| | ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ 2 ᠰᠠᠷ᠎ᠠ ᠶᠢᠨ 7 ᠤ ᠦᠳᠡ ᠶᠢᠨ | ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠤ ᠲᠠᠢ ᠶᠠᠩ ᠳ᠋ᠣᠣ ᠵᠣᠴᠢᠳ ᠤᠨ ᠪᠠᠭᠤᠳᠠᠯ ᠳᠤ | ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ | ᠶᠣᠰᠣᠯᠠᠯ ᠳᠤ ᠣᠷᠤᠯᠴᠠᠬᠤ ᠪᠠᠷ ᠢᠷᠡᠭᠰᠡᠨ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠲᠠᠢ | ᠠᠭᠤᠯᠵᠠᠪᠠ᠃ | ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠲᠤᠷᠰᠢ ᠳᠤᠮᠳᠠᠳᠤ ᠺᠤᠷᠢᠶᠠ ᠶᠢᠨ ᠬᠠᠷᠢᠯᠴᠠᠭ᠎ᠠ | ᠲᠠᠰᠤᠷᠠᠯᠲᠠ ᠦᠭᠡᠢ ᠬᠥᠭᠵᠢᠵᠦ᠂ ᠬᠤᠶᠠᠷ ᠤᠯᠤᠰ ᠤᠨ ᠬᠠᠮᠲᠤᠷᠠᠯᠴᠠᠭ᠎ᠠ ᠶᠢ ᠠᠬᠢᠭᠤᠯᠤᠭᠰᠠᠨ ᠪᠥᠭᠡᠳ ᠭᠠᠵᠠᠷ ᠣᠷᠣᠨ ᠤ | ᠡᠩᠬᠡ ᠲᠠᠶᠢᠪᠤᠩ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠠᠴᠠ ᠺᠤᠷᠢᠶᠠ ᠳᠤ ᠠᠪᠬᠤ | ᠲᠥᠷᠥ ᠶᠢᠨ ᠪᠣᠳᠣᠯᠭ᠎ᠠ ᠪᠣᠯ ᠲᠣᠭᠲᠠᠭᠤᠨ ᠶᠤᠮ᠃ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠠᠬᠢ | ᠲᠣᠬᠲᠠᠭᠠᠯᠳᠤ ᠪᠤᠰᠤ ᠴᠢᠨᠠᠷ ᠨᠡᠮᠡᠭᠳᠡᠵᠦ᠂ ᠳᠤᠮᠳᠠᠳᠤ ᠺᠤᠷᠢᠶᠠ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ ᠳᠤᠮᠳᠠᠳᠤ | ᠺᠤᠷᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠪᠡᠯ | ᠵᠣᠬᠢᠨ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ | 80 ᠵᠢᠯ ᠤᠨ ᠤᠢ ᠪᠠ ᠺᠤᠷᠢᠶᠠ ᠶᠢᠨ ᠶᠠᠫᠤᠨ ᠤ ᠡᠵᠡᠷᠬᠡᠭᠯᠡᠯ ᠠᠴᠠ ᠰᠠᠯᠤᠭᠰᠠᠨ 80 ᠵᠢᠯ ᠤᠨ ᠤᠢ ᠪᠠᠶᠢᠵᠤ᠂ ᠬᠤᠶᠠᠷ | ᠲᠠᠯ᠎ᠠ ᠪᠠᠷ ᠢᠶᠠᠨ ᠳᠤᠷᠠᠰᠬᠠᠬᠤ ᠠᠵᠢᠯᠯᠠᠭ᠎ᠠ ᠪᠠᠨ ᠰᠠᠶᠢᠲᠤᠷ ᠭᠢᠶ᠎ᠠ᠃ ᠬᠠᠷᠢᠯᠴᠠᠨ ᠠᠭᠤᠰᠤᠯᠴᠠᠬᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ | ᠠᠷᠠᠳ ᠲᠦᠮᠡᠨ ᠤ ᠬᠠᠮᠲᠤ ᠶᠢᠨ ᠠᠰᠢᠭ ᠲᠤᠰᠠ ᠲᠠᠢ ᠨᠡᠶᠢᠴᠡᠨ᠎ᠡ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠨᠡᠮᠡᠭᠳᠡᠭᠦᠯᠵᠦ᠂ ᠠᠷᠠᠳ ᠲᠦᠮᠡᠨ ᠤ ᠬᠤᠭᠤᠷᠣᠨᠳᠣᠭᠢ ᠨᠥᠭᠦᠷᠰᠡᠭ ᠬᠠᠶᠢᠷ᠎ᠠ ᠰᠡᠳᠬᠢᠯᠭᠡ ᠪᠠᠨ ᠴᠢᠩᠭᠠᠳᠬᠠᠶ᠎ᠠ᠃ ᠬᠤᠶᠠᠷ | ᠲᠠᠯ᠎ᠠ ᠪᠠᠷ ᠢᠶᠠᠨ ᠡᠨᠡ ᠵᠢᠯ᠂ ᠢᠷᠡᠬᠦ ᠵᠢᠯ ᠳᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ ᠲᠤᠰ | ᠲᠤᠰ ᠡᠷᠬᠢᠯᠡᠬᠦ ᠶᠢ ᠬᠠᠷᠢᠯᠴᠠᠨ ᠲᠡᠮᠵᠢᠶ᠎ᠡ ᠭᠡᠵᠦ ᠵᠢᠭᠠᠵᠤ ᠭᠠᠷᠭᠠᠪᠠ᠃ | ᠢᠦᠢ ᠶᠤᠸᠠᠨ ᡁᠢ᠂ ᠺᠤᠷᠢᠶᠠ ᠳᠤᠮᠳᠠᠳᠤ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠲᠤᠰ ᠲᠤᠰ ᠤᠨ | ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠤᠯᠤᠰ ᠯᠤᠭ᠎ᠠ ᠨᠦᠭᠦᠷᠰᠡᠭ ᠪᠠᠶᠢᠬᠤ ᠪᠣᠯ ᠺᠤᠷᠢᠶᠠ ᠶᠢᠨ | ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠭᠤᠣᠯᠳᠠᠯᠭ᠎ᠠ ᠶᠢᠨ ᠨᠢᠭᠡ ᠪᠣᠯᠣᠨ᠎ᠠ᠂ ᠡᠨᠡ ᠲᠠᠯ᠎ᠠ ᠪᠠᠷ ᠬᠤᠪᠢᠷᠠᠬᠤ | ᠦᠭᠡᠢ ᠶᠤᠮ᠃ ᠺᠤᠷᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠴᠢᠷᠮᠠᠶᠢᠵᠤ᠂ ᠺᠤᠷᠢᠶᠠ ᠳᠤᠮᠳᠠᠳᠤ ᠶᠢᠨ | ᠬᠠᠷᠢᠯᠴᠠᠭ᠎ᠠ ᠶᠢᠨ ᠰᠢᠨ᠎ᠡ ᠨᠢᠭᠡ ᠵᠢᠯ ᠳᠤ ᠲᠠᠭᠢᠨ ᠨᠢᠭᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠬᠤᠶᠠᠷ ᠤᠯᠤᠰ ᠢᠶᠠᠷ ᠢᠶᠠᠨ | ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠬᠤ ᠶᠢ ᠬᠦᠰᠡᠵᠦ ᠪᠠᠶᠢᠨ᠎ᠠ᠃ ᠬᠥᠮᠥᠰ ᠤᠨ ᠶᠠᠪᠤᠯᠴᠠᠭ᠎ᠠ ᠶᠢ | ᠥᠷᠭᠡᠳᠬᠡᠵᠦ᠂ ᠨᠥᠬᠦᠷᠯᠡᠯ ᠢᠶᠠᠨ ᠵᠤᠵᠠᠭᠠᠳᠬᠠᠶ᠎ᠠ᠃ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠣᠭᠰᠠᠨ | 80 ᠵᠢᠯ ᠤᠨ ᠤᠢ ᠶᠢ ᠬᠠᠮᠲᠤ ᠪᠠᠷ ᠳᠤᠷᠠᠰᠬᠠᠵᠤ᠂ ᠡᠨᠡ ᠵᠢᠯ᠂ ᠢᠷᠡᠬᠦ ᠵᠢᠯ ᠤᠨ ᠠᠽᠢᠶ᠎ᠠ ᠲᠢᠪ ᠨᠣᠮᠣᠬᠠᠨ ᠲᠠᠯᠠᠢ ᠶᠢᠨ | ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ | ᠶᠣᠰᠣᠨ ᠤ ᠪᠤᠰᠤ ᠬᠤᠷᠠᠯ ᠢ ᠰᠠᠶᠢᠲᠤᠷ ᠡᠷᠭᠢᠯᠡᠭᠦ ᠶᠢ ᠬᠠᠷᠢᠯᠴᠠᠨ ᠲᠡᠮᠵᠢᠶ᠎ᠡ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | | |