ᠠᠯᠠᠱᠠ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠪᠥᠬᠦ ᠤᠯᠤᠰ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠣᠩᠬᠤᠪᠴᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2025/2/11
     ᠣᠶᠢᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ︽ᠪᠥᠬᠦ ᠤᠯᠤᠰ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠣᠩᠬᠤᠪᠴᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠪᠠᠷ ᠢᠯᠡᠳᠲᠡ ᠨᠢᠭᠡᠴᠢ ᠪᠠ ᠬᠤᠪᠢ ᠬᠥᠮᠦᠨ ᠢ ᠵᠠᠷᠯᠠᠨ ᠰᠠᠶᠢᠰᠢᠶᠠᠬᠤ ᠲᠤᠬᠠᠶ ᠵᠠᠬᠢᠳᠠᠯ︾᠎ ᠢ ᠨᠡᠶᠢᠲᠡᠯᠡᠵᠦ᠂ ᠠᠯᠠᠱᠠ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢ ᠪᠥᠬᠦ ᠤᠯᠤᠰ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠣᠩᠬᠤᠪᠴᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠪᠠᠷ ᠢᠯᠡᠳᠲᠡ ᠨᠢᠭᠡᠴᠡ ᠪᠠᠷ ᠦᠨᠡᠯᠡᠭᠳᠡᠪᠡ᠃
   ᠣᠶᠢᠷ᠎ᠠ ᠶᠢᠨ ᠵᠢᠯ ᠠᠴᠠ ᠨᠠᠰᠢ᠂ ᠠᠯᠠᠱᠠ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠴᠣᠩᠬᠤᠪᠴᠢ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠣᠩᠬᠤᠪᠴᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠤᠨ ᠲᠥᠯᠥᠭᠡ᠂ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭᠲᠠᠶ︾ ᠪᠣᠯᠭᠠᠬᠤ ᠪᠠᠷ ᠭᠠᠷᠤᠭ᠎ᠠ ᠪᠠ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠣᠩᠬᠤᠪᠴᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠳᠥᠭᠦᠮᠴᠢᠯᠡᠬᠦ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠬᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ︽ᠰᠢᠯᠢᠳᠡᠭᠴᠢᠯᠡᠭᠰᠡᠨ︾᠂ ᠦᠢᠯᠡᠴᠢᠯᠡᠭᠡᠨ ᠤ ︽ᠶᠠᠰᠤ ᠴᠢᠨᠠᠷ ᠢ ᠳᠡᠭᠡᠭᠰᠢᠯᠡᠭᠦᠯᠬᠦ︾᠂ ᠰᠤᠷᠲᠠᠯ ᠤᠨ ︽ᠦᠷ᠎ᠡ ᠪᠦᠲᠦᠮᠵᠢ ᠶᠢ ᠳᠡᠭᠡᠭᠰᠢᠯᠡᠭᠦᠯᠬᠦ︾᠎ ᠶᠢ ᠪᠡᠶᠡᠯᠡᠭᠦᠯᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠤᠷᠢᠳ ᠬᠤᠵᠢᠳ ︽ᠬᠤᠲᠠ ᠠᠯᠤᠰᠯᠠᠨ ᠨᠡᠶᠢᠳᠡᠮ ᠭᠦᠢᠴᠡᠳᠬᠡᠬᠦ︾᠂ ︽ᠥᠯᠥ ᠬᠥᠳᠡᠯᠬᠦ ᠬᠥᠷᠥᠩᠭᠡ ᠶᠢᠨ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾᠂ ︽ᠥᠯᠥ ᠬᠥᠳᠡᠯᠬᠦ ᠬᠥᠷᠥᠩᠭᠡ ᠶᠢ ᠪᠠᠶᠢᠴᠠᠭᠠᠨ ᠯᠠᠪᠯᠠᠬᠤ︾᠂ ︽ᠭᠠᠵᠠᠷ ᠰᠢᠷᠣᠶ ᠲᠤᠰᠢᠶᠠᠮᠠᠭᠴᠠ ᠦᠨᠡᠮᠯᠡᠯ ᠲᠤᠰᠢᠶᠠᠬᠤ︾᠂ ︽ᠪᠠᠷᠢᠯᠭ᠎ᠠ ᠳᠠᠭᠤᠰᠤᠮᠠᠭᠴᠠ ᠦᠨᠡᠮᠯᠡᠯ ᠲᠤᠰᠢᠶᠠᠬᠤ︾ ᠵᠡᠷᠭᠡ ᠦᠢᠯᠡᠴᠢᠯᠡᠭᠡᠨ ᠤ ᠰᠢᠨ᠎ᠡ ᠵᠠᠭᠪᠤᠷ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠠᠭᠤᠴᠢᠯᠠᠭᠤᠷ ᠬᠠᠮᠢᠶ᠎ᠠ ᠪᠥᠬᠦᠶ ᠠᠷᠭ᠎ᠠ ᠬᠢᠳᠡᠯ ᠢ ᠨᠢ ᠣᠯᠠᠨ ᠤᠳᠠᠭ᠎ᠠ ᠰᠤᠷᠪᠣᠯᠵᠢᠯᠠᠪᠠ᠃     ᠲᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠤᠩᠬᠤᠪᠴᠢ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠳᠡᠩᠰᠡᠯᠡᠯᠲᠡ ᠶᠢᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠪᠠᠷ ᠵᠣᠷᠢᠯᠲᠠ ᠪᠣᠯᠭᠠᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ︽ᠰᠢᠨ᠎ᠡ︾ ᠳᠠᠰᠢ ᠤᠷᠤᠭᠰᠢᠯᠠᠬᠤ ᠶᠢ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠣᠯᠭᠤᠨ᠎ᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号