ᠪᠠᠶᠠᠨᠲᠠᠯ᠎ᠠ ᠭᠠᠴᠠᠭ᠎ᠠ᠄ ᠴᠠᠬᠢᠯᠭᠠᠨ ᠲᠣᠤᠷ ᠨᠡᠪᠳᠡᠷᠡᠭᠦᠯᠵᠤ  ᠮᠠᠯᠴᠢᠳ ᠤᠨ ᠠᠮᠢᠳᠤᠷᠠᠯ ᠢ ᠭᠡᠷᠡᠯᠳᠦᠭᠦᠯᠪᠡ
ᠨᠡᠶᠢᠲᠡᠯᠡᠭᠰᠡᠨ ᠴᠠᠭ᠄
2025/2/14
    ᠣᠶᠢᠷ᠎ᠠ ᠳᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠬᠢᠨ ᠴᠢᠷᠮᠠᠶᠢᠵᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠪᠠᠶᠠᠨᠲᠠᠯ᠎ᠠ ᠭᠠᠴᠠᠭᠠᠨ ᠤ 19 ᠡᠷᠦᠬᠡ ᠮᠠᠯᠴᠢᠨ ᠠᠶᠢᠯ ᠤᠨ ᠴᠠᠬᠢᠯᠭᠠᠨ ᠲᠣᠤᠷ ᠢ ᠵᠢᠩᠬᠢᠨᠢ ᠪᠠᠷ ᠨᠡᠪᠲᠡᠷᠡᠭᠦᠯᠵᠦ᠂ ᠮᠠᠯᠴᠢᠨ ᠲᠦᠮᠡᠨ ᠤ ᠠᠮᠢᠳᠤᠷᠠᠯ ᠢ ᠭᠡᠷᠡᠯᠲᠦᠭᠦᠯᠵᠡᠶ᠃
   ᠪᠠᠶᠠᠨᠲᠠᠯ᠎ᠠ ᠭᠠᠴᠠᠭᠠᠨ ᠤ ᠮᠠᠯᠴᠢᠳ ᠤᠨ ᠰᠠᠭᠤᠷᠢᠰᠢᠯ ᠲᠠᠷᠠᠬᠠᠢ ᠪᠤᠳᠠᠷᠬᠠᠢ᠂ ᠵᠠᠮ ᠬᠠᠷᠢᠯᠴᠠᠭ᠎ᠠ ᠳᠥᠭᠦᠮ ᠦᠭᠡᠢ ᠂ ᠤᠯᠠᠨ ᠵᠢᠯ ᠤᠨ ᠲᠤᠷᠰᠢ ᠭᠡᠷᠡᠯᠲᠦᠭᠦᠯᠭᠡ ᠵᠢᠴᠢ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠨᠢ ᠭᠤᠣᠯᠳᠠᠭᠤ ︽ᠨᠠᠷᠠᠨ ᠤ ᠡᠨᠧᠷᠭᠢ ᠰᠠᠯᠬᠢᠨ ᠡᠨᠧᠷᠭᠢ ᠶᠢ ᠬᠠᠷᠢᠯᠴᠠᠨ ᠨᠥᠬᠦᠪᠥᠷᠢᠯᠡᠬᠦ︾ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠳᠤ ᠲᠦᠰᠢᠭᠯᠡᠵᠦ ᠪᠠᠶᠢᠪᠠ᠃ ᠭᠠᠴᠠᠭᠠᠨ ᠤ ᠮᠠᠯᠴᠢᠳ ᠲᠤ ᠨᠠᠶᠢᠳᠠᠪᠤᠷᠢᠲᠠᠶ ᠪᠥᠭᠡᠳ ᠲᠣᠭᠲᠠᠭᠤᠨ ᠴᠠᠬᠢᠯᠭᠠᠨ ᠢ ᠬᠠᠩᠭᠠᠵᠤ᠂ ᠭᠠᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠴᠠᠬᠢᠯᠭᠠᠨ ᠬᠡᠷᠡᠭᠯᠡᠬᠦ ᠬᠡᠮᠵᠢᠶᠡᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 2024 ᠣᠨ ᠤ ᠳᠣᠤᠷ᠎ᠠ ᠬᠠᠭᠠᠰ ᠵᠢᠯ ᠳᠤ᠂ ᠪᠠᠶᠠᠨᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠪᠠᠶᠠᠨᠲᠠᠯ᠎ᠠ ᠭᠠᠴᠠᠭ᠎ᠠ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠴᠠᠬᠢᠯᠭᠠᠨ ᠲᠣᠤᠷ ᠲᠠᠢ ᠨᠠᠶᠢᠯᠡᠭᠦᠯᠬᠦ ᠲᠥᠷᠥᠯ ᠵᠦᠢᠯ ᠤᠨ ᠬᠡᠷᠡᠭᠵᠢᠭᠦᠯᠦᠯᠲᠡ ᠶᠢ ᠢᠳᠡᠪᠬᠢᠲᠡᠶ ᠠᠬᠢᠭᠤᠯᠪᠠ᠃    ᠲᠥᠷᠥᠯ ᠵᠦᠢᠯ ᠢ ᠡᠬᠢᠯᠡᠭᠦᠯᠦᠭᠰᠡᠨ ᠤ ᠳᠠᠷᠠᠭ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠪᠠᠶᠠᠨᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠭᠠᠴᠠᠭᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠴᠠᠬᠢᠯᠭᠠᠨ ᠬᠡᠷᠡᠭᠯᠡᠭᠰᠡᠨ ᠪᠠᠶᠢᠳᠠᠯ ᠢ ᠤᠶᠢᠯᠠᠭᠠᠨ ᠵᠢᠭᠰᠠᠭᠠᠵᠤ᠂ ᠲᠥᠰᠦᠯ ᠢᠶᠠᠨ ᠨᠠᠷᠢᠨ ᠨᠢᠮᠪᠠᠶ ᠲᠣᠭᠲᠠᠭᠠᠨ᠂ ᠲᠤᠰᠬᠠᠶ ᠮᠡᠷᠭᠡᠵᠢᠯ ᠤᠨ ᠪᠦᠯᠬᠦᠮ ᠪᠠᠶᠢᠭᠤᠯᠵᠤ᠂ ᠭᠠᠵᠠᠷ ᠰᠢᠨᠵᠢᠯᠡᠭᠡᠨ ᠤ ᠪᠤᠳᠤᠯᠢᠶᠠᠨᠲᠠᠶ᠂ ᠵᠠᠮ ᠬᠠᠷᠢᠯᠴᠠᠭ᠎ᠠ ᠳᠥᠭᠦᠮ ᠦᠭᠡᠢ ᠵᠡᠷᠭᠡ ᠬᠦᠴᠢᠷᠳᠡᠯ ᠢ ᠢᠯᠠᠨ ᠳᠠᠪᠠᠵᠤ᠂ ᠲᠥᠷᠥᠯ ᠵᠦᠢᠯ ᠢ ᠬᠤᠭᠤᠴᠠᠭ᠎ᠠ ᠶᠣᠰᠣᠭᠠᠷ ᠳᠠᠭᠤᠰᠬᠠᠬᠤ ᠶᠢ ᠪᠠᠲᠤᠯᠠᠪᠠ᠃    ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠠᠱᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠠᠭᠠᠭᠠᠮᠠᠯ ᠬᠤᠤ ᠺᠠᠶ ᠵᠢᠶᠦ᠋ᠨ ᠬᠡᠯᠡᠬᠦ ᠳᠡᠭᠡᠨ᠂ ᠲᠣᠰ ᠢᠨᠵᠧᠨᠧᠷᠢᠩ ᠨᠢ ᠨᠡᠶᠢᠲᠡ 400 ᠲᠦᠮᠡᠨ ᠲᠥᠭᠦᠷᠢᠭ ᠤᠨ ᠪᠠᠯᠠ ᠣᠷᠣᠭᠤᠯᠵᠤ᠂ 10 ᠺᠢᠯᠣᠸᠠᠲ ᠤᠨ ᠠᠭᠠᠷ ᠲᠤ ᠲᠠᠲᠠᠭᠰᠠᠨ ᠴᠠᠬᠢᠯᠭᠠᠨ ᠤᠲᠠᠰᠤ 28.532 ᠺᠢᠯᠣᠮᠧᠲᠷ ᠬᠤᠯᠪᠣᠵᠤ᠂ 18 ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ ᠤᠭᠰᠠᠷᠠᠵᠤ᠂ ᠪᠠᠶᠠᠨᠲᠠᠯ᠎ᠠ ᠭᠠᠴᠠᠭᠠᠨ ᠤ 19 ᠮᠠᠯᠴᠢᠨ ᠡᠷᠦᠬᠡ ᠳᠤ ᠲᠣᠭᠲᠠᠭᠤᠨ ᠴᠠᠬᠢᠯᠭᠠᠨ ᠬᠦᠴᠦᠨ ᠤ ᠬᠠᠩᠭᠠᠯᠭ᠎ᠠ ᠬᠠᠩᠭᠠᠭᠰᠠᠨ ᠪᠠᠶᠢᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号