| 1 ᠰᠠᠷ᠎ᠠ ᠶᠢᠨ 15 ᠤ ᠡᠳᠦᠷ᠂ ᠠᠯᠠᠱᠠ ᠵᠡᠭᠦᠨ ᠬᠤᠰᠢᠭᠤᠨ ᠤ 2025 ᠣᠨ ᠤ ᠠᠵᠢᠯ ᠠᠴᠠ ᠪᠠᠨ | ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠵᠢᠴᠢ ᠡᠯ᠎ᠡ ᠦᠨᠳᠦᠰᠦᠲᠡᠨ ᠡᠯ᠎ᠡ ᠡᠲᠡᠭᠡᠳ ᠤᠨ | ᠲᠥᠯᠥᠭᠡᠯᠡᠭᠴᠢ ᠴᠠᠭᠠᠨ ᠰᠠᠷ᠎ᠠ ᠪᠠᠨ ᠤᠭᠲᠤᠬᠤ ᠶᠠᠷᠢᠯᠴᠠᠬᠤ ᠬᠤᠷᠠᠯ ᠬᠤᠷᠠᠯᠳᠤᠪᠠ᠃ ᠪᠥᠬᠦ ᠬᠤᠰᠢᠭᠤᠨ ᠤ | ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠪᠣᠯᠤᠨ ᠡᠯ᠎ᠡ | ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ᠴᠠᠭᠠᠨ ᠰᠠᠷ᠎ᠠ ᠶᠢᠨ | ᠪᠠᠶᠠᠷ ᠢ ᠬᠠᠮᠲᠤ ᠪᠠᠷ ᠤᠭᠲᠤᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠶᠠᠷᠢᠯᠴᠠᠵᠤ᠂ ᠰᠠᠶᠢᠨ | ᠰᠠᠶᠢᠬᠠᠨ ᠢᠷᠡᠭᠡᠳᠦᠶ ᠶᠢ ᠬᠠᠮᠲᠤ ᠪᠠᠷ ᠵᠢᠷᠤᠭᠯᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ | ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠬᠤᠷᠠᠯ ᠢ ᠡᠷᠭᠢᠯᠡᠵᠦ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠤᠤ ᠽᠧᠩ ᠬᠠᠶ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠠᠯᠲᠠᠨᠴᠢᠯᠠᠭᠤ ᠬᠤᠷᠠᠯ ᠳᠤ | ᠣᠷᠣᠯᠴᠠᠵᠠᠶ᠃ | ᠬᠤᠷᠠᠯ ᠠᠴᠠ 2024 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ | ᠠᠬᠠᠮᠠᠳ ᠺᠠᠳ᠋ᠷᠴᠤᠳ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠬᠤᠷᠠᠯ ᠳᠤ | ᠣᠷᠣᠯᠴᠠᠭᠰᠠᠨ ᠲᠥᠯᠥᠭᠡᠯᠡᠭᠴᠢᠳ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠥᠩᠭᠡᠷᠡᠭᠰᠡᠨ ᠨᠢᠭᠡ | ᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠭᠦᠢᠴᠡᠳ ᠨᠤᠲᠠᠯᠠᠵᠤ᠂ ᠣᠯᠠᠨ ᠢᠶᠠᠷ ᠢᠶᠠᠨ | ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠲᠥᠷᠥᠭᠳᠡᠯ ᠢᠶᠠᠨ ᠶᠠᠷᠢᠵᠤ᠂ ᠰᠠᠨᠠᠭᠤᠯᠭ᠎ᠠ ᠳᠤᠷᠠᠳᠴᠤ᠂ ᠥᠪᠡᠷ ᠤᠨ | ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠯᠠᠱᠠ ᠵᠡᠭᠦᠨ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠵᠤ᠂ ᠬᠦᠴᠦᠨ ᠴᠢᠳᠠᠯ ᠢᠶᠠᠨ ᠡᠷᠭᠦᠵᠦ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠡᠶ᠎ᠡ ᠨᠠᠶᠢᠷᠲᠠᠶ | ᠪᠠᠶᠢᠵᠤ᠂ ᠰᠡᠳᠬᠢᠯ ᠳᠤᠯᠠᠭᠠᠬᠠᠨ ᠪᠠᠶᠢᠯ᠎ᠠ᠃ | ᠯᠢᠦ ᡁᠢ ᠴᠢᠶᠠᠩ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠬᠤᠷᠠᠯ ᠳᠤ ᠣᠷᠣᠯᠴᠠᠭᠰᠠᠨ | ᠲᠥᠯᠥᠭᠡᠯᠡᠭᠴᠢᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | ᠯᠢᠦ ᡁᠢ ᠴᠢᠶᠠᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠲᠡᠭᠦᠰᠬᠡᠯ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠲᠥᠯᠥᠪᠵᠢᠭᠦᠯᠬᠦ ᠵᠢᠯ ᠮᠥᠨ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠨ᠂ ᠡᠯ᠎ᠡ ᠵᠦᠢᠯ ᠤᠨ ᠠᠵᠢᠯ ᠳᠤ ᠰᠢᠨ᠎ᠡ ᠠᠮᠵᠢᠯᠲᠠ ᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ | ᠤᠯᠠᠨ ᠢᠶᠠᠷ ᠢᠶᠠᠨ ᠦᠵᠡᠯ ᠰᠠᠨᠠᠭᠠᠨ ᠤ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ᠵᠠᠯᠠᠭᠤ ᠺᠠᠳ᠋ᠷ ᠵᠢᠴᠢ ᠡᠯ᠎ᠡ | ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠵᠥᠪ ᠪᠤᠷᠤᠭᠤ ᠶᠢ ᠢᠯᠭᠠᠨ ᠲᠠᠨᠢᠬᠤ᠂ ᠵᠣᠭᠰᠣᠯᠲᠠ ᠪᠠᠨ | ᠪᠠᠲᠤᠳᠬᠠᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠭ ᠤᠨ ᠳᠣᠣᠷ᠎ᠠ ᠭᠠᠷ ᠬᠤᠯᠪᠣᠨ | ᠬᠠᠮᠲᠤᠪᠠᠷ ᠤᠷᠤᠭᠰᠢᠯᠠᠵᠤ᠂ ᠳᠠᠬᠢᠨᠲᠠ ᠰᠢᠯᠢᠳᠡᠭ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ ᠬᠥᠭᠵᠢᠯᠲᠡ ᠶᠢᠨ ᠨᠡᠶᠢᠯᠡᠮᠡᠯ ᠬᠦᠴᠦᠨ ᠢ ᠦᠨᠡᠨᠬᠦ ᠨᠢᠭᠲᠠᠷᠠᠭᠤᠯᠵᠤ᠂ ᠰᠣᠳᠣ ᠮᠡᠷᠭᠡᠨ ᠰᠠᠨᠠᠯ | ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ | ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠢᠲᠡᠭᠡᠯ | ᠵᠣᠷᠢᠭ ᠢᠶᠠᠨ ᠬᠥᠪᠴᠢᠯᠡᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠨ᠎ᠡ᠃ ᠪᠦᠯᠬᠦᠮᠳᠡᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ | ᠦᠷᠭᠦᠯᠵᠢᠯᠡᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠨᠳᠦᠰᠦᠲᠡᠨ ᠨᠦᠭᠦᠳ ᠤᠨ ᠣᠯᠠᠨ | ᠲᠦᠮᠡᠨ ᠲᠠᠢ ᠬᠠᠷᠢᠯᠴᠠᠵᠤ᠂ ᠡᠯ᠎ᠡ ᠡᠲᠡᠭᠡᠳ ᠤᠨ ᠬᠥᠮᠦᠰ ᠲᠠᠢ ᠪᠦᠯᠬᠦᠮᠳᠡᠬᠦ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠪᠠᠳᠠᠷᠠᠭᠤᠯᠤᠨ᠂ ᠨᠠᠮ ᠤᠨ ᠰᠢᠨ᠎ᠡ ᠶᠢ ᠡᠭᠦᠳᠬᠦ ᠣᠨᠣᠯ ᠪᠠ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ︽ᠵᠢᠷᠭᠤᠭᠠᠨ ᠦᠭᠡ ᠶᠢᠨ ᠪᠣᠳᠠᠲᠤ | ᠶᠠᠪᠤᠳᠠᠯ ᠪᠠ ᠶᠣᠰᠣ ᠤᠴᠢᠷ ᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠠᠯᠠᠱᠠ ᠶᠢᠨ ᠦᠨᠳᠦᠰᠦᠲᠡᠨ ᠨᠦᠭᠦᠳ ᠤᠨ | ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠠᠮᠢᠳᠤᠯᠢᠭ ᠥᠯᠢᠭᠡᠷ ᠢ ᠦᠷᠭᠦᠯᠵᠢᠯᠡᠨ | ᠰᠠᠶᠢᠲᠤᠷ ᠶᠠᠷᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠯᠢᠦ ᡁᠢ ᠴᠢᠶᠠᠩ᠂ 2025 ᠣᠨ ᠢ ᠪᠠᠷᠠᠯᠠᠬᠤᠶ᠎ᠠ᠂ ᠪᠢᠳᠡ ᠲᠡᠮᠡᠴᠡᠯ ᠤᠨ ᠡᠷᠴᠢ ᠵᠣᠷᠢᠭ ᠢᠶᠠᠷ | ᠥᠭᠡᠷᠡᠴᠢᠯᠡᠯᠲᠡ ᠶᠢ ᠤᠯᠠᠮ ᠴᠢᠨᠠᠭᠰᠢᠳᠠ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠪᠢᠳᠡ ᠪᠠᠰᠠ ᠥᠩᠭᠡᠷᠡᠭᠰᠡᠨ ᠲᠠᠢ ᠪᠠᠨ ᠠᠳᠠᠯᠢ ᠪᠠᠷ ᠠᠬᠠᠮᠠᠳ ᠺᠠᠳ᠋ᠷ᠂ ᠠᠬᠠᠮᠠᠳ ᠨᠥᠬᠦᠳ ᠢ ᠴᠢᠬᠤᠯᠠᠴᠢᠯᠠᠨ | ᠬᠠᠶᠢᠷᠠᠯᠠᠵᠤ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠬᠠᠯᠠᠮᠵᠢᠯᠠᠨ ᠳᠡᠮᠵᠢᠵᠦ᠂ ᠣᠯᠠᠨ ᠳᠤ ᠰᠡᠳᠬᠢᠯ | ᠨᠢᠭᠡᠲᠡᠶ᠂ ᠲᠥᠪ ᠴᠢᠬᠡᠴᠢ᠂ ᠡᠷᠴᠢ ᠵᠣᠷᠢᠭ ᠲᠡᠭᠦᠯᠳᠡᠷ ᠰᠠᠶᠢᠨ ᠰᠠᠶᠢᠬᠠᠨ ᠠᠭᠤᠷ ᠠᠮᠢᠰᠬᠤᠯ ᠢ ᠦᠷᠭᠦᠯᠵᠢᠯᠡᠨ ᠪᠣᠶ | ᠪᠣᠯᠭᠠᠵᠤ ᠥᠭᠭᠦᠨ᠎ᠡ ᠭᠡᠵᠤ ᠢᠯᠡᠷᠬᠡᠶᠢᠯᠡᠪᠡ᠃ | | |