| | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 21 ᠤ ᠴᠠᠭᠢᠯᠭᠠᠨ ᠮᠡᠳᠡᠭᠡ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠬᠦ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ᠂ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ | ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ︾ | ︵ᠳᠣᠷᠣᠭᠰᠢ ︽ᠠᠰᠠᠭᠤᠯᠲᠠ ᠬᠠᠷᠢᠭᠤᠯᠲᠠ︾ ᠭᠡᠵᠦ ᠳᠥᠭᠦᠮᠴᠢᠯᠡᠨ᠎ᠡ︶ ᠭᠡᠬᠦ ᠨᠣᠮ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠪᠢᠴᠢᠵᠦ᠂ ᠰᠤᠷᠤᠯᠴᠠᠯᠭ᠎ᠠ ᠶᠢᠨ ᠬᠡᠪᠯᠡᠯ ᠤᠨ ᠬᠤᠷᠢᠶ᠎ᠠ᠂ ᠠᠷᠠᠳ ᠤᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠵᠦ᠂ | ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ᠃ | ︽ᠠᠰᠠᠭᠤᠯᠲᠠ ᠬᠠᠷᠢᠭᠤᠯᠲᠠ︾ ᠨᠢ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠦᠢᠯᠡᠳᠦᠯᠭᠡ ᠶᠢᠨ ᠬᠥᠭᠵᠢᠯᠲᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠣᠨᠣᠯ ᠤᠨ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠬᠠᠷᠢᠭᠤᠯᠲᠠ ᠥᠭᠴᠦ᠂ ᠠᠰᠠᠭᠤᠯᠲᠠ ᠬᠠᠷᠢᠭᠤᠯᠲᠠ ᠶᠢᠨ ᠭᠡᠯᠪᠡᠷᠢ ᠪᠠᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠠᠭᠤᠯᠭ᠎ᠠ᠂ | ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ᠂ ᠭᠦᠨᠵᠡᠭᠡᠢ ᠪᠥᠭᠡᠳ | ᠣᠶᠢᠯᠠᠭᠠᠮᠵᠢᠲᠠᠢ ᠢᠯᠡᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠤ ᠨᠠᠮ ᠤᠨ ᠰᠢᠨ᠎ᠡ | ᠡᠭᠦᠳᠦᠯᠲᠡ ᠶᠢᠨ ᠣᠨᠣᠯ ᠢ ᠨᠠᠩ ᠭᠦᠨᠵᠡᠭᠡᠢ ᠰᠤᠷᠤᠯᠴᠠᠨ ᠣᠶᠢᠯᠠᠭᠠᠵᠤ᠂ ᠨᠠᠩ ᠤᠬᠠᠮᠰᠠᠷ ᠠᠴᠠ ᠪᠠᠨ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠷ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠳᠤ ᠬᠠᠪᠰᠤᠷᠤᠮᠵᠢ ᠪᠣᠯᠪᠠ | ᠃ ︽ᠠᠰᠠᠭᠤᠯᠲᠠ ᠬᠠᠷᠢᠭᠤᠯᠲᠠ︾ ᠨᠢ ᠨᠡᠶᠢᠳᠡ 10 ᠬᠡᠰᠡᠭ᠂ 50 ᠠᠰᠠᠭᠤᠯᠲᠠ ᠪᠠᠷ ᠪᠦᠷᠢᠯᠳᠦᠵᠦ᠂ ᠠᠭᠤᠯᠭ᠎ᠠ ᠪᠠᠶᠠᠯᠢᠭ᠂ | ᠭᠡᠯᠪᠡᠷᠢ ᠰᠢᠨ᠎ᠡ᠂ ᠭᠡᠷᠡᠯ ᠵᠢᠷᠤᠭ ᠦᠰᠦᠭ ᠪᠢᠴᠢᠭ ᠢ ᠬᠤᠣᠰᠯᠠᠭᠤᠯᠵᠤ᠂ ᠳᠦᠭᠦᠮ ᠣᠶᠢᠯᠠᠭᠠᠮᠵᠢᠲᠠᠢ ᠪᠠᠶᠢᠵᠤ᠂ ᠥᠷᠭᠡᠨ | ᠤᠯᠠᠨ ᠨᠠᠮ ᠤᠨ ᠭᠡᠰᠢᠭᠦᠨ᠂ᠺᠠᠳ᠋ᠷ᠂ᠤᠯᠠᠨ ᠲᠦᠮᠡᠨ ᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠬᠠᠪᠰᠤᠷᠤᠮᠵᠢ ᠶᠢᠨ ᠤᠩᠰᠢᠬᠤ ᠪᠢᠴᠢᠭ ᠪᠣᠯᠣᠨ᠎ᠠ᠃ | | | | | | |