| | | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 6 ᠤ ᠴᠠᠭᠢᠯᠭᠠᠨ ᠮᠡᠳᠡᠭᠡ 2 ᠰᠠᠷ᠎ᠠ ᠶᠢᠨ 6 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠲᠠᠢ ᠤᠯᠤᠰ ᠤᠨ ᠶᠡᠷᠦᠩᠬᠡᠢ | ᠰᠠᠶᠢᠳ ᠫᠤᠶᠢᠲ᠋ᠥ᠋ᠩᠲ᠋ᠠᠨ ᠲᠠᠢ ᠠᠭᠤᠯᠵᠠᠪᠠ᠃ | | | | 2 ᠰᠠᠷ᠎ᠠ ᠶᠢᠨ 6 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠲᠠᠢ | ᠤᠯᠤᠰ ᠤᠨ ᠶᠡᠷᠦᠩᠬᠡᠢ ᠰᠠᠶᠢᠳ ᠫᠤᠶᠢᠲ᠋ᠥ᠋ᠩᠲ᠋ᠠᠨ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ | | | ᠰᠢ ᠶᠢᠨ ᠫᠢᠩ᠂ ᠳᠤᠮᠳᠠᠳᠤ ᠪᠠ ᠲᠠᠢ ᠬᠤᠶᠠᠷ ᠤᠯᠤᠰ ᠤᠨ ᠨᠥᠭᠦᠷᠰᠡᠭ ᠬᠠᠷᠢᠯᠴᠠᠭ᠎ᠠ ᠮᠢᠩᠭᠠᠨ ᠵᠢᠯ ᠤᠯᠠᠮᠵᠢᠯᠠᠭᠳᠠᠵᠤ᠂ | ︽ᠳᠤᠮᠳᠠᠳᠤ ᠪᠠ ᠲᠠᠢ ᠤᠯᠤᠰ ᠪᠣᠯ ᠨᠢᠭᠡ ᠭᠡᠷ ᠮᠡᠲᠦ ᠳᠣᠲᠣᠨᠣ︾ ᠪᠠᠶᠢᠬᠤ ᠨᠢ ᠶᠠᠪᠤᠬᠤ ᠲᠤᠲᠤᠮ ᠭᠦᠨᠵᠡᠭᠡᠶᠢᠷᠡᠵᠦ ᠪᠠᠶᠢᠨ᠎ᠠ᠃ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠤ ᠲᠤᠷᠰᠢ᠂ ᠬᠤᠶᠠᠷ ᠤᠯᠤᠰ ᠬᠠᠷᠢᠯᠴᠠᠨ ᠬᠦᠨᠳᠦᠳᠬᠡᠬᠦ᠂ ᠡᠷᠬᠡ | ᠲᠡᠭᠰᠢ ᠪᠠᠷ ᠬᠠᠨᠳᠤᠯᠴᠠᠬᠤ᠂ ᠴᠢᠩ ᠦᠨᠡᠨᠴᠢ ᠪᠠᠷ ᠢᠲᠡᠭᠡᠯᠴᠡᠬᠦ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ ᠶᠢ | ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠪᠠᠨ ᠬᠠᠮᠠᠭᠠᠯᠠᠬᠤ ᠶᠢ ᠢᠮᠠᠭᠲᠠ ᠡᠷᠡᠰ ᠳᠡᠮᠵᠢᠭᠰᠡᠭᠡᠷ ᠢᠷᠡᠪᠡ᠃ ᠡᠨᠡ ᠵᠢᠯ ᠪᠣᠯ ᠳᠤᠮᠳᠠᠳᠤ ᠪᠠ ᠲᠠᠢ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠵᠢᠴᠢ ︽ᠳᠤᠮᠳᠠᠳᠤ ᠤᠯᠤᠰ ᠬᠢᠭᠡᠳ ᠲᠠᠢ ᠤᠯᠤᠰ ᠤᠨ | ᠨᠥᠬᠦᠷᠯᠡᠯ ᠤᠨ ᠰᠢᠵᠢᠷ ᠠᠯᠳᠠᠨ 50 ᠵᠢᠯ︾ ᠪᠣᠯᠣᠨ᠎ᠠ᠂ ᠬᠤᠶᠠᠷ ᠲᠠᠯ᠎ᠠ ᠪᠠᠷ ᠢᠶᠠᠨ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ ᠳᠤᠮᠳᠠᠳᠤ ᠪᠠ ᠲᠠᠢ ᠬᠤᠶᠠᠷ ᠤᠯᠤᠰ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ | ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ ᠭᠠᠵᠠᠷ ᠣᠷᠣᠨ ᠪᠠ ᠳᠡᠯᠡᠬᠡᠢ ᠳ᠋ᠠᠬᠢᠨ ᠳᠤ ᠨᠡᠩ | ᠤᠯᠠᠨ ᠠᠰᠢᠭ ᠬᠦᠷᠲᠡᠭᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ᠂ ᠳᠤᠮᠳᠠᠳᠤ ᠪᠠ ᠲᠠᠢ | ᠤᠯᠤᠰ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠬᠠᠷᠢᠯᠴᠠᠨ ᠡᠷᠡᠰ | ᠳᠡᠮᠵᠢᠯᠴᠡᠵᠦ᠂ ᠳᠤᠮᠳᠠᠳᠤ ᠪᠠ ᠲᠠᠢ ᠬᠤᠶᠠᠷ ᠤᠯᠤᠰ ᠤᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠪᠣᠯᠣᠨ ᠲᠣᠬᠲᠠᠭᠠᠯᠲᠤ | ᠴᠢᠨᠠᠷ ᠢᠶᠠᠷ ᠭᠠᠳᠠᠭᠠᠳᠤ ᠣᠷᠴᠢᠨ ᠤ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠶ᠎ᠠ᠃ ᠳᠤᠮᠳᠠᠳᠤ ᠤᠯᠤᠰ ᠳᠤᠷᠠᠲᠠᠶ᠎ᠠ ᠲᠠᠢ | ᠤᠯᠤᠰ ᠯᠤᠭ᠎ᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠵᠣᠯᠭᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ | ᠥᠷᠭᠡᠳᠬᠡᠵᠦ᠂ ᠳᠤᠮᠳᠠᠳᠤ ᠪᠠ ᠲᠠᠢ ᠬᠤᠶᠠᠷ ᠤᠯᠤᠰ ᠤᠨ ᠲᠡᠮᠦᠷ ᠵᠠᠮ ᠵᠡᠷᠭᠡ ᠳᠠᠭᠠᠭᠤᠯᠤᠭᠴᠢ ᠲᠥᠷᠥᠯ ᠵᠦᠢᠯ ᠢ ᠰᠠᠶᠢᠲᠤᠷ | ᠬᠡᠷᠡᠭᠵᠢᠭᠦᠯᠵᠦ᠂ ᠳᠤᠮᠳᠠᠳᠤ ᠤᠯᠤᠰ ᠯᠠᠤᠰ ᠪᠠ ᠲᠠᠢ ᠤᠯᠤᠰ ᠤᠨ ᠬᠤᠯᠪᠣᠯᠳᠤᠨ ᠨᠡᠪᠲᠡᠷᠡᠯᠴᠡᠵᠦ ᠬᠥᠭᠵᠢᠬᠦ ᠪᠣᠳᠣᠯᠬᠢᠯᠠᠯ ᠤᠨ | ᠡᠷᠲᠡᠬᠡᠨ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠤᠶ᠎ᠠ᠃ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠶᠢᠨ | ᠮᠠᠰᠢᠨ ᠲᠡᠷᠭᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ | ᠲᠣᠭᠲᠠᠭᠤᠨ ᠰᠠᠭᠠᠳ ᠦᠭᠡᠢ ᠨᠡᠪᠲᠡᠷᠡᠬᠦ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠭᠠᠷ ᠬᠤᠯᠪᠣᠨ | ᠴᠣᠭᠴᠠᠯᠠᠶ᠎ᠠ᠃ ᠳᠤᠮᠳᠠᠳᠤ ᠶᠢᠨ ᠲᠠᠯ᠎ᠠ ᠶᠢᠨ ᠬᠢᠨ ᠲᠠᠢ ᠤᠯᠤᠰ ᠤᠨ ᠬᠦᠴᠦᠲᠡᠢ ᠠᠷᠭ᠎ᠠ ᠬᠡᠮᠵᠢᠶ᠎ᠡ ᠠᠪᠴᠤ ᠰᠦᠯᠵᠢᠶᠡᠨ | ᠳᠡᠭᠡᠷ᠎ᠡ ᠵᠣᠭᠤᠰ ᠮᠥᠷᠦ᠋ᠢᠴᠡᠬᠦ ᠴᠠᠭᠢᠯᠭᠠᠨ ᠴᠢᠮᠡᠭᠡ ᠬᠤᠯᠪᠤᠭ᠎ᠠ ᠶᠢᠨ ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠥᠭᠴᠦ | ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠣᠨ | ᠬᠠᠤᠯᠢ ᠴᠠᠭᠠᠵᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠭᠠᠵᠠᠷ ᠣᠷᠣᠨ ᠤ ᠤᠯᠤᠰ ᠤᠳ ᠤᠨ ᠶᠠᠪᠤᠯᠴᠠᠭ᠎ᠠ ᠬᠠᠮᠲᠤᠷᠠᠯᠴᠠᠭᠠᠨ ᠤ | ᠡᠮᠬᠢ ᠳᠢᠭᠯᠢᠮ ᠢ ᠬᠠᠮᠠᠭᠠᠯᠠᠶ᠎ᠠ᠃ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠪᠠᠨ ᠭᠦᠨᠵᠡᠭᠡᠶᠢᠷᠡᠭᠦᠯᠵᠦ᠂ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠪᠠᠶᠠᠯᠢᠭ ᠰᠠᠶᠢᠬᠠᠨ ᠠᠵᠢᠯᠯᠠᠭ᠎ᠠ ᠶᠢ ᠬᠠᠮᠲᠤ ᠪᠠᠷ | ᠡᠷᠭᠢᠯᠡᠵᠦ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠲᠤ ᠠᠰᠢᠭ ᠬᠦᠷᠲᠡᠭᠡᠬᠦ ᠨᠡᠩ ᠤᠯᠠᠨ ᠢᠨᠵᠧᠨᠧᠷᠢᠩ ᠢ | ᠪᠠᠶᠢᠭᠤᠯᠵᠤ᠂ ᠳᠤᠮᠳᠠᠳᠤ ᠪᠠ ᠲᠠᠢ ᠬᠤᠶᠠᠷ ᠤᠯᠤᠰ ᠤᠨ ᠨᠥᠬᠦᠷᠯᠡᠯ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠤ᠂ | ᠦᠶ᠎ᠡ ᠶᠢᠨ ᠦᠶ᠎ᠡ ᠳᠤ ᠤᠯᠠᠮᠵᠢᠯᠠᠶ᠎ᠠ᠃ ᠳᠤᠮᠳᠠᠳᠤ ᠶᠢᠨ ᠲᠠᠯ᠎ᠠ ᠬᠢᠨ ᠲᠠᠢ ᠤᠯᠤᠰ ᠤᠨ ᠯᠠᠨᠼᠠᠩᠵᠢᠶᠠᠩ ᠮᠥᠷᠡᠨ ᠮᠦᠢᠭᠤᠩ | ᠮᠥᠷᠡᠨ ᠤ ᠬᠠᠮᠲᠤᠷᠠᠯᠴᠠᠭᠠᠨ ᠤ ᠬᠠᠮᠲᠤ ᠶᠢᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠬᠦ ᠶᠢ ᠲᠡᠮᠵᠢᠵᠥ᠂ ᠲᠠᠢ ᠤᠯᠤᠰ ᠤᠨ | ᠠᠯᠳᠠᠨ ᠲᠣᠭᠤᠰᠭ᠋᠎ᠠ ᠤᠯᠤᠰ ᠤᠳ ᠤᠨ ᠬᠠᠨᠢᠲᠠᠨ ᠤᠯᠤᠰ ᠪᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠳᠤᠷᠠᠲᠠᠶ᠎ᠠ ᠲᠠᠢ | ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ | ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ | ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ | ᠬᠥᠭᠵᠢᠯᠲᠡ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃ | ᠫᠤᠶᠢᠲ᠋ᠥ᠋ᠩᠲ᠋ᠠᠨ᠂ ︽ ᠲᠠᠢ ᠤᠯᠤᠰ ᠬᠢᠭᠡᠳ ᠳᠤᠮᠳᠠᠳᠤ ᠤᠯᠤᠰ ᠤᠨ ᠨᠥᠬᠦᠷᠯᠡᠯ ᠤᠨ ᠰᠢᠵᠢᠷ ᠠᠯᠳᠠᠨ 50 ᠵᠢᠯ︾ | ᠬᠦᠷᠴᠦ ᠢᠷᠡᠬᠦ ᠲᠠᠰᠢᠷᠠᠮ ᠢᠶᠠᠷ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ 50 | ᠵᠢᠯ ᠤᠨ ᠲᠤᠷᠰᠢ᠂ ᠲᠠᠢ ᠤᠯᠤᠰ ᠳᠤᠮᠳᠠᠳᠤ ᠤᠯᠤᠰ ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠤ᠂ ᠢᠮᠠᠭᠲᠠ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠬᠥᠭᠵᠢᠵᠦ᠂ ᠢᠮᠠᠭᠲᠠ ᠬᠠᠷᠢᠯᠴᠠᠨ ᠢᠲᠡᠭᠡᠯᠴᠡᠵᠦ᠂ ᠲᠤᠰ ᠲᠤᠰ ᠤᠨ | ᠭᠤᠣᠯᠯᠠᠭᠴᠢ ᠠᠰᠢᠭ ᠲᠤᠰᠠ ᠶᠢ ᠭᠦᠨᠳᠦᠳᠭᠡᠵᠦ᠂ ᠣᠨᠴᠠᠭᠠᠢ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠪᠠ᠃ | ᠲᠠᠢ ᠤᠯᠤᠰ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ | ᠤᠯᠤᠰ ᠯᠤᠭ᠎ᠠ ᠬᠠᠮᠲᠤ ᠪᠠᠷ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠬᠤᠯᠪᠣᠯᠳᠤᠨ ᠨᠡᠪᠲᠡᠷᠡᠯᠴᠡᠬᠦ᠂ | ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠰᠣᠶᠣᠯ | ᠢᠷᠭᠡᠨᠰᠢᠯ ᠤᠨ ᠰᠣᠯᠢᠯᠴᠠᠭ᠎ᠠ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠡᠩᠬᠡ ᠲᠠᠶᠢᠪᠤᠩ ᠢ ᠬᠠᠮᠲᠤ ᠪᠠᠷ | ᠡᠳ᠋ᠯᠡᠬᠦ᠂ ᠬᠠᠮᠲᠤ ᠪᠠᠷ ᠴᠡᠴᠡᠭᠯᠡᠨ ᠬᠥᠭᠵᠢᠬᠦ ᠲᠠᠷᠠᠭᠠᠴᠢ ᠶᠢᠨ 50 ᠵᠢᠯ ᠢ ᠡᠬᠢᠯᠡᠭᠦᠯᠵᠦ᠂ ᠦᠷ᠎ᠡ ᠬᠤᠶᠢᠴᠢᠰ ᠲᠠᠭᠠᠨ ᠪᠤᠶᠠᠨ | ᠦᠢᠯᠡᠳᠬᠦ ᠶᠢ ᠬᠦᠰᠡᠵᠦ ᠪᠠᠶᠢᠨ᠎ᠠ᠃ ᠲᠠᠢ ᠤᠯᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠪᠣᠯᠣᠨ ᠪᠤᠰᠤᠳ ᠬᠥᠷᠰᠢ | ᠵᠡᠷᠭᠡᠯᠡᠳᠡᠭᠡ ᠤᠯᠤᠰ ᠯᠤᠭ᠎ᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠡᠰ ᠰᠢᠭᠤᠷᠬᠠᠢ ᠪᠦᠲᠦᠮᠵᠢᠲᠡᠢ | ᠠᠷᠭ᠎ᠠ ᠬᠡᠮᠵᠢᠶ᠎ᠡ ᠠᠪᠴᠤ᠂ ᠰᠦᠯᠵᠢᠶᠡᠨ ᠳᠡᠭᠡᠷ᠎ᠡ ᠵᠣᠭᠤᠰ ᠮᠥᠷᠦ᠋ᠢᠴᠡᠬᠦ ᠴᠠᠭᠢᠯᠭᠠᠨ ᠴᠢᠮᠡᠭᠡ ᠬᠤᠯᠪᠤᠭ᠎ᠠ ᠶᠢᠨ ᠮᠡᠬᠡᠯᠡᠯ ᠵᠡᠷᠭᠡ | ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠨ᠎ᠡ᠃ ᠤᠯᠠᠨ ᠤᠯᠤᠰ ᠤᠨ ᠬᠡᠷᠡᠭ ᠶᠠᠪᠤᠳᠠᠯ ᠳᠤ ᠳᠤᠮᠳᠠᠳᠤ | ᠤᠯᠤᠰ ᠢᠮᠠᠭᠲᠠ ᠬᠠᠷᠢᠭᠤᠴᠠᠯᠭ᠎ᠠ ᠲᠠᠢ ᠲᠣᠮᠣ ᠤᠯᠤᠰ ᠤᠨ ᠦᠢᠯᠡᠳᠦᠯ ᠢᠶᠠᠨ ᠪᠠᠳᠠᠷᠠᠭᠤᠯᠵᠤ᠂ ᠬᠥᠭᠵᠢᠵᠦ ᠪᠠᠶᠢᠭ᠎ᠠ | ᠤᠯᠤᠰ ᠤᠨ ᠠᠰᠢᠭ ᠲᠤᠰᠠ ᠶᠢ ᠡᠷᠡᠰ ᠬᠠᠮᠠᠭᠠᠯᠠᠪᠠ᠂ ᠲᠠᠢ ᠤᠯᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ | ᠠᠷᠭᠠᠴᠠᠭᠠᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | | | | | |