ᠠᠯᠠᠱᠠ ᠵᠡᠭᠦᠨ ᠬᠤᠰᠢᠭᠤ᠄ ︽ᠳᠥᠷᠪᠡ ᠶᠢ ᠪᠠᠷᠢᠮᠲᠠᠯᠠᠬᠤ︾᠎ ᠪᠠᠷ ︽ᠳᠥᠷᠪᠡᠨ ᠪᠣᠭᠤᠮᠲᠠ︾᠎ ᠶᠢ ᠰᠠᠶᠢᠲᠤᠷ ᠰᠠᠬᠢᠵᠤ᠂ ᠨᠠᠮ ᠤᠨ ᠭᠡᠰᠢᠭᠦᠨ ᠡᠯᠰᠡᠬᠦ ᠠᠵᠢᠯ ᠤᠨ ︽ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ︾᠎ ᠶᠢ ᠠᠬᠢᠭᠤᠯᠪᠠ
ᠨᠡᠶᠢᠲᠡᠯᠡᠭᠰᠡᠨ ᠴᠠᠭ᠄
2025/2/11
       ᠨᠠᠮ ᠤᠨ ᠭᠡᠰᠢᠭᠦᠨ ᠪᠣᠯ ᠨᠠᠮ ᠤᠨ ᠪᠡᠶ᠎ᠡ ᠴᠣᠭᠴᠠ ᠶᠢᠨ ᠡᠰ ᠪᠠ ᠨᠠᠮ ᠤᠨ ᠠᠵᠢᠯᠯᠠᠭᠠᠨ ᠤ ᠭᠤᠣᠯ ᠴᠣᠭᠴᠠ ᠮᠥᠨ᠃ ᠨᠠᠮ ᠤᠨ ᠭᠡᠰᠢᠭᠦᠨ ᠡᠯᠰᠡᠬᠦ ᠠᠵᠢᠯ ᠪᠣᠯ ᠨᠠᠮ ᠤᠨ ᠪᠠᠶᠢᠭᠤᠯᠤᠯᠲᠠ ᠶᠢᠨ ᠨᠢᠭᠡ ᠵᠦᠢᠯ ᠤᠨ ᠪᠠᠶᠢᠩᠭᠤ ᠶᠢᠨ ᠴᠢᠨᠠᠷᠲᠠᠶ ᠴᠢᠬᠤᠯᠠ ᠠᠵᠢᠯ ᠮᠥᠨ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠤᠨ ᠨᠢᠭᠡ ᠵᠦᠢᠯ ᠤᠨ ᠰᠠᠭᠤᠷᠢ ᠢᠨᠵᠧᠨᠧᠷᠢᠩ ᠮᠥᠨ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤ ︽ᠳᠥᠷᠪᠡ ᠶᠢ ᠪᠠᠷᠢᠮᠲᠠᠯᠠᠬᠤ︾᠎ ᠪᠠᠷ ︽ᠳᠥᠷᠪᠡᠨ ᠪᠣᠭᠤᠮᠲᠠ︾᠎ ᠶᠢ ᠰᠠᠶᠢᠲᠤᠷ ᠰᠠᠬᠢᠵᠤ᠂ ᠨᠠᠮ ᠤᠨ ᠭᠡᠰᠢᠭᠦᠨ ᠡᠯᠰᠡᠬᠦ ᠠᠵᠢᠯ ᠤᠨ ᠪᠥᠬᠦ ᠶᠠᠪᠤᠴᠠ ᠳᠤ ᠰᠠᠭᠤᠷᠢᠯᠠᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠡᠯᠰᠡᠬᠦ ᠠᠵᠢᠯ ᠤᠨ ᠨᠠᠷᠢᠨ ᠲᠦᠷᠢᠮ︾᠎ ᠤᠨ ᠬᠠᠮᠢᠶ᠎ᠠ ᠪᠥᠬᠦᠶ ᠲᠣᠭᠲᠠᠭᠠᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠡᠯᠰᠡᠬᠦ ᠠᠵᠢᠯ ᠤᠨ ︽ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ︾᠎ ᠶᠢ ᠠᠬᠢᠭᠤᠯᠪᠠ᠃    ᠤᠯᠤᠰ ᠲᠦᠷᠦ ᠶᠢᠨ ᠪᠠᠷᠢᠮᠵᠢᠶ᠎ᠠ ᠶᠢ ᠪᠠᠷᠢᠮᠲᠠᠯᠠᠵᠤ᠂ ︽ᠤᠯᠤᠰ ᠲᠦᠷᠦ ᠶᠢᠨ ᠪᠣᠭᠤᠮᠲᠠ︾᠎ ᠶᠢ ᠰᠠᠶᠢᠲᠤᠷ ᠰᠠᠬᠢᠬᠤ ᠬᠡᠷᠡᠭᠲᠡᠢ᠃ ᠤᠯᠤᠰ ᠲᠥᠷᠥ ᠶᠢᠨ ᠪᠠᠷᠢᠮᠵᠢᠶ᠎ᠠ ᠪᠤᠯ ᠲᠡᠷᠢᠭᠦᠨ ᠴᠢᠬᠤᠯᠠ᠃ ᠨᠠᠮ ᠤᠨ ᠭᠡᠰᠢᠭᠦᠨ ᠡᠯᠰᠡᠬᠦ ᠠᠵᠢᠯ ᠳᠤ ᠨᠠᠮ ᠤᠨ ᠲᠦᠷᠢᠮ ᠳᠤ ᠲᠣᠭᠲᠠᠭᠠᠭᠰᠠᠨ ᠨᠠᠮ ᠤᠨ ᠭᠡᠰᠢᠭᠦᠨ ᠤ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠪᠠᠷ ᠬᠢ ᠲᠡᠷᠢᠭᠦᠨ ᠤ ᠴᠢᠨᠠᠷ ᠢ ᠲᠤᠪᠤᠶᠢᠯᠭᠠᠨ᠂ ᠤᠯᠤᠰ ᠲᠦᠷᠦ ᠶᠢᠨ ᠪᠠᠷᠢᠮᠵᠢᠶ᠎ᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠨᠠᠮ ᠳᠤ ᠣᠷᠤᠬᠤ ᠭᠤᠶᠤᠴᠢᠯᠠᠯ ᠤᠨ ᠪᠢᠴᠢᠭ ᠢ ᠴᠢᠩᠭ᠎ᠠ ᠬᠢᠨᠠᠨ ᠪᠠᠶᠢᠴᠠᠭᠠᠵᠤ᠂ ᠨᠠᠮ ᠤᠨ ᠡᠭᠦᠷ ᠠᠴᠠ ᠲᠤᠰᠬᠠᠶ ᠬᠥᠮᠦᠨ ᠲᠣᠮᠢᠯᠠᠵᠤ ᠨᠠᠮ ᠳᠤ ᠣᠷᠣᠬᠤ ᠭᠤᠶᠤᠴᠢᠯᠠᠯ ᠤᠨ ᠪᠢᠴᠢᠭ ᠤᠨ ᠠᠭᠤᠯᠭ᠎ᠠ ᠶᠢ ᠬᠠᠷᠢᠭᠤᠴᠠᠭᠤᠯᠵᠤ᠂ ᠨᠠᠮ ᠳᠤ ᠣᠷᠣᠬᠤ ᠭᠤᠶᠤᠴᠢᠯᠠᠭᠴᠢ ᠶᠢᠨ ᠨᠠᠰᠤ ᠵᠢᠯ ᠵᠡᠷᠭᠡ ᠨᠠᠮ ᠳᠤ ᠣᠷᠣᠬᠤ ᠨᠥᠬᠦᠴᠡᠯ ᠢ ᠤᠶᠢᠯᠠᠭᠠᠨ᠂ ᠨᠠᠮ ᠳᠤ ᠣᠷᠣᠬᠤ ᠣᠪᠣᠷ ᠪᠠ ᠰᠢᠢᠳᠪᠦᠷᠢ ᠳᠤ ᠬᠠᠨᠳᠣᠬᠤ ᠳᠤ ᠠᠯᠪᠠ ᠬᠠᠰᠢᠵᠤ ᠬᠠᠭᠤᠯᠵᠤ ᠮᠡᠳᠡᠭᠦᠯᠬᠦ ᠶᠢ ᠴᠢᠩᠭ᠎ᠠ ᠴᠡᠭᠡᠷᠯᠡᠵᠤ᠂ ᠦᠨᠡᠨ ᠪᠣᠳᠠᠲᠠᠶ ᠪᠣᠳᠣᠯ ᠰᠠᠨᠠᠭ᠎ᠠ ᠪᠠᠨ ᠶᠠᠷᠢᠬᠤ ᠬᠡᠷᠡᠭᠲᠡᠢ ︔ ᠰᠡᠳᠬᠢᠯ ᠤᠨ ᠦᠭᠡ ᠪᠠᠨ ᠶᠠᠷᠢᠯᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠲᠤᠰᠬᠠᠶ ᠬᠥᠮᠦᠨ ᠢ ᠰᠣᠩᠭᠤᠨ ᠲᠣᠮᠢᠯᠠᠵᠤ ᠨᠠᠮ ᠳᠤ ᠣᠷᠣᠬᠤ ᠭᠤᠶᠤᠴᠢᠯᠠᠭᠴᠢ᠂ ᠨᠠᠮ ᠳᠤ ᠣᠷᠣᠬᠤ ᠢᠳᠡᠪᠬᠢᠲᠡᠨ᠂ ᠬᠥᠭᠵᠢᠭᠦᠯᠬᠦ ᠡᠲᠡᠭᠡᠳ ᠵᠡᠷᠭᠡ ᠱᠠᠳᠤ ᠦᠶ᠎ᠡ ᠳᠤ ᠵᠣᠬᠢᠶᠠᠨ ᠪᠠᠶᠢᠭᠤᠯᠤᠨ ᠶᠠᠷᠢᠯᠴᠠᠵᠤ᠂ ᠨᠠᠮ ᠤᠨ ᠭᠡᠰᠢᠭᠦᠨ ᠡᠯᠰᠡᠬᠦ ᠨᠠᠮ ᠳᠤ ᠣᠷᠣᠬᠤ ᠤᠭ ᠰᠠᠨᠠᠭ᠎ᠠ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠵᠠᠩ ᠰᠤᠷᠲᠠᠯ ᠢ ᠭᠦᠨᠵᠡᠭᠡᠶ ᠣᠶᠢᠯᠠᠭᠠᠵᠤ᠂ ᠨᠠᠮ ᠤᠨ ᠭᠡᠰᠢᠭᠦᠨ ᠡᠯᠰᠡᠬᠦ ᠦᠵᠡᠯ ᠰᠠᠨᠠᠭᠠᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠭᠦᠯᠦᠨ᠎ᠡ︔ ᠤᠯᠤᠰ ᠲᠦᠷᠦ ᠶᠢᠨ ᠬᠢᠨᠠᠨ ᠪᠠᠶᠢᠴᠠᠭᠠᠬᠤ ᠠᠵᠢᠯ ᠢ ᠲᠥᠪ ᠴᠢᠩᠭ᠎ᠠ ᠥᠷᠨᠢᠭᠦᠯᠦᠨ᠎ᠡ᠃ ︽ᠨᠠᠮ ᠤᠨ ᠭᠡᠰᠢᠭᠦᠨ ᠡᠯᠰᠡᠬᠦ ᠤᠯᠤᠰ ᠲᠥᠷᠥ ᠶᠢᠨ ᠬᠢᠨᠠᠨ ᠪᠠᠶᠢᠴᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠨᠡ ᠵᠢᠯ ᠨᠠᠮ ᠤᠨ ᠪᠡᠯᠡᠳᠬᠡᠯ ᠭᠡᠰᠢᠭᠦᠨ ᠪᠣᠯᠭᠠᠨ ᠬᠥᠭᠵᠢᠭᠦᠯᠬᠦ ᠪᠠᠷ ᠪᠠᠶᠢᠭ᠎ᠠ ᠡᠯᠰᠡᠬᠦ ᠡᠲᠡᠭᠡᠳ ᠲᠤ ︽ᠬᠤᠰᠢᠭᠤᠨ ᠤ ᠱᠠᠲᠤᠨ ᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠤᠯᠤᠰ ᠲᠥᠷᠥ ᠶᠢᠨ ᠬᠢᠨᠠᠨ ᠪᠠᠶᠢᠴᠠᠭᠠᠯᠲᠠ ᠶᠢᠨ ᠬᠠᠮᠲᠤᠷᠠᠨ ᠬᠢᠨᠠᠬᠤ ᠠᠷᠭ᠎ᠠ︾᠎ ᠶᠢ ᠬᠡᠷᠡᠭᠵᠢᠭᠦᠯᠵᠦ᠂ ᠨᠠᠮ ᠤᠨ ᠭᠡᠰᠢᠭᠦᠨ ᠡᠯᠰᠡᠬᠦ ᠪᠣᠳᠠᠲᠤ ᠢᠯᠡᠷᠡᠯ ᠤᠨ ᠪᠠᠶᠢᠳᠠᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠤᠯᠤᠰ ᠲᠥᠷᠥ ᠶᠢᠨ ᠢᠯᠡᠷᠡᠯ ᠢ ᠤᠯᠠᠮ ᠴᠢᠨᠠᠭᠰᠢᠳᠠ ᠣᠶᠢᠯᠠᠭᠠᠵᠤ᠂ ᠰᠢᠨ᠎ᠡ ᠪᠠᠷ ᠡᠯᠰᠡᠭᠰᠡᠨ ᠨᠠᠮ ᠤᠨ ᠭᠡᠰᠢᠭᠦᠨ ᠨᠢᠭᠡᠪᠦᠷᠢ ᠶᠢᠨ ᠤᠯᠤᠰ ᠲᠥᠷᠥ ᠶᠢᠨ ᠬᠡᠪ ᠴᠢᠨᠠᠷ ᠪᠠᠲᠤ ᠴᠢᠩᠭ᠎ᠠ᠂ ︽ᠶᠠᠰᠤ ᠴᠢᠨᠠᠷ︾ ᠨᠠᠩ ᠰᠠᠶᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠪᠦᠲᠦᠴᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ︽ᠶᠠᠰᠤ ᠴᠢᠨᠠᠷ ᠤᠨ ᠪᠣᠭᠤᠮᠲᠠ︾᠎ ᠶᠢ ᠰᠠᠶᠢᠲᠤᠷ ᠰᠠᠬᠢᠬᠤ ᠬᠡᠷᠡᠭᠲᠡᠶ᠃ ᠵᠠᠯᠠᠭᠤᠴᠤᠳ᠂ ᠮᠠᠯᠴᠢᠨ ᠲᠠᠷᠢᠶᠠᠴᠢᠨ᠂ ᠰᠡᠬᠡᠭᠡᠲᠡᠨ ᠪᠠ ᠠᠵᠤ ᠦᠢᠯᠡᠰ ᠤᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠪᠠ ︽ᠬᠤᠶᠠᠷ ᠰᠢᠨ᠎ᠡ︾᠎ ᠶᠢᠨ ᠵᠣᠬᠢᠶᠠᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠡᠯᠰᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠭᠡᠰᠢᠭᠦᠨ ᠤ ᠡᠩᠨᠡᠭᠡᠨ ᠤ ᠪᠦᠲᠦᠴᠡ ᠶᠢ ᠨᠡᠩ ᠰᠢᠯᠢᠳᠡᠭᠵᠢᠭᠦᠯᠬᠦ ᠶᠢ ᠠᠬᠢᠭᠤᠯᠤᠨ᠎ᠠ᠃ ᠨᠠᠮ ᠤᠨ ᠭᠡᠰᠢᠭᠦᠨ ᠤ ᠡᠩᠨᠡᠭᠡᠨ ᠤ ᠨᠠᠰᠤᠨ ᠤ ᠪᠦᠲᠦᠴᠡ ᠶᠢ ᠰᠢᠯᠢᠳᠡᠭᠵᠢᠭᠦᠯᠵᠦ᠂ ᠲᠣᠰ ᠭᠠᠵᠠᠷ ᠣᠷᠣᠨ ᠤ ᠨᠠᠮ ᠤᠨ ᠭᠡᠰᠢᠭᠦᠨ ᠤ ᠡᠩᠨᠡᠭᠡ ᠶᠢᠨ ᠨᠠᠰᠤ ᠵᠢᠯ ᠤᠨ ᠪᠦᠲᠦᠴᠡ ᠨᠡᠯᠢᠶᠡᠳ ᠶᠡᠭᠡ ᠪᠠᠶᠢᠭ᠎ᠠ ᠪᠠᠶᠢᠳᠠᠯ ᠳᠤ ᠴᠢᠭᠯᠡᠭᠦᠯᠦᠨ᠂ 35 ᠨᠠᠰᠤᠨ ᠠᠴᠠ ᠳᠣᠷᠣᠭᠰᠢᠬᠢ ᠵᠠᠯᠠᠭᠤ ᠨᠠᠮ ᠤᠨ ᠭᠡᠰᠢᠭᠦᠨ ᠡᠯᠰᠡᠬᠦ ᠬᠠᠷᠢᠴᠠᠯ ᠢ ᠨᠡᠮᠡᠭᠳᠡᠭᠦᠯᠵᠦ᠂ ᠢᠯᠠᠩᠭᠤᠶ᠎ᠠ ᠰᠢᠯᠢᠳᠡᠭ ᠤᠶᠤᠲᠠᠳ᠂ ᠴᠡᠷᠢᠭ ᠠᠴᠠ ᠬᠠᠯᠠᠭᠳᠠᠭᠰᠠᠳ᠂ ᠰᠢᠯᠢᠳᠡᠭ ᠪᠠᠶᠠᠵᠢᠯ ᠤᠨ ᠳᠠᠭᠠᠭᠤᠯᠤᠭᠴᠢ ᠵᠡᠷᠭᠡ ᠬᠠᠮᠲᠤᠯᠢᠭ ᠤᠨ ᠨᠠᠮ ᠤᠨ ᠭᠡᠰᠢᠭᠦᠨ ᠡᠯᠰᠡᠬᠦ ᠡᠷᠴᠢᠮ ᠢ ᠴᠢᠬᠤᠯᠠᠴᠢᠯᠠᠵᠤ᠂ ᠵᠠᠯᠠᠭᠤ ᠬᠦᠴᠦᠨ ᠢ ᠬᠥᠭᠵᠢᠭᠦᠯᠦᠨ᠂ ᠨᠠᠮ ᠤᠨ ᠭᠡᠰᠢᠭᠦᠨ ᠤ ᠡᠩᠨᠡᠭᠡ ᠶᠢ ᠪᠤᠵᠠᠭᠠᠶᠢᠷᠠᠭᠤᠯᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠵᠡᠷᠭᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠥᠨᠳᠥᠷ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ ᠢᠶᠠᠷ ᠨᠠᠮ ᠤᠨ ᠭᠡᠰᠢᠭᠦᠨ ᠡᠯᠰᠡᠬᠦ ᠬᠠᠷᠢᠴᠠᠯ ᠢ ᠨᠡᠮᠡᠭᠳᠡᠭᠦᠯᠦᠨ᠎ᠡ᠃ ᠴᠢᠳᠠᠪᠤᠷᠢᠲᠠᠨ ᠲᠥᠪᠯᠡᠷᠡᠭᠰᠡᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠢᠴᠢ ᠠᠵᠢᠯ ᠲᠥᠷᠥᠯ ᠤᠨ ᠰᠢᠰᠲ᠋ᠧᠮ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠰᠡᠬᠡᠭᠡᠲᠡᠨ ᠢᠯᠠᠩᠭᠤᠶ᠎ᠠ ᠳᠡᠭᠡᠳᠦ ᠲᠠᠰ ᠤᠨ ᠴᠢᠳᠠᠪᠤᠷᠢᠲᠠᠨ ᠤ ᠳᠣᠲᠣᠷᠠᠬᠢ ᠲᠡᠷᠢᠭᠦᠨ ᠤ ᠬᠥᠮᠦᠰ ᠢ ᠴᠠᠭ ᠲᠤᠬᠠᠶ ᠳᠤᠨᠢ ᠨᠠᠮ ᠳᠤ ᠣᠷᠣᠭᠤᠯᠵᠤ᠂ ᠨᠠᠮ ᠤᠨ ᠭᠡᠰᠢᠭᠦᠨ ᠤ ᠡᠩᠨᠡᠭᠡ ᠶᠢᠨ ︽ᠰᠢᠨ᠎ᠡ ᠴᠢᠰᠤ︾᠎ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠥᠮᠦᠵᠢᠭᠦᠯᠬᠦ ᠳᠤ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠪᠡᠯᠡᠳᠬᠡᠯ ᠬᠦᠴᠦᠨ ᠴᠢᠳᠠᠪᠤᠷᠢᠲᠠᠨ ᠤ ᠨᠥᠭᠡᠴᠡ ᠶᠢ ᠴᠢᠨᠭᠠᠷᠠᠭᠤᠯᠵᠤ᠂ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠭᠠᠴᠠᠭ᠎ᠠ ᠲᠣᠰᠬᠤᠨ ᠪᠤᠶᠤ ᠨᠡᠶᠢᠭᠡᠮ ᠲᠣᠭᠤᠷᠢᠭ ᠲᠤ ︽ᠨᠢᠭᠡ ᠳᠤ ᠨᠢᠭᠡ ᠶᠢ ᠬᠠᠷᠭᠤᠭᠤᠯᠬᠤ︾ ᠪᠤᠶᠤ ︽ᠨᠢᠭᠡ ᠳᠤ ᠣᠯᠠᠨ ᠢ ᠬᠠᠷᠭᠤᠭᠤᠯᠬᠤ︾ ᠬᠤᠯᠪᠣᠭ᠎ᠠ ᠠᠪᠴᠤ᠂ ᠨᠠᠮ ᠤᠨ ᠭᠡᠰᠢᠭᠦᠨ ᠤ ᠡᠩᠨᠡᠭᠡ ᠶᠢᠨ ᠪᠦᠲᠦᠴᠡ ᠵᠢᠴᠢ ᠪᠡᠯᠡᠳᠬᠡᠯ ᠬᠦᠴᠦᠨ ᠤ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠭᠡᠰᠢᠭᠦᠨ ᠡᠯᠰᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠪᠠᠶᠢᠴᠠᠭᠠᠵᠤ᠂ ᠰᠢᠯᠢᠳᠡᠭ ᠴᠢᠳᠠᠪᠤᠷᠢᠲᠠᠨ ᠢ ᠨᠠᠮ ᠤᠨ ᠭᠡᠰᠢᠭᠦᠨ ᠤ ᠪᠡᠯᠡᠳᠬᠡᠯ ᠬᠦᠴᠦᠨ ᠤ ᠡᠩᠨᠡᠭᠡᠨ ᠳᠤ ᠣᠷᠣᠭᠤᠯᠤᠨ᠂ ᠪᠥᠬᠦ ᠶᠠᠪᠤᠴᠠ ᠳᠤ ᠮᠥᠷᠳᠡᠨ ᠬᠥᠮᠦᠵᠢᠭᠦᠯᠵᠦ᠂ ᠲᠦᠷᠭᠡᠨ ᠦᠰᠦᠨ ᠪᠤᠶᠢᠵᠢᠬᠤ ᠶᠢ ᠠᠬᠢᠭᠤᠯᠤᠨ᠎ᠠ᠃        ᠵᠠᠩᠭᠢᠯᠠᠭ᠎ᠠ ᠶᠢ ᠴᠢᠩᠭ᠎ᠠ ᠪᠠᠷᠢᠮᠲᠠᠯᠠᠵᠤ᠂ ︽ᠳᠡᠰ ᠳᠠᠷᠠᠭᠠᠯᠠᠯ ᠤᠨ ᠪᠣᠭᠤᠮᠲᠠ︾᠎ ᠶᠢ ᠰᠠᠶᠢᠲᠤᠷ ᠰᠠᠬᠢᠬᠤ ᠬᠡᠷᠡᠭᠲᠡᠶ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠡᠯᠰᠡᠬᠦ ᠠᠵᠢᠯ ᠤᠨ ᠶᠠᠪᠤᠴᠠ ᠶᠢᠨ ᠵᠢᠷᠤᠭ︾᠎ ᠢ ᠳᠠᠷᠤᠮᠠᠯᠯᠠᠨ ᠲᠠᠷᠬᠠᠭᠠᠵᠤ᠂ ᠨᠠᠮ ᠤᠨ ᠭᠡᠰᠢᠭᠦᠨ ᠡᠯᠰᠡᠬᠦ ︽5 ᠱᠠᠲᠤ ᠦᠶ᠎ᠡ ᠶᠢᠨ 25 ᠠᠯᠬᠤᠮ ᠳᠠᠷᠠᠭ᠎ᠠ︾᠎ ᠶᠢᠨ ᠪᠣᠳᠠᠲᠠᠶ ᠠᠵᠢᠯ ᠤᠨ ᠱᠠᠭᠠᠷᠳᠠᠯᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠪᠠ᠃ ︽ᠬᠤᠰᠢᠭᠤᠴᠢ ᠰᠠᠭᠤᠷᠢ ᠴᠢᠯᠠᠭᠤ︾᠎ ᠶᠢᠨ ᠲᠦᠯᠦᠪᠯᠡᠭᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠨᠠᠮ ᠤᠨ ᠭᠡᠰᠢᠭᠦᠨ ᠡᠯᠰᠡᠬᠦ ᠳᠡᠰ ᠳᠠᠷᠠᠭᠠᠯᠠᠯ ᠢ ᠴᠢᠩᠳᠠᠯᠠᠵᠤ᠂ ᠨᠠᠮ ᠳᠤ ᠣᠷᠣᠬᠤ ᠢᠳᠡᠪᠬᠢᠲᠡᠨ ᠢ ᠬᠥᠮᠥᠵᠢᠭᠦᠯᠦᠨ ᠰᠢᠨᠵᠢᠯᠡᠨ ᠪᠠᠶᠢᠴᠠᠭᠠᠵᠤ ᠳᠠᠩᠰᠠᠯᠠᠬᠤ ᠬᠦᠰᠦᠨᠦᠭᠲᠦ ᠶᠢᠨ ᠳ᠋ᠤᠭᠠᠷᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ︽ᠨᠢᠭᠡ ᠬᠥᠮᠥᠨ ᠨᠢᠭᠡ ᠳᠡᠪᠲᠡᠷ ᠨᠢᠭᠡ ᠳ᠋ᠤᠭᠠᠷ︾᠎ ᠢ ᠪᠡᠶᠡᠯᠡᠭᠦᠯᠵᠦ᠂ ᠳᠠᠩᠰᠠ ᠡᠪᠬᠡᠮᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠨᠢᠯᠴᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠨᠠᠮ ᠳᠤ ᠣᠷᠣᠬᠤ ᠢᠳᠡᠪᠬᠢᠲᠡᠨ᠂ ᠬᠥᠭᠵᠢᠭᠦᠯᠬᠦ ᠡᠲᠡᠭᠡᠳ ᠢᠶᠠᠷ ᠲᠣᠭᠲᠠᠭᠠᠬᠤ ᠠᠴᠠ ᠡᠮᠦᠨ᠎ᠡ᠂ ᠨᠠᠮ ᠤᠨ ᠭᠡᠰᠢᠭᠦᠨ ᠲᠠᠨᠢᠯᠴᠠᠭᠤᠯᠬᠤ᠂ ᠤᠯᠠᠨ ᠲᠦᠮᠡᠨ ᠲᠠᠨᠢᠯᠴᠠᠭᠤᠯᠬᠤ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠢ ᠨᠢ ᠲᠠᠨᠢᠯᠴᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠪᠠᠲᠤᠯᠠᠨ ᠲᠠᠨᠢᠯᠴᠠᠭᠤᠯᠵᠤ ᠰᠢᠯᠢᠳᠡᠭ ᠢ ᠨᠢ ᠲᠠᠨᠢᠯᠴᠠᠭᠤᠯᠤᠭᠰᠠᠨ ᠪᠠᠶᠢᠳᠠᠯ ᠢᠶᠠᠨ ᠦᠨᠳᠦᠰᠦᠯᠡᠨ ᠨᠠᠮ ᠳᠤ ᠣᠷᠣᠬᠤ ᠢᠳᠡᠪᠬᠢᠲᠡᠨ ᠪᠠ ᠬᠥᠭᠵᠢᠭᠦᠯᠬᠦ ᠡᠲᠡᠭᠡᠳ ᠢ ᠵᠦᠢ ᠵᠣᠬᠢᠰᠲᠠᠢ ᠲᠣᠭᠲᠠᠭᠠᠨ᠎ᠠ᠃ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠲᠥᠪ ᠴᠢᠩᠭ᠎ᠠ ᠪᠠᠷ ᠥᠷᠨᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠡᠷᠭᠡ ᠡᠯ᠎ᠡ ᠱᠠᠲᠤᠨ ᠤ ᠰᠢᠯᠢᠳᠡᠭ ᠬᠤᠪᠢᠰᠬᠠᠯ ᠤᠨ ᠡᠬᠢ ᠪᠠᠶᠠᠯᠢᠭ ᠲᠤ ᠲᠦᠰᠢᠭᠯᠡᠨ ᠂ ᠨᠥᠬᠦᠴᠡᠯ ᠳᠤ ᠨᠡᠶᠢᠴᠡᠬᠦ ᠬᠥᠭᠵᠢᠯᠲᠡ ᠶᠢᠨ ᠡᠲᠡᠭᠡᠳ ᠢ ᠵᠣᠬᠢᠶᠠᠨ ᠪᠠᠶᠢᠭᠤᠯᠤᠨ ᠭᠤᠷᠪᠠᠨ ᠡᠳᠦᠷ ᠤᠨ ᠬᠤᠷᠢᠨ ᠳᠥᠷᠪᠡᠨ ᠰᠤᠷᠤᠯᠭ᠎ᠠ ᠶᠢᠨ ᠴᠠᠭ ᠢ ᠲᠥᠪᠯᠡᠷᠡᠭᠦᠯᠦᠨ ᠪᠣᠯᠪᠠᠰᠤᠷᠠᠭᠤᠯᠵᠤ᠂ ᠨᠠᠮ ᠤᠨ ᠲᠦᠷᠢᠮ ᠪᠠ ᠨᠠᠮ ᠤᠨ ᠰᠢᠨ᠎ᠡ ᠶᠢ ᠡᠭᠦᠳᠬᠦ ᠣᠨᠣᠯ ᠢ ᠭᠦᠨᠵᠡᠭᠡᠶ ᠰᠤᠷᠤᠯᠴᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠲᠠᠷᠠᠬᠠᠶ ᠪᠤᠲᠠᠷᠬᠠᠶ ᠥᠪᠡᠷ ᠢᠶᠠᠨ ᠰᠤᠷᠤᠯᠴᠠᠬᠤ ᠪᠠᠷ ᠲᠥᠪᠯᠡᠷᠡᠨ ᠰᠤᠷᠤᠯᠴᠠᠬᠤ ᠢ ᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠡᠨᠡ ᠵᠢᠯ ᠠᠴᠠ ᠨᠠᠰᠢ᠂ ᠨᠠᠮ ᠳᠤ ᠣᠷᠣᠬᠤ ᠢᠳᠡᠪᠬᠢᠲᠡᠨ᠂ ᠬᠥᠭᠵᠢᠭᠦᠯᠬᠦ ᠡᠲᠡᠭᠡᠳ ᠢ 360 ᠭᠠᠷᠤᠶ ᠬᠥᠮᠦᠨ ᠤᠳᠠᠭ᠎ᠠ ᠵᠣᠬᠢᠶᠠᠨ ᠪᠠᠶᠢᠭᠤᠯᠤᠨ ᠪᠣᠯᠪᠠᠰᠤᠷᠠᠭᠤᠯᠪᠠ᠃    ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ︽ᠬᠠᠷᠢᠭᠤᠴᠠᠯᠭ᠎ᠠ ᠶᠢᠨ ᠪᠣᠭᠤᠮᠲᠠ︾᠎ ᠶᠢ ᠰᠠᠶᠢᠲᠤᠷ ᠰᠠᠬᠢᠬᠤ ᠬᠡᠷᠡᠭᠲᠡᠶ᠃ ᠨᠠᠮ ᠤᠨ ᠭᠡᠰᠢᠭᠦᠨ ᠡᠯᠰᠡᠬᠦ ᠠᠵᠢᠯ ᠤᠨ ᠤᠳᠤᠷᠢᠳᠤᠯᠭ᠎ᠠ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠡᠯᠰᠡᠬᠦ ᠠᠵᠢᠯ ᠤᠨ ᠨᠠᠷᠢᠨ ᠳᠦᠷᠢᠮ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾᠎ ᠤᠨ ᠰᠤᠷᠤᠯᠴᠠᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠨ᠎ᠠ᠃ ᠭᠤᠷᠪᠠᠨ ᠱᠠᠲᠤᠨ ᠤ ᠬᠢᠨᠠᠨ ᠪᠠᠶᠢᠴᠠᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ︽ᠨᠠᠮ ᠤᠨ ᠡᠭᠦᠷ ︵ᠠᠵᠤ ᠦᠢᠯᠡᠳᠪᠦᠷᠢ︶᠎ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ︾᠎ ᠤᠨ ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠂ ᠲᠤᠬᠠᠶᠢᠯᠠᠪᠠᠯ ᠨᠠᠮ ᠳᠤ ᠣᠷᠣᠬᠤ ᠢᠳᠡᠪᠬᠢᠲᠡᠨ᠂ ᠡᠯᠰᠡᠬᠦ ᠡᠲᠡᠭᠡᠳ᠂ ᠪᠡᠯᠡᠳᠬᠡᠯ ᠨᠠᠮ ᠤᠨ ᠭᠡᠰᠢᠭᠦᠨ ᠢ ᠨᠠᠮ ᠤᠨ ᠡᠭᠦᠷ᠂ ᠦᠨᠳᠦᠰᠦᠨ ᠱᠠᠲᠤᠨ ᠤ ᠨᠠᠮ ︵ᠠᠵᠤ ᠦᠢᠯᠡᠳᠪᠦᠷᠢ︶᠎ ᠤᠨ ᠬᠤᠷᠢᠶ᠎ᠠ ᠪᠣᠯᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ ᠲᠤᠰ ᠲᠤᠰ ᠨᠠᠮ ᠤᠨ ᠭᠡᠰᠢᠭᠦᠨ ᠡᠯᠰᠡᠬᠦ ᠶᠠᠪᠤᠴᠠ ᠵᠢᠴᠢ ᠳᠠᠩᠰᠠ ᠡᠪᠬᠡᠮᠡᠯ ᠤᠨ ᠮᠠᠲ᠋ᠧᠷᠢᠶᠠᠯ ᠢ ᠱᠠᠲᠤ ᠳᠠᠷᠠᠭᠠᠯᠠᠨ ᠬᠢᠨᠠᠨ ᠪᠠᠶᠢᠴᠠᠭᠠᠵᠤ᠂ ᠨᠠᠮ ᠤᠨ ᠭᠡᠰᠢᠭᠦᠨ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠣᠶᠢᠯᠠᠭᠠᠵᠤ᠂ ᠠᠵᠢᠯ ᠤᠨ ᠠᠷᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ︽ᠬᠡᠨ ᠲᠠᠨᠢᠯᠴᠠᠭᠤᠯᠪᠠᠯ ᠬᠡᠨ ᠬᠠᠷᠢᠭᠤᠴᠠᠬᠤ᠂ ᠬᠡᠨ ᠬᠢᠨᠠᠨ ᠪᠠᠶᠢᠴᠠᠭᠠᠪᠠᠯ ᠬᠡᠨ ᠬᠠᠷᠢᠭᠤᠴᠠᠬᠤ᠂ ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠨᠠᠮ ᠤᠨ ᠭᠡᠰᠢᠭᠦᠨ ᠡᠯᠰᠡᠬᠦ ᠲᠡᠰ ᠳᠠᠷᠠᠭᠠᠯᠠᠯ ᠢ ᠴᠢᠩᠳᠠᠯᠠᠵᠤ᠂ ᠪᠠᠷᠢᠮᠵᠢᠶ᠎ᠠ ᠶᠢ ᠪᠠᠷᠢᠮᠲᠠᠯᠠᠬᠤ ᠦᠭᠡᠢ᠂ ᠲᠡᠰ ᠳᠠᠷᠠᠭᠠᠯᠠᠯ ᠢ ᠭᠦᠢᠴᠡᠳᠬᠡᠬᠦ ᠦᠭᠡᠢ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠠᠴᠠ ᠳᠠᠪᠠᠭᠰᠠᠨ ᠪᠠ ᠬᠥᠮᠦᠵᠢᠭᠦᠯᠵᠦ ᠰᠢᠨᠵᠢᠯᠡᠨ ᠪᠠᠶᠢᠴᠠᠭᠠᠬᠤ ᠳᠠᠭᠠᠨ ᠬᠠᠷᠢᠭᠤᠴᠠᠯᠭ᠎ᠠ ᠪᠠᠨ ᠠᠯᠳᠠᠭᠰᠠᠨ᠂ ᠬᠢᠨᠠᠨ ᠪᠠᠶᠢᠴᠠᠭᠠᠵᠤ ᠪᠣᠭᠤᠮᠲᠠ ᠶᠢ ᠴᠢᠩᠭ᠎ᠠ ᠠᠳᠬᠤᠭᠰᠠᠨ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠬᠠᠷᠢᠭᠤᠴᠠᠯᠭᠠᠲᠠᠨ᠂ ᠰᠢᠭᠤᠳ ᠬᠠᠷᠢᠭᠤᠴᠠᠯᠭᠠᠲᠠᠨ ᠢ ᠰᠢᠭᠦᠮᠵᠢᠯᠡᠨ ᠬᠥᠮᠦᠵᠢᠭᠦᠯᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠰᠠᠬᠢᠯᠭ᠎ᠠ ᠪᠠᠲᠤ ᠶᠢᠨ ᠰᠢᠢᠳᠬᠡᠯ ᠥᠭᠭᠦᠨ᠎ᠡ᠃ ᠡᠩᠨᠡᠭᠡᠨ ᠤ ᠠᠷᠢᠭᠤᠨ ᠴᠡᠪᠡᠷ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠨᠠᠮ ︵ᠠᠵᠤ ᠦᠢᠯᠡᠳᠪᠦᠷᠢ︶᠎ ᠤᠨ ᠬᠤᠷᠢᠶ᠎ᠠ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ︾᠎ ᠶᠢ ᠰᠤᠷᠤᠯᠴᠠᠨ ᠲᠤᠤᠱᠯᠠᠭᠤᠯᠬᠤ ᠶᠢ ᠱᠠᠯᠠᠪᠳᠠᠭᠤᠯᠤᠨ ᠵᠢᠯᠣᠭᠤᠳᠴᠤ᠂ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠬᠡᠬᠦ ᠦᠭᠡᠢ᠂ ᠨᠠᠮ ᠤᠨ ᠭᠡᠰᠢᠭᠦᠨ ᠤ ᠨᠥᠬᠦᠴᠡᠯ ᠢ ᠪᠦᠷᠢᠯᠳᠦᠭᠦᠯᠦᠭᠰᠡᠨ ᠦᠭᠡᠢ᠂ ᠪᠡᠯᠡᠳᠬᠡᠯ ᠨᠠᠮ ᠤᠨ ᠭᠡᠰᠢᠭᠦᠨ ᠤ ᠬᠢᠷᠢ ᠬᠡᠮ ᠢ ᠬᠦᠴᠦᠨ ᠦᠭᠡᠢ ᠪᠣᠯᠭᠠᠭᠰᠠᠨ ᠪᠡᠯᠡᠳᠬᠡᠯ ᠨᠠᠮ ᠤᠨ ᠭᠡᠰᠢᠭᠦᠨ ᠢ ᠱᠠᠭᠠᠷᠳᠠᠯᠭ᠎ᠠ ᠶᠣᠰᠣᠭᠠᠷ ᠰᠢᠢᠳᠪᠦᠷᠢᠯᠡᠵᠦ᠂ ᠨᠠᠮ ᠤᠨ ᠭᠡᠰᠢᠭᠦᠨ ᠤ ᠡᠩᠨᠡᠭᠡᠨ ᠤ ᠲᠡᠷᠢᠭᠦᠨ ᠤ ᠴᠢᠨᠠᠷ ᠪᠠ ᠠᠷᠢᠭᠤᠨ ᠴᠡᠪᠡᠷ ᠴᠢᠨᠠᠷ ᠢ ᠡᠭᠦᠷᠢᠳᠡ ᠪᠠᠲᠤᠯᠠᠵᠤ᠂ ᠰᠢᠨ᠎ᠡ ᠰᠣᠷᠭᠤᠭ ᠤᠯᠠᠭᠠᠨ ᠥᠩᠭᠡ ᠨᠢ ᠡᠭᠦᠷᠢᠳᠡ ᠦᠩᠭᠡ ᠨᠢ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号