| | | ︵2025 ᠣᠨ ᠤ 2 ᠰᠠᠷ᠎ᠠ ᠶᠢᠨ 7 ᠤ ᠡᠳᠦᠷ᠂ ᠬᠠᠷᠪᠢᠨ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ | ᠫᠢᠩ | ᠬᠦᠨᠳᠦᠲᠦ ᠬᠠᠮᠲᠤ ᠠᠵᠢᠯᠯᠠᠭᠰᠠᠳ ᠠ᠋᠂ | ᠬᠦᠨᠳᠦᠲᠦ ᠲᠡᠷᠢᠭᠦᠯᠡᠭᠴᠢ ᠪᠠᠾᠧ᠂ ᠳᠡᠳ᠋ ᠲᠡᠷᠢᠭᠦᠯᠡᠭᠴᠢ ᠾᠥᠸᠧ ᠵᠧᠨ ᠲᠢᠩ᠂ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄ | ᠳᠤᠮᠳᠠᠳᠤ ᠤᠯᠤᠰ ᠤᠨ ᠠᠷᠠᠳ ᠲᠦᠮᠡᠨ ᠴᠠᠭᠠᠨ ᠰᠠᠷ᠎ᠠ ᠪᠠᠨ ᠪᠠᠶᠠᠷᠯᠠᠨ ᠪᠡᠯᠭᠡᠯᠡᠵᠦ ᠪᠠᠶᠢᠭ᠎ᠠ ᠲᠠᠰᠢᠷᠠᠮ ᠳᠤ᠂ ᠪᠢ | ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ | ᠲᠡᠷᠡᠴᠢᠯᠡᠨ ᠮᠢᠨᠤ ᠪᠡᠶ᠎ᠡ ᠪᠣᠯᠣᠨ ᠮᠢᠨᠤ ᠬᠠᠳᠤᠨ ᠤ ᠨᠡᠷ᠎ᠡ ᠪᠠᠷ᠂ ᠬᠦᠷᠦᠯᠴᠡᠨ ᠢᠷᠡᠭᠰᠡᠨ ᠵᠣᠴᠢᠳ ᠢ ᠬᠠᠯᠠᠭᠤᠨ ᠢᠶᠠᠷ | ᠤᠭᠲᠤᠵᠤ ᠪᠠᠶᠢᠬᠤ ᠪᠠᠨ ᠢᠯᠡᠳᠬᠡᠶ᠎ᠡ︕ ᠣᠯᠠᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠦᠶ᠎ᠡ︕ | ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠷᠢᠭᠤᠨ | ᠭᠠᠯ ᠢ ᠡᠨᠡ ᠣᠷᠣᠢ ᠠᠰᠠᠭᠠᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ | ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠭᠦᠷᠳᠡᠯ᠎ᠠ᠂ ᠳᠤᠮᠳᠠᠳᠤ ᠤᠯᠤᠰ ᠤᠨ | ︽ᠮᠥᠰᠥ ᠴᠠᠰᠤᠨ ᠤ ᠬᠠᠯᠠᠮᠰᠢᠯ︾ ᠪᠦᠭᠦ ᠤᠯᠤᠰ ᠲᠤ ᠲᠠᠷᠬᠠᠵᠤ᠂ ᠳᠡᠯᠡᠬᠡᠢ ᠶᠢᠨ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠳᠤ ᠴᠤ ᠠᠮᠢᠵᠢᠷᠠᠯ ᠤᠨ ᠬᠦᠴᠦᠨ ᠨᠡᠮᠡᠷᠢᠯᠡᠪᠡ᠃ ᠲᠤᠰ ᠬᠤᠭᠤᠴᠠᠭᠠᠨ ᠤ ᠤᠷᠤᠯᠳᠤᠭᠠᠨ ᠳᠤ ᠣᠷᠤᠯᠴᠠᠬᠤ | ᠤᠯᠤᠰ ᠪᠠ ᠭᠠᠵᠠᠷ ᠣᠷᠣᠨ ᠤ ᠲᠤᠭ᠎ᠠ᠂ ᠲᠠᠮᠢᠷᠴᠢᠳ ᠤᠨ ᠲᠤᠭ᠎ᠠ ᠴᠥᠮ ᠠᠽᠢᠶ᠎ᠠ ᠲᠢᠪ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠠᠽᠢᠶ᠎ᠠ ᠲᠢᠪ ᠤᠨ ᠣᠯᠢᠮᠫᠢᠺ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠪᠣᠯᠣᠨ ᠡᠯ᠎ᠡ ᠤᠯᠤᠰ ᠡᠯ᠎ᠡ ᠭᠠᠵᠠᠷ ᠣᠷᠣᠨ ᠤ | ᠲᠥᠯᠥᠭᠡᠯᠡᠭᠴᠢᠳ ᠤᠨ ᠪᠦᠯᠭᠦᠮ ᠤᠨ ᠬᠠᠮᠲᠤ ᠶᠢᠨ ᠴᠢᠷᠮᠠᠶᠢᠯᠭ᠎ᠠ ᠪᠠᠷ᠂ ᠬᠠᠷᠪᠢᠨ ᠳᠡᠯᠡᠬᠡᠢ ᠳ᠋ᠠᠬᠢᠨ ᠳᠤ ᠨᠢᠭᠡ ᠬᠤᠭᠤᠴᠠᠭᠠᠨ ᠤ | ︽ᠳᠤᠮᠳᠠᠳᠤ ᠤᠯᠤᠰ ᠤᠨ ᠣᠨᠴᠠᠯᠢᠭ ᠲᠠᠢ᠂ ᠠᠽᠢᠶ᠎ᠠ ᠲᠢᠪ ᠤᠨ ᠬᠡᠪ ᠨᠠᠮᠪᠠ ᠲᠠᠢ᠂ ᠭᠤᠶᠢᠳᠠ ᠰᠠᠶᠢᠬᠠᠨ︾ ᠪᠡᠶ᠎ᠡ ᠶᠢᠨ | ᠲᠠᠮᠢᠷ ᠤᠨ ᠦᠪᠡᠳᠡᠭᠰᠢ ᠴᠤᠭᠯᠠᠭᠠᠨ ᠢ ᠦᠵᠡᠭᠦᠯᠵᠦ᠂ ᠮᠥᠰᠥ ᠴᠠᠰᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠢ | ᠢᠲᠡᠭᠡᠵᠦ ᠪᠠᠶᠢᠨ᠎ᠠ᠃ | ᠲᠣᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︽ᠮᠥᠰᠥ ᠴᠠᠰᠤᠨ ᠤ | ᠬᠠᠮᠲᠤ ᠶᠢᠨ ᠬᠦᠰᠡᠯ᠂ ᠠᠽᠢᠶ᠎ᠠ ᠲᠢᠪ ᠤᠨ ᠬᠠᠮᠲᠤ ᠶᠢᠨ ᠰᠡᠳᠬᠢᠯ︾ ᠭᠡᠬᠦ ᠭᠤᠣᠯ ᠰᠡᠳᠦᠪ ᠲᠠᠢ ᠪᠠᠶᠢᠵᠤ᠂ ᠠᠽᠢᠶ᠎ᠠ ᠲᠢᠪ ᠤᠨ | ᠠᠷᠠᠳ ᠲᠦᠮᠡᠨ ᠤ ᠡᠩᠬᠡ ᠲᠠᠶᠢᠪᠤᠩ᠂ ᠬᠥᠭᠵᠢᠯᠲᠡ᠂ ᠨᠥᠬᠦᠷᠯᠡᠯ ᠤᠨ ᠲᠤᠬᠠᠢ ᠬᠠᠮᠲᠤ ᠶᠢᠨ ᠬᠦᠰᠡᠯ ᠡᠷᠡᠮᠡᠯᠵᠡᠯ ᠪᠠ | ᠬᠥᠭᠡᠭᠡᠴᠡᠯᠳᠦᠯ ᠢ ᠠᠴᠢᠶᠠᠯᠠᠪᠠ᠃ | ᠪᠢᠳᠡ ᠠᠮᠤᠷ ᠲᠠᠶᠢᠪᠤᠩ ᠡᠶ᠎ᠡ ᠨᠠᠶᠢᠷᠠᠮᠳᠠᠭᠤ ᠬᠠᠮᠲᠤ ᠶᠢᠨ ᠬᠦᠰᠡᠯ ᠵᠡᠭᠦᠳᠦ ᠪᠠᠨ ᠪᠠᠲᠤ ᠰᠠᠬᠢᠶ᠎ᠠ᠃ ᠡᠩᠬᠡ ᠲᠠᠶᠢᠪᠤᠩ | ᠪᠣᠯ ᠮᠥᠰᠥ ᠴᠠᠰᠤ ᠮᠡᠲᠦ ᠠᠷᠢᠭᠤᠨ ᠴᠡᠪᠡᠷ ᠪᠠᠶᠢᠳᠠᠭ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠪᠢᠳᠡ ᠡᠯ᠎ᠡ | ᠲᠦᠷᠦᠯ ᠤᠨ ᠠᠮᠤᠷ ᠲᠦᠪᠰᠢᠨ ᠤ ᠰᠢᠯᠭᠠᠯᠲᠠ ᠶᠢ ᠭᠠᠷ ᠬᠤᠯᠪᠣᠨ ᠠᠷᠭᠠᠴᠠᠭᠠᠵᠤ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠦᠢᠯᠵᠢᠯᠳᠡ ᠳᠤ ᠠᠽᠢᠶ᠎ᠠ ᠲᠢᠪ ᠤᠨ ᠬᠦᠴᠦᠨ ᠴᠢᠳᠠᠯ ᠢᠶᠠᠨ ᠡᠷᠭᠦᠶ᠎ᠡ᠃ | ᠪᠢᠳᠡ ᠴᠡᠴᠡᠭᠯᠡᠨ ᠬᠥᠭᠵᠢᠬᠦ ᠬᠠᠮᠲᠤ ᠶᠢᠨ ᠬᠥᠭᠡᠭᠡᠴᠡᠯᠳᠦᠯ ᠢ ᠪᠠᠷᠢᠮᠲᠠᠯᠠᠶ᠎ᠠ᠃ ᠮᠥᠰᠥ ᠴᠠᠰᠤᠨ ᠤ ᠬᠥᠳᠡᠯᠭᠡᠭᠡᠨ ᠤ | ᠲᠠᠲᠠᠬᠤ ᠬᠦᠴᠦᠨ ᠤ ᠵᠠᠩᠭᠢᠯᠠᠭ᠎ᠠ ᠨᠢ ᠤᠷᠮᠠᠰ ᠰᠡᠳᠬᠢᠯᠭᠡ ᠪᠠ ᠬᠠᠮᠵᠢᠯᠴᠠᠭ᠎ᠠ ᠳᠤ ᠪᠠᠶᠢᠨ᠎ᠠ᠃ ᠪᠢᠳᠡ ᠭᠠᠷ ᠬᠤᠯᠪᠣᠯᠴᠠᠨ | ᠬᠠᠮᠲᠤ ᠪᠠᠷ ᠤᠷᠤᠭᠰᠢᠯᠠᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠵᠢᠯᠲᠡ ᠳᠤ ᠰᠢᠷᠭᠢᠰᠢ ᠦᠭᠡᠢ ᠬᠥᠳᠡᠯᠭᠡᠬᠦ ᠬᠦᠴᠦᠨ ᠨᠡᠮᠡᠷᠢᠯᠡᠶ᠎ᠡ᠃ | ᠪᠢᠳᠠ ᠬᠠᠷᠢᠯᠴᠠᠨ ᠡᠯᠢᠭᠡᠰᠡᠭ ᠳᠣᠲᠣᠨᠣ ᠬᠠᠮᠲᠤ ᠶᠢᠨ ᠬᠦᠰᠡᠯ ᠢ ᠪᠡᠶᠡᠯᠡᠭᠦᠯᠦᠶ᠎ᠡ᠃ ᠪᠤᠳᠠᠷᠠᠨ ᠪᠠᠭᠤᠬᠤ ᠴᠠᠰᠤᠨ | ᠯᠠᠪᠰᠠ ᠮᠢᠩᠭᠠᠨ ᠳᠦᠷᠰᠦ ᠵᠠᠭᠤᠨ ᠭᠡᠯᠪᠡᠷᠢ ᠲᠠᠢ᠂ ᠠᠳᠠᠯᠢ ᠪᠤᠰᠤ ᠪᠣᠯᠪᠠᠰᠤᠨ ᠴᠤ ᠥᠪᠡᠷ ᠥᠪᠡᠷ ᠤᠨ ᠬᠡᠪ ᠨᠠᠮᠪᠠ ᠲᠠᠢ᠃ | ᠠᠽᠢᠶ᠎ᠠ ᠲᠢᠪ ᠪᠣᠯ ᠳᠡᠯᠡᠬᠡᠢ ᠶᠢᠨ ᠲᠠᠩᠰᠤᠭ ᠰᠠᠶᠢᠬᠠᠨ ᠪᠣᠯᠪᠠᠰᠤᠨ ᠤ ᠨᠡᠶᠢᠯᠡᠯ ᠭᠠᠵᠠᠷ ᠮᠥᠨ᠂ ᠪᠢᠳᠡ ᠥᠷᠥᠭᠡᠯ ᠢ ᠪᠠᠨ | ᠬᠠᠷᠢᠯᠴᠠᠨ ᠪᠠᠭᠲᠠᠭᠠᠵᠤ ᠬᠠᠮᠲᠤ ᠪᠠᠷ ᠣᠷᠣᠰᠢᠬᠤ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠬᠤ ᠶᠢ ᠠᠬᠢᠭᠤᠯᠵᠤ᠂ | ᠬᠥᠮᠥᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠬᠠᠷᠪᠢᠨ ᠪᠣᠯ ᠳᠤᠮᠳᠠᠳᠤ ᠤᠯᠤᠰ ᠤᠨ ᠠᠯᠳᠠᠷᠲᠤ ︽ᠮᠥᠰᠥᠨ ᠬᠤᠲᠠ︾ ᠪᠠᠶᠢᠵᠤ᠂ ᠳᠤᠮᠳᠠᠳᠤ ᠤᠯᠤᠰ ᠤᠨ ᠣᠳᠣ | ᠦᠶ᠎ᠡ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠡᠭᠦᠰᠦᠯ ᠤᠨ ᠭᠠᠵᠠᠷ ᠪᠣᠯᠣᠨ᠎ᠠ᠃ ᠬᠠᠷᠪᠢᠨ ᠳᠤ ᠢᠷᠡᠭᠡᠳ᠂ | ᠪᠢᠳᠡ ︽ᠮᠥᠰᠥᠲᠦ ᠭᠠᠵᠠᠷ ᠴᠠᠰᠤᠲᠤ ᠲᠠᠯ᠎ᠠ ᠴᠤ ᠠᠯᠲᠠᠨ ᠠᠭᠤᠯᠠ ᠮᠥᠩᠭᠦᠨ ᠬᠠᠶᠢᠷᠬᠠᠨ ᠮᠥᠨ︾ ᠭᠡᠳᠡᠭ ᠢ ᠦᠨᠡᠨ ᠬᠦ | ᠮᠡᠳᠡᠷᠡᠵᠦ᠂ ᠮᠥᠰᠥ ᠴᠠᠰᠤᠨ ᠤ ᠰᠣᠶᠣᠯ ᠪᠣᠯᠣᠨ ᠮᠥᠰᠥ ᠴᠠᠰᠤᠨ ᠤ ᠠᠵᠤ ᠠᠬᠤᠢ ᠶᠠᠭ ᠬᠠᠷᠪᠢᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠣᠨ ᠭᠠᠳᠠᠭᠠᠳᠤ ᠨᠡᠭᠡᠭᠡᠯᠲᠡ ᠶᠢᠨ ᠰᠢᠨ᠎ᠡ ᠬᠤᠯᠪᠣᠭᠠᠰᠤ ᠪᠣᠯᠵᠤ ᠪᠠᠶᠢᠨ᠎ᠠ᠃ | ᠤᠯᠠᠨ ᠢᠶᠠᠷ ᠢᠶᠠᠨ ᠡᠨᠡ ᠬᠦ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠨᠡᠭᠡᠭᠡᠯᠲᠡᠲᠡᠢ ᠪᠠᠭᠲᠠᠭᠠᠮᠵᠢᠲᠠᠢ ᠬᠠᠷ᠎ᠠ ᠬᠥᠷᠥᠰᠥᠲᠦ | ᠨᠤᠲᠤᠭ ᠢᠶᠠᠷ ᠵᠢᠭᠤᠯᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠ ᠮᠥᠷ ᠢ ᠡᠷᠢᠯᠬᠢᠯᠡᠬᠦ ᠶᠢ | ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠤᠯᠤᠰ ᠰᠠᠶ᠋ᠢᠬᠠᠨ ᠪᠢᠯᠢᠭ ᠤᠨ ᠤᠯᠠᠷᠢᠯ ᠤᠨ ᠮᠣᠭᠠᠢ ᠵᠢᠯ ᠢᠶᠠᠨ ᠤᠭᠲᠤᠨ ᠠᠪᠤᠯ᠎ᠠ᠃ ᠮᠣᠭᠠᠢ ᠨᠢ | ᠳᠤᠮᠳᠠᠳᠤ ᠤᠯᠤᠰ ᠤᠨ ᠤᠯᠠᠮᠵᠢᠯᠠᠯᠲᠤ ᠠᠷᠪᠠᠨ ᠬᠤᠶᠠᠷ ᠵᠢᠯ ᠤᠨ ᠳᠣᠲᠣᠷ᠎ᠠ ᠣᠶᠤᠨ ᠤᠬᠠᠭᠠᠨ ᠪᠠ ᠬᠤᠷᠴᠠ ᠰᠡᠷᠭᠡᠭ ᠢ | ᠪᠡᠯᠭᠡᠳᠡᠵᠦ᠂ ᠮᠣᠭᠠᠢ ᠵᠢᠯ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠤᠯᠬᠤ ᠨᠢ ᠯᠠᠪᠲᠠᠢ᠃ ᠲᠠᠮᠢᠷᠴᠢᠳ ᠤᠨ ᠤᠷᠤᠯᠳᠤᠭᠠᠨ ᠤ | ᠲᠠᠯᠠᠪᠤᠷ ᠲᠤ ᠬᠤᠷᠴᠠ ᠱᠠᠯᠠᠮᠠᠭᠠᠢ ᠪᠠᠶᠢᠵᠤ᠂ ᠰᠢᠯᠢᠳᠡᠭ ᠬᠢᠷᠢ ᠪᠦᠲᠦᠮᠵᠢ ᠶᠢ ᠵᠣᠷᠢᠭᠲᠠᠢ ᠪᠠᠷ ᠡᠭᠦᠳᠬᠦ ᠶᠢ ᠵᠥᠩᠨᠡᠵᠦ᠂ ᠪᠠᠰᠠ | ᠣᠯᠠᠨ ᠤ ᠠᠳᠡ ᠮᠠᠷᠲᠠᠭᠳᠠᠰᠢ ᠦᠭᠡᠢ ᠰᠠᠶᠢᠨ ᠰᠠᠶᠢᠬᠠᠨ ᠮᠥᠰᠥ ᠴᠠᠰᠤᠨ ᠤ ᠳᠤᠷᠠᠰᠤᠮᠵᠢ ᠦᠯᠡᠳᠡᠭᠡᠬᠦ ᠶᠢ ᠵᠥᠩᠨᠡᠵᠦ | ᠪᠠᠶᠢᠨ᠎ᠠ᠃ | ᠲᠤᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ | ᠣᠯᠬᠤ ᠶᠢᠨ ᠲᠥᠯᠥᠭᠡ᠂ | ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠨᠢᠭᠦᠨ ᠬᠥᠭᠵᠢᠯᠲᠡ ᠶᠢᠨ ᠲᠥᠯᠥᠭᠡ᠂ | ᠠᠽᠢᠶ᠎ᠠ ᠲᠢᠪ ᠤᠨ ᠠᠷᠠᠳ ᠲᠦᠮᠡᠨ ᠤ ᠪᠦᠯᠬᠦᠮᠳᠡᠯ ᠪᠠ ᠨᠥᠬᠦᠷᠯᠡᠯ ᠤᠨ ᠲᠥᠯᠥᠭᠡ᠂ | ᠡᠷᠬᠢᠮ ᠵᠣᠴᠢᠳ ᠪᠣᠯᠣᠨ ᠲᠠ ᠨᠠᠷ ᠤᠨ ᠭᠡᠷ ᠤᠨ ᠬᠥᠮᠥᠰ ᠤᠨ ᠡᠷᠡᠭᠦᠯ ᠮᠡᠨᠳᠦ ᠶᠢᠨ ᠲᠥᠯᠥᠭᠡ᠂ ᠤᠯᠠᠨ ᠢᠶᠠᠷ ᠢᠶᠠᠨ | ᠬᠤᠨᠳᠠᠭ᠎ᠠ ᠪᠠᠨ ᠡᠷᠭᠦᠵᠡᠭᠡᠶ᠎ᠡ︕ | | | | | |