᠡᠷ ᠬᠡᠷᠡᠭᠵᠢᠭᠦᠯᠦᠨ᠂ ᠬᠤᠰᠢᠭᠤᠨ ᠤ ᠬᠡᠪᠴᠢᠶᠡᠨ ᠳᠠᠬᠢ ᠰᠤᠷᠭᠠᠭᠤᠯᠢ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢ 4 ᠪᠠᠶᠢᠭᠤᠯᠵᠤ᠂ ᠭᠠᠵᠠᠷ ᠣᠷᠣᠨ ᠠᠯᠤᠰᠯᠠᠭᠰᠠᠨ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢ 11 ᠪᠠᠶᠢᠭᠤᠯᠵᠤ᠂ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 100 %᠎ ᠳᠤ ᠬᠦᠷᠭᠡᠪᠡ ᠃ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠲᠦᠷᠭᠡᠳᠬᠡᠨ ᠰᠠᠶᠢᠵᠢᠷᠠᠭᠤᠯᠵᠤ᠂ 2024 ᠣᠨ ᠳᠤ ᠢᠯᠴᠢ ᠬᠠᠩᠭᠠᠬᠤ ᠬᠤᠭᠤᠯᠠᠶ ᠶᠢ 83 ᠺᠢᠯᠣᠮᠧᠲᠷ ᠪᠡᠶᠡᠯᠡᠭᠦᠯᠵᠦ᠂ ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤᠨ ᠤ ᠬᠤᠭᠤᠯᠠᠶ ᠶᠢᠨ ᠲᠣᠤᠷ ᠢ 28.8 ᠺᠢᠯᠣᠮᠧᠲᠷ ᠥᠭᠡᠷᠡᠴᠢᠯᠡᠨ ᠰᠠᠶᠢᠵᠢᠷᠠᠭᠤᠯᠵᠤ᠂ 6 ᠬᠠᠭᠤᠴᠢᠨ ᠰᠠᠭᠤᠭᠠᠯᠢ ᠲᠣᠭᠤᠷᠢᠭ᠂ 2 ᠨᠡᠶᠢᠲᠡ ᠶᠢᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ ᠪᠠᠶᠠᠨᠬᠤᠲᠠ ᠪᠠᠯᠭᠠᠰᠤᠨ ᠤ ᠡᠶ᠎ᠡ  ᠵᠣᠬᠢᠴᠠᠯᠲᠣ ᠵᠠᠮ ᠤᠨ ᠵᠡᠭᠦᠨ ᠬᠡᠰᠡᠭ ᠪᠠ ᠪᠠᠷᠠᠭᠤᠨ ᠴᠡᠴᠡᠷᠯᠢᠭ ᠤᠨ ᠡᠮᠦᠨ᠎ᠡ ᠵᠡᠭᠡᠯᠢ ᠶᠢᠨ ᠵᠡᠭᠦᠨ ᠬᠡᠰᠡᠭ ᠤᠨ 2 ︽ᠮᠤᠬᠤᠷ ᠵᠠᠮ︾᠎ ᠢ ᠨᠡᠪᠲᠡᠷᠡᠭᠦᠯᠵᠦ᠂ ᠤᠯᠤᠰ ᠤᠨ ᠵᠠᠮ ᠤᠨ 307 ᠡᠮᠦᠨ᠎ᠡ ᠬᠤᠶᠠᠳᠤᠭᠠᠷ ᠲᠣᠭᠤᠷᠢᠯ ᠵᠠᠮ ᠠᠴᠠ ᠤᠯᠠᠭᠠᠨ ᠴᠢᠯᠠᠭᠤᠲᠤ ᠬᠦᠷᠬᠦ ᠬᠡᠰᠡᠭ᠂ ᠮᠤᠵᠢ ᠶᠢᠨ ᠵᠠᠮ ᠤᠨ 227 ᠰᠢᠨ᠎ᠡ ᠤᠰᠤ ᠠᠴᠠ ᠬᠤᠩᠭᠤᠷᠦ᠋ᠯᠦᠩ ᠬᠡᠰᠡᠭ ᠬᠦᠷᠲᠡᠯᠡᠬᠢ ᠵᠡᠷᠭᠡ 5 ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠥᠬᠦ ᠱᠤᠭᠤᠮ ᠢᠶᠠᠷ ᠨᠡᠪᠲᠡᠷᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠦᠨᠡᠨ ᠬᠦ ᠲᠡᠭᠡᠭᠰᠢᠯᠡᠭᠦᠯᠵᠦ᠂ ᠵᠣᠯ ᠵᠢᠷᠭᠠᠯᠲᠤ ᠲᠥᠷᠥᠭᠳᠡᠯ ᠢ ᠨᠠᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号