ᠬᠤᠲᠠ ᠶᠢᠨ ᠲᠣᠭᠤᠷᠢᠭ ᠤᠨ  ᠭᠡᠷᠡᠯᠳᠦᠭᠦᠯᠭᠡ ᠶᠢ ᠰᠡᠯᠪᠢᠨ ᠵᠠᠰᠠᠪᠠ
ᠨᠡᠶᠢᠲᠡᠯᠡᠭᠰᠡᠨ ᠴᠠᠭ᠄
2025/2/11
 ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠬᠠᠮᠠᠭᠠᠯᠠᠬᠤ ᠲᠥᠪ ᠠᠴᠠ ᠤᠷᠢᠳᠴᠢᠯᠠᠨ ᠲᠥᠯᠥᠪᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠦᠵᠡᠰᠬᠦᠯᠡᠩᠲᠦ ᠰᠠᠶᠢᠬᠠᠨ ᠲᠡᠮᠡᠭᠡᠲᠦ ᠨᠤᠲᠤᠭ ᠤᠨ ᠦᠵᠡᠮᠵᠢ ᠶᠢ ᠪᠣᠶ ᠪᠣᠯᠭᠠᠬᠤ ᠶᠢᠨ ᠬᠠᠮᠲᠤ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠪᠠ᠃
   ᠨᠢᠭᠡ ᠳᠤ᠂ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠰᠡᠯᠪᠢᠨ ᠵᠠᠰᠠᠬᠤ ᠠᠵᠢᠯ ᠢ ᠥᠷᠨᠢᠭᠦᠯᠵᠦ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠭᠡᠷᠡᠯᠲᠦᠭᠦᠯᠭᠡ ᠶᠢᠨ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠠᠲᠤᠯᠠᠪᠠ᠃    ᠬᠤᠶᠠᠷ ᠲᠤ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠳᠣᠲᠣᠭᠠᠳᠤ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠢ ᠥᠷᠨᠢᠭᠦᠯᠵᠦ᠂ ᠴᠠᠭᠠᠨ ᠰᠠᠷ᠎ᠠ ᠶᠢ ᠪᠡᠯᠭᠡᠯᠡᠬᠦ ᠠᠭᠤᠷ ᠠᠮᠢᠰᠬᠤᠯ ᠢ ᠪᠣᠶ ᠪᠣᠯᠭᠠᠪᠠ᠃    ᠲᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠬᠠᠮᠠᠭᠠᠯᠠᠬᠤ ᠲᠥᠪ ᠠᠴᠠ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠵᠠᠰᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠲᠠ ᠶᠢᠨ ᠲᠣᠭᠤᠷᠢᠭ ᠤᠨ ᠵᠠᠮ ᠤᠨ ᠳ᠋ᠧᠩ ᠤᠨ ᠭᠡᠷᠡᠯᠲᠦᠭᠦᠯᠭᠡ ᠶᠢᠨ ᠦᠷ᠎ᠡ ᠪᠦᠲᠦᠮᠵᠢ ᠶᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠲᠤ ᠰᠠᠶᠢᠨ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠪᠠ ᠠᠮᠤᠷ ᠲᠦᠪᠰᠢᠨ ᠢᠶᠠᠷ ᠶᠠᠪᠤᠵᠤ ᠰᠠᠭᠤᠬᠤ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号