| ᠴᠠᠭᠠᠨ ᠰᠠᠷ᠎ᠠ ᠣᠶᠢᠷᠠᠳᠴᠤ᠂ 1 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ | ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ | ᠠᠵᠢᠯᠯᠠᠭ᠎ᠠ ᠥᠷᠨᠢᠭᠦᠯᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ᠠᠮᠢᠳᠤᠷᠠᠯ ᠨᠢ | ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ᠂ ᠴᠠᠭᠠᠨ | ᠰᠠᠷ᠎ᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠳᠤ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠲᠡᠳᠡᠨ ᠳᠤ ᠰᠠᠶᠢᠨ ᠰᠠᠶᠢᠬᠠᠨ ᠴᠠᠭᠠᠨ ᠰᠠᠷ᠎ᠠ ᠶᠢᠨ ᠵᠥᠩᠨᠡᠯ | ᠳᠡᠪᠰᠢᠭᠦᠯᠪᠡ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ ᠯᠢᠦ | ᠯᠸᠢ ᠶᠢᠨ ᠬᠡᠷ ᠲᠤ᠂ ᠯᠢᠦ ᡁᠢ ᠴᠢᠶᠠᠩ ᠣᠷᠣᠨ ᠰᠠᠭᠤᠴᠠ ᠶᠢᠨ ᠣᠷᠴᠢᠨ ᠲᠣᠭᠤᠷᠢᠨ ᠢ ᠨᠠᠷᠢᠨ ᠬᠢᠨᠠᠮᠠᠭᠠᠶ | ᠪᠠᠶᠢᠴᠠᠭᠠᠨ ᠦᠵᠡᠵᠦ᠂ ᠯᠢᠦ ᠯᠧᠢ ᠶᠢᠨ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠬᠡᠷᠡᠭᠴᠡᠭᠡ ᠶᠢ ᠬᠠᠯᠠᠮᠵᠢᠯᠠᠨ | ᠠᠰᠠᠭᠤᠵᠤ᠂ ᠲᠡᠳᠡᠨ ᠤ ᠡᠳᠦᠷ ᠲᠤᠲᠤᠮ ᠤᠨ ᠠᠮᠢᠳᠤᠷᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠨᠠᠷᠢᠨ ᠬᠢᠨᠠᠮᠠᠭᠠᠶ | ᠰᠣᠨᠣᠰᠴᠤ᠂ ᠯᠢᠦ ᠯᠧᠢ ᠶᠢᠨ 70 ᠨᠠᠰᠤᠲᠠᠶ ᠡᠵᠢ ᠶᠢ ᠠᠩᠬᠠᠷᠤᠨ ᠬᠠᠯᠠᠮᠵᠢᠯᠠᠵᠤ᠂ ᠲᠡᠳᠡᠨ ᠤ ᠠᠮᠢᠳᠤᠷᠠᠯ ᠵᠣᠯ | ᠵᠢᠷᠭᠠᠯ ᠲᠠᠢ᠂ ᠤᠯᠠᠮ ᠠᠴᠠ ᠤᠯᠠᠮ ᠰᠠᠶᠢᠵᠢᠷᠠᠬᠤ ᠶᠢ ᠵᠥᠩᠨᠡᠪᠡ᠃ ᠡᠭᠦᠨ ᠤ ᠬᠠᠮᠲᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠳᠤ ᠣᠨᠴᠠᠭᠠᠶ ᠬᠡᠷ ᠪᠦᠯᠢ ᠶᠢᠨ ᠠᠮᠤᠷ ᠲᠦᠪᠰᠢᠨ ᠠᠶᠤᠯ ᠲᠦᠭᠰᠢᠭᠦᠷᠢ ᠶᠢ ᠴᠠᠭ ᠢᠮᠠᠭᠲᠠ | ᠰᠡᠳᠬᠢᠯ ᠳᠡᠭᠡᠨ ᠪᠤᠳᠤᠵᠤ᠂ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠤᠨ᠂ ᠡᠯ᠎ᠡ | ᠵᠦᠢᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ | ᠪᠠᠲᠤᠯᠠᠵᠤ᠂ ᠲᠡᠳᠡᠨ ᠤ ᠠᠮᠢᠳᠤᠷᠠᠯ ᠳᠤᠮᠳᠠᠬᠢ ᠪᠣᠳᠠᠲᠠᠶ ᠬᠦᠴᠢᠷ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ | ᠰᠢᠢᠳᠪᠦᠷᠢᠯᠡᠵᠦ᠂ ᠲᠡᠳᠡᠨ ᠢ ᠰᠠᠨᠠᠭ᠎ᠠ ᠠᠮᠤᠷ᠂ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠶ | ᠭᠡᠵᠦ ᠵᠠᠬᠢᠪᠠ᠃ | ᠵᠡᠮᠳᠡᠭᠴᠦᠳ ᠤᠨ ᠬᠡᠷ ᠪᠦᠯᠢ ᠯᠢ ᠬᠤᠩ ᠰᠢᠶᠠ ᠶᠢᠨ ᠨᠢᠭᠡ ᠭᠡᠷ ᠤᠨ ᠬᠢᠨ ᠢᠳᠡᠰᠢᠨ ᠨᠣᠭᠤᠭ᠎ᠠ ᠳᠠᠷᠢᠬᠤ ᠪᠠ | ᠭᠠᠭ᠋ᠠᠶ ᠲᠡᠵᠢᠭᠡᠨ ᠦᠷᠡᠵᠢᠭᠦᠯᠬᠦ ᠠᠵᠤ ᠦᠢᠯᠡᠰ ᠢ ᠴᠢᠷᠮᠠᠶᠢᠨ ᠬᠥᠭᠵᠢᠭᠦᠯᠵᠦ᠂ ᠯᠢᠦ ᡁᠢ ᠴᠢᠶᠠᠩ ᠲᠠᠳᠠᠨᠠᠷ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠴᠢᠷᠮᠠᠶᠢᠨ ᠲᠡᠮᠡᠴᠡᠬᠦ ᠵᠣᠷᠢᠭ | ᠰᠠᠨᠠᠭ᠎ᠠ ᠶᠢ ᠮᠠᠭᠲᠠᠨ ᠰᠠᠶᠢᠰᠢᠶᠠᠵᠤ᠂ ᠲᠡᠳᠡᠨ ᠤ ᠦᠷᠭᠦᠯᠵᠢᠯᠡᠨ ᠢᠳᠡᠪᠬᠢᠲᠡᠶ ᠪᠠᠶᠠᠰᠤᠩᠭᠤᠶ ᠰᠡᠳᠬᠢᠯᠭᠡ ᠲᠠᠢ ᠪᠠᠶᠢᠵᠤ | ᠂ ᠠᠮᠢᠳᠤᠷᠠᠯ ᠢᠶᠠᠨ ᠶᠠᠪᠤᠬᠤ ᠲᠤᠲᠤᠮ ᠥᠭᠡᠳᠡ ᠡᠰᠡᠷᠡᠭ ᠪᠣᠯᠭᠠᠬᠤ ᠶᠢ ᠵᠣᠷᠢᠭᠵᠢᠭᠤᠯᠪᠠ᠃ ᠡᠭᠦᠨ ᠤ ᠬᠠᠮᠲᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠦᠨᠡᠨᠬᠦ ᠬᠠᠩᠭᠠᠵᠤ᠂ | ᠲᠡᠳᠡᠨ ᠤ ᠵᠣᠯ ᠵᠢᠷᠭᠠᠯᠲᠤ ᠠᠮᠢᠳᠤᠷᠠᠯ ᠢ ᠬᠥᠭᠡᠭᠡᠴᠡᠯᠳᠦᠬᠦ ᠵᠠᠮ ᠳᠡᠭᠡᠷ᠎ᠡ ᠬᠦᠴᠦᠨ ᠨᠡᠮᠡᠷᠢᠯᠡᠬᠦ ᠬᠡᠷᠡᠭᠲᠡᠢ ᠭᠡᠵᠦ | ᠱᠠᠭᠠᠷᠳᠠᠪᠠ᠃ | ᠯᠢᠦ ᡁᠢ ᠴᠢᠶᠠᠩ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠂ | ᠠᠬᠠᠮᠠᠳ ᠺᠠᠳ᠋ᠷ ᠶᠦᠨ ᠪᠥᠸᠧ ᠪᠣᠯᠤᠨ ᠠᠬᠠᠮᠠᠳ ᠨᠠᠮ ᠤᠨ ᠭᠡᠰᠢᠭᠦᠨ ᠵᠠᠩ ᠪᠦᠦ ᠴᠢᠤᠸᠠᠨ ᠤ ᠬᠡᠷ ᠲᠤ ᠬᠦᠷᠴᠦ᠂ | ᠲᠡᠳᠡᠨ ᠤ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠲᠠᠢ ᠤᠳᠠᠭᠠᠨ | ᠶᠠᠷᠢᠯᠴᠠᠵᠤ᠂ ᠥᠩᠭᠡᠷᠡᠭᠰᠡᠨ ᠢᠶᠠᠨ ᠡᠷᠭᠢᠴᠡᠭᠦᠯᠵᠦ᠂ ᠬᠥᠭᠵᠢᠯᠲᠡ ᠶᠢᠨ ᠲᠤᠬᠠᠶ ᠶᠠᠷᠢᠭᠰᠠᠨ ᠪᠥᠭᠡᠳ ᠠᠬᠠᠮᠠᠳ | ᠨᠠᠮ ᠤᠨ ᠭᠡᠰᠢᠭᠦᠨ᠂ ᠠᠬᠠᠮᠠᠳ ᠺᠠᠳ᠋ᠷ ᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠲᠤᠬᠠᠶ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠶ ᠪᠠᠷ ᠰᠣᠨᠣᠰᠪᠠ᠃ ᠯᠢᠦ ᡁᠢ ᠴᠢᠶᠠᠩ ᠠᠵᠢᠯ ᠠᠴᠠ ᠪᠠᠨ | ᠠᠮᠠᠷᠠᠭᠰᠠᠨ ᠠᠬᠠᠮᠠᠳ ᠺᠠᠳ᠋ᠷᠴᠤᠳ ᠤᠨ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠠᠯᠠᠱᠠ ᠵᠡᠭᠦᠨ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠬᠦ ᠶᠢ ᠬᠦᠰᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠠᠮᠠᠳ ᠺᠠᠳ᠋ᠷᠴᠤᠳ ᠤᠨ ᠠᠵᠢᠯ ᠢ | ᠦᠨᠡᠨᠬᠦ ᠨᠡᠩ ᠨᠠᠷᠢᠯᠢᠭ ᠬᠢᠵᠦ᠂ ᠠᠬᠠᠮᠠᠳ ᠨᠥᠬᠦᠳ ᠤᠨ ᠠᠮᠢᠳᠤᠷᠠᠯ ᠢ ᠨᠡᠩ ᠲᠠᠭᠠᠯᠠᠮᠵᠢᠲᠠᠢ᠂ ᠨᠡᠩ ᠵᠣᠯ | ᠵᠢᠷᠭᠠᠯ ᠲᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠯᠢᠦ ᡁᠢ ᠴᠢᠶᠠᠩ ᠪᠠᠰᠠ ᠤᠷᠢᠳ ᠬᠤᠵᠢᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠬᠠᠮ | ᠵᠠᠭᠤᠴᠢᠯᠠᠭᠤᠷ ᠤᠨ ᠲᠥᠪ᠂ ᠰᠦᠯᠵᠢᠶᠡᠨ ᠤ ᠠᠮᠤᠷ ᠲᠦᠪᠰᠢᠨ ᠤ ᠲᠥᠪ ᠵᠡᠷᠭᠡ ᠴᠠᠭᠠᠨ ᠰᠠᠷ᠎ᠠ ᠶᠢᠨ ᠪᠠᠲᠤᠯᠠᠭ᠎ᠠ ᠶᠢᠨ | ᠰᠠᠯᠠᠭ᠎ᠠ ᠮᠥᠴᠢᠷ ᠲᠤ ᠬᠦᠷᠴᠦ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ | ᠠᠵᠢᠯᠲᠠᠳ ᠢ ᠳᠣᠲᠣᠨᠣ ᠪᠠᠷ ᠲᠣᠬᠤᠨᠢᠭᠤᠯᠬᠤ ᠶᠢᠨ ᠬᠠᠮᠲᠤ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ | ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ | ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ᠂ ᠯᠢᠦ ᡁᠢ ᠴᠢᠶᠠᠩ ᠴᠠᠭᠠᠨ ᠰᠠᠷ᠎ᠠ ᠶᠢᠨ | ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ | ᠪᠠᠶᠢᠳᠠᠯ ᠢ ᠨᠠᠷᠢᠨ ᠬᠢᠨᠠᠮᠠᠭᠠᠶ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠵᠢᠵᠢᠭᠦᠷᠯᠡᠬᠦ ᠲᠦᠷᠢᠮ ᠤᠨ | ᠨᠠᠶᠢᠳᠠᠪᠤᠷᠢᠵᠢᠭᠤᠯᠤᠯᠲᠠ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠵᠡᠷᠭᠡ | ᠠᠵᠢᠯ ᠢ ᠭᠦᠨᠵᠡᠭᠡᠶ ᠣᠶᠢᠯᠠᠭᠠᠪᠠ᠃ ᠲᠡᠷᠡ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠪᠣᠯᠤᠨ ᠵᠠᠰᠠᠭ ᠤᠨ | ᠣᠷᠳᠣᠨ ᠤ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠤᠯᠠᠨ ᠢᠶᠠᠷ ᠢᠶᠠᠨ | ᠦᠷᠭᠦᠯᠵᠢᠯᠡᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠯᠠᠮᠵᠢᠯᠠᠯ ᠢᠶᠠᠨ ᠴᠢᠩᠭᠠᠳᠬᠠᠵᠤ᠂ ᠤᠯᠠᠨ ᠲᠦᠮᠡᠨ ᠤ | ᠵᠦᠢ ᠶᠣᠰᠣᠨ ᠤ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ | ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ᠂ ᠯᠢᠦ ᡁᠢ ᠴᠢᠶᠠᠩ ᠪᠠᠶᠠᠷ ᠤᠨ ᠡᠳᠦᠷ ᠤᠨ | ᠬᠤᠭᠤᠴᠠᠭᠠᠨ ᠳᠠᠬᠢ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ᠂ ᠫᠷᠤᠭ᠍ᠷᠠᠮ ᠦᠢᠯᠡᠳᠬᠦ ᠵᠡᠷᠭᠡ ᠠᠵᠢᠯ ᠤᠨ | ᠲᠣᠬᠢᠷᠠᠭᠤᠯᠤᠯᠲᠠ ᠶᠢ ᠨᠠᠷᠢᠨ ᠣᠶᠢᠯᠠᠭᠠᠪᠠ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠥᠩᠭᠡᠷᠡᠭᠰᠡᠨ | ᠨᠢᠭᠡ ᠵᠢᠯ ᠳᠤ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ᠂ ᠣᠷᠣᠨ ᠨᠤᠲᠤᠭ ᠤᠨ ᠬᠥᠭᠵᠢᠯᠲᠡ ᠶᠢᠨ | ᠠᠮᠵᠢᠯᠲᠠ ᠪᠦᠲᠦᠮᠵᠢ ᠶᠢ ᠢᠳᠡᠪᠬᠢᠲᠡᠶ ᠤᠬᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠤᠭᠰᠠᠨ | ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠪᠠ᠃ ᠬᠠᠮ ᠵᠠᠭᠤᠴᠢᠯᠠᠭᠤᠷ ᠤᠨ | ᠲᠥᠪ ᠤᠨ ᠬᠢᠨ ᠭᠤᠣᠯ ᠵᠠᠭᠤᠴᠢᠯᠠᠭᠤᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ | ᠳᠡᠷᠭᠡᠳᠡᠬᠢ ᠰᠠᠶᠢᠨ ᠰᠣᠨᠢᠨ ᠮᠡᠳᠡᠭᠡ᠂ ᠰᠠᠶᠢᠨ ᠦᠯᠢᠭᠡᠷ ᠢ ᠭᠦᠨᠵᠡᠭᠡᠢ ᠠᠭᠤᠳᠠᠯᠵᠤ᠂ ᠨᠠᠷᠢᠨ ᠨᠢᠮᠪᠠᠢ ᠤᠬᠠᠭᠠᠯᠠᠵᠤ᠂ | ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠳᠦᠷᠰᠦ ᠪᠠᠶᠢᠳᠠᠯ ᠰᠢᠨ᠎ᠡ | ᠬᠤᠪᠢᠷᠠᠯᠲᠠ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠰᠠᠶᠢᠲᠤᠷ ᠮᠡᠳᠡᠭᠡᠯᠡᠵᠦ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ | ᠴᠠᠭᠠᠨ ᠰᠠᠷ᠎ᠠ ᠪᠠᠨ ᠥᠩᠭᠡᠷᠡᠭᠦᠯᠬᠦ ᠬᠦᠷ ᠬᠥᠭᠵᠢᠶᠡᠨ ᠲᠠᠢ ᠪᠠᠶᠢᠳᠠᠯ ᠢ ᠰᠠᠶᠢᠲᠤᠷ ᠢᠯᠡᠷᠡᠭᠦᠯᠵᠦ᠂ ᠪᠦᠬᠦ | ᠬᠤᠰᠢᠭᠤᠨ ᠤ ᠠᠷᠠᠳ ᠲᠦᠮᠡᠨ ᠳᠤ ᠡᠯᠪᠡᠭ ᠪᠠᠶᠠᠯᠢᠭ ᠪᠠᠶᠠᠷ ᠤᠨ ᠡᠳᠦᠷ ᠤᠨ ︽ᠰᠣᠶᠣᠯ ᠤᠨ ᠲᠡᠭᠡᠵᠢ︾ ᠶᠢ | ᠬᠦᠷᠭᠡᠬᠦ ᠬᠡᠷᠡᠭᠲᠡᠢ ᠭᠡᠵᠦ ᠱᠠᠭᠠᠷᠳᠠᠪᠠ᠃ | ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠲᠥᠪ ᠲᠤ᠂ ᠯᠢᠦ ᡁᠢ ᠴᠢᠶᠠᠩ ᠰᠦᠯᠵᠢᠶᠡᠨ ᠤ ᠠᠮᠤᠷ | ᠲᠦᠪᠰᠢᠨ ᠤ ᠬᠢᠨᠠᠨ ᠬᠡᠮᠵᠢᠯᠲᠡ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠪᠡ᠃ ᠲᠡᠷᠡ᠂ ᠰᠦᠯᠵᠢᠶᠡᠨ ᠤ ᠠᠮᠤᠷ ᠲᠦᠪᠰᠢᠨ ᠤ ᠲᠥᠪ ᠤᠨ ᠬᠢᠨ ᠴᠠᠭ ᠢᠮᠠᠭᠲᠠ ᠳᠡᠭᠡᠳᠦ | ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠰᠦᠯᠵᠢᠶᠡᠨ ᠤ ᠠᠮᠤᠷ ᠲᠦᠪᠰᠢᠨ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠵᠤ᠂ ᠡᠯ᠎ᠡ ᠲᠦᠷᠦᠯ ᠤᠨ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠦᠯᠵᠢᠶᠡᠨ ᠤ ᠠᠮᠤᠷ ᠲᠦᠪᠰᠢᠨ ᠤ ᠡᠮᠬᠢ ᠳᠢᠭᠯᠢᠮ ᠢ ᠦᠨᠡᠨ ᠬᠦ | ᠰᠠᠶᠢᠲᠤᠷ ᠬᠠᠮᠠᠭᠠᠯᠠᠵᠤ᠂ ᠠᠷᠠᠳ ᠤᠯᠠᠨ ᠳᠤ ᠴᠡᠪᠡᠷ ᠲᠤᠩᠭᠠᠯᠠᠭ ᠰᠦᠯᠵᠢᠶᠡᠨ ᠤ ᠣᠷᠴᠢᠨ ᠢ ᠪᠤᠢ ᠪᠣᠯᠭᠠᠵᠤ ᠥᠭᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢᠷ᠎ᠠ ᠪᠠᠭᠤᠪᠴᠢ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠲᠤ᠂ ᠯᠢᠦ ᡁᠢ ᠴᠢᠶᠠᠩ ᠰᠠᠶᠢᠨ | ᠳᠤᠷ᠎ᠠ ᠶᠢᠨ ᠠᠵᠢᠯᠯᠠᠭᠴᠢᠳ ᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠰᠢᠨ᠎ᠡ ᠨᠢᠭᠡ ᠵᠢᠯ ᠳᠤ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠬᠥᠮᠦᠰ ᠢ ᠲᠠᠶᠢᠴᠢᠯᠠᠨ | ᠨᠠᠰᠤᠲᠠᠶᠢᠴᠤᠳ ᠪᠣᠯᠤᠨ ᠠᠯᠽᠢᠾᠮᠧᠷ ᠡᠪᠡᠳᠴᠢᠲᠡᠨ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠠᠮᠢᠳᠤᠷᠠᠯ ᠢ ᠨᠡᠩ | ᠰᠠᠨᠠᠭ᠎ᠠ ᠠᠮᠤᠷ᠂ ᠵᠣᠯ ᠵᠢᠷᠭᠠᠯ ᠲᠠᠢ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃ | ᠯᠢᠦ ᡁᠢ ᠴᠢᠶᠠᠩ ᠪᠠᠰᠠ ᠥᠪᠥᠷ ᠮᠣᠩᠭᠤᠯ ᠤᠨ ᠬᠤᠸᠠ ᠳ᠋ᠢᠶᠠᠨ ᠲᠡᠭᠷᠢ ᠪᠣᠬᠢᠷᠲᠤᠯ ᠦᠭᠡᠢ ᠡᠨᠧᠷᠭᠢ ᠶᠢᠨ | ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠪᠦᠬᠦ ᠠᠵᠢᠯᠲᠠᠳ ᠲᠤ ᠴᠠᠭᠠᠨ ᠰᠠᠷ᠎ᠠ ᠶᠢᠨ ᠰᠠᠶᠢᠨ | ᠰᠠᠶᠢᠬᠠᠨ ᠵᠥᠩᠨᠡᠯ ᠳᠡᠪᠰᠢᠭᠦᠯᠵᠦ᠂ ᠠᠵᠤ ᠠᠬᠤᠶᠢᠯᠠᠯ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠡᠭᠦᠨ ᠤ ᠬᠠᠮᠲᠤ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠰᠠᠨᠠᠯ | ᠰᠠᠨᠠᠭᠤᠯᠭ᠎ᠠ ᠶᠢ ᠬᠢᠨᠠᠮᠠᠭᠠᠶ ᠣᠶᠢᠯᠠᠭᠠᠪᠠ᠃ ᠰᠢᠨ᠎ᠡ ᠨᠢᠭᠡ ᠵᠢᠯ ᠳᠤ᠂ ᠠᠵᠤ ᠠᠬᠤᠶᠢᠯᠠᠯ ᠲᠤᠰ ᠪᠡᠶ᠎ᠡ ᠶᠢᠨ | ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ | ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠨᠡᠩ ᠰᠠᠶᠢᠨ ᠨᠡᠩ ᠲᠦᠷᠭᠡᠨ ᠬᠥᠭᠵᠢᠯᠲᠡ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠬᠤᠰᠢᠭᠤᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠠᠷᠭ᠎ᠠ ᠪᠦᠬᠦᠨ ᠢ | ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠠᠵᠤ | ᠠᠬᠤᠶᠢᠯᠠᠯ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ | ᠴᠣᠭᠴᠠᠯᠠᠨ᠎ᠠ ᠭᠡᠵᠦ ᠢᠯᠡᠳᠬᠡᠪᠡ᠃ | | |