| ᠣᠯᠠᠨ ᠲᠦᠮᠡᠨ ᠤ ᠠᠮᠤᠷ ᠲᠦᠪᠰᠢᠨ ᠰᠠᠨᠠᠭ᠎ᠠ ᠠᠮᠤᠷ ᠪᠢᠲᠡᠭᠦᠨ ᠤ ᠬᠤᠭᠤᠯᠠ ᠢᠳᠡᠵᠦ ᠳᠡᠶᠢᠯᠬᠦ ᠶᠢ | ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠶ ᠪᠠᠷ ᠬᠥᠳᠡᠯᠦᠯᠴᠡᠵᠦ᠂ ᠲᠣᠮᠣ ᠬᠡᠯᠪᠡᠷᠢ ᠶᠢᠨ ᠢᠳᠡᠭᠡᠨ | ᠤᠮᠳᠠᠭᠠᠨ ᠤ ᠨᠢᠭᠡᠴᠡ ᠳᠤ ᠲᠤᠰᠬᠠᠶ ᠪᠠᠶᠢᠴᠠᠭᠠᠯᠲᠠ ᠬᠢᠵᠤ᠂ ᠲᠥᠪᠯᠡᠷᠡᠭᠦᠯᠦᠨ ᠪᠣᠯᠵᠣᠨ ᠶᠠᠷᠢᠯᠴᠠᠵᠤ᠂ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠭᠤᠤᠯᠳᠠᠭᠤ ᠪᠥᠬᠦ ᠬᠤᠰᠢᠭᠤᠨ ᠤ ︽ᠪᠢᠲᠡᠭᠦᠨ ᠤ ᠬᠤᠭᠤᠯᠠ︾ | ᠶᠢᠨ ᠦᠢᠯᠡᠴᠢᠯᠡᠭᠡ ᠶᠢ ᠭᠥᠯᠢᠶᠡᠨ ᠠᠪᠤᠭᠰᠠᠨ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠡ ᠳᠤ ᠨᠡᠶᠢᠳᠡᠮ | ᠪᠠᠶᠢᠴᠠᠭᠠᠯᠲᠠ ᠬᠢᠪᠡ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠠᠵᠢᠯ ᠡᠷᠭᠢᠯᠡᠭᠰᠡᠳ ᠤᠨ | ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ | ᠵᠢᠴᠢ ᠲᠦᠭᠦᠬᠡᠶ ᠮᠠᠲ᠋ᠧᠷᠢᠶᠠᠯ ᠤᠨ ᠭᠡᠷᠡᠴᠢ ᠪᠠᠷᠢᠮᠲᠠ ᠠᠪᠬᠤ᠂ ᠢᠳᠡᠭᠡᠨ ᠤ ᠶᠠᠩᠵᠤ ᠦᠯᠡᠳᠡᠭᠡᠬᠦ ᠵᠡᠷᠭᠡ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠵᠤ᠂ ᠨᠠᠷᠢᠪᠴᠢᠯᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ ᠰᠢᠮᠳᠠᠭᠤᠯᠵᠤ ᠪᠠᠶᠢᠭᠠᠳ | ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠨᠢᠭᠤᠷᠲᠠᠨ ᠤᠬᠠᠭᠤᠯᠬᠤ ᠠᠵᠢᠯ ᠢ ᠥᠷᠨᠢᠭᠦᠯᠵᠦ᠂ ᠢᠳᠡᠭᠡᠨ | ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠬᠡᠷᠡᠭᠯᠡᠭᠴᠢᠳ ᠲᠤ ᠢᠳᠡᠭᠡᠨ ᠤ | ᠪᠦᠷᠢᠯᠭᠡᠬᠦ ᠶᠢ ᠰᠡᠷᠭᠡᠶᠢᠯᠡᠬᠦ ᠰᠠᠨᠠᠭᠤᠯᠤᠮᠵᠢ ᠶᠢ ᠢᠳᠡᠪᠬᠢᠲᠡᠶ ᠪᠠᠷ ᠬᠠᠩᠭᠠᠵᠤ᠂ ᠬᠡᠷᠡᠭᠯᠡᠭᠴᠢᠳ ᠢ ᠬᠡᠮᠵᠢᠶ᠎ᠡ ᠠᠴᠠ | ᠬᠡᠲᠦᠷᠡᠭᠦᠯᠦᠨ ᠬᠤᠭᠤᠯᠠ ᠵᠠᠬᠢᠶᠠᠯᠠᠬᠤ ᠶᠢ ᠪᠣᠷᠣᠭᠤ ᠪᠠᠷ ᠵᠢᠯᠤᠭᠤᠳᠴᠤ ᠪᠣᠯᠬᠤ ᠦᠭᠡᠢ᠃ | | | | | | | ᠪᠠᠶᠢᠴᠠᠭᠠᠭᠰᠠᠨ ᠰᠠᠭᠤᠷᠢᠨ ᠳᠡᠭᠡᠷ᠎ᠡ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠠᠰᠠ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠡ ᠶᠢᠨ | ᠬᠠᠷᠢᠭᠤᠴᠠᠯᠭᠠᠲᠠᠨ ᠲᠠᠢ ᠲᠥᠪᠯᠡᠷᠡᠭᠦᠯᠦᠨ ᠪᠣᠯᠵᠣᠨ ᠶᠠᠷᠢᠯᠴᠠᠪᠠ᠃ ᠢᠳᠡᠭᠡᠨ ᠤᠮᠳᠠᠭᠠᠨ ᠤ ᠨᠢᠭᠡᠴᠡ ᠶᠢ ᠢᠳᠡᠭᠡᠨ ᠤ | ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠭᠡᠨ ᠤ ᠠᠮᠤᠷ ᠲᠦᠪᠰᠢᠨ ᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ | ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯᠯᠠᠭᠠᠨ ᠤ ᠵᠢᠷᠤᠮᠵᠢᠯ ᠢ ᠴᠢᠩᠭ᠎ᠠ ᠵᠢᠷᠤᠮᠯᠠᠵᠤ᠂ ᠬᠡᠷᠡᠭᠯᠡᠭᠴᠢᠳ ᠲᠤ | ᠠᠮᠤᠷ ᠲᠦᠪᠰᠢᠨ᠂ ᠰᠠᠨᠠᠭ᠎ᠠ ᠠᠮᠤᠷ ᠬᠤᠭᠤᠯᠠ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | | |