ᠠᠯᠠᠱᠠ ᠵᠡᠭᠦᠨ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠮ ᠤᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2025/2/20
   1 ᠰᠠᠷ᠎ᠠ ᠶᠢᠨ 22᠎ ᠤᠨ ᠣᠷᠣᠢ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠶᠢ ᠳᠠᠭᠠᠭᠤᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠪᠥᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃    ᠯᠢᠦ ᡁᠢ ᠴᠢᠶᠠᠩ ᠲᠥᠯᠥᠭᠡᠯᠡᠭᠴᠢᠳ ᠲᠠᠢ ᠨᠢᠭᠡᠳ ᠨᠢᠭᠡ ᠪᠠᠷ ᠭᠠᠷ ᠠᠳᠬᠤᠵᠤ᠂ ᠲᠡᠳᠡᠨ ᠤ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠯᠢᠦ ᡁᠢ ᠴᠢᠶᠠᠩ᠂ ᠥᠩᠭᠡᠷᠡᠭᠰᠡᠨ ᠨᠢᠭᠡ ᠵᠢᠯ ᠳᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠬᠦᠴᠦᠲᠡᠶ ᠳᠡᠮᠵᠢᠯᠡᠭᠡ ᠳᠣᠤᠷ᠎ᠠ᠂ ᠲᠥᠯᠥᠭᠡᠯᠡᠭᠴᠢᠳ ᠠᠳᠠᠯᠢ ᠪᠤᠰᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡᠯᠡᠯ ᠢᠶᠠᠨ ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠬᠦᠴᠦᠨ ᠴᠢᠳᠠᠯ ᠢᠶᠠᠨ ᠡᠷᠭᠦᠵᠦ᠂ ᠠᠯᠠᠱᠠ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃    ᠤᠳᠠᠯ ᠥᠬᠡᠶ ᠬᠤᠷᠠᠯᠳᠤᠬᠤ ᠭᠡᠵᠦ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠪᠥᠬᠦᠳᠡ ᠬᠤᠷᠠᠯ ᠪᠣᠯ ᠪᠥᠬᠦ ᠬᠤᠰᠢᠭᠤᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠢᠢᠳᠪᠦᠷᠢᠲᠦ ᠢᠯᠠᠯᠲᠠ ᠶᠢ ᠣᠯᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠦᠪᠡᠭᠴᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ᠂ ᠴᠢᠬᠤᠯᠠ ᠶᠠᠪᠤᠳᠠᠯ ᠪᠣᠯᠤᠨ᠎ᠠ᠃ ᠲᠥᠯᠥᠭᠡᠯᠡᠭᠴᠢᠳ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠯᠢᠳᠡᠭ ᠬᠤᠷᠠᠯ ᠤᠨ ᠰᠤᠷᠲᠠᠯ ᠢ ᠪᠠᠷᠢᠮᠲᠠᠯᠠᠵᠤ᠂ ᠡᠯ᠎ᠡ ᠵᠦᠢᠯ ᠤᠨ ᠮᠡᠳᠡᠭᠦᠯᠦᠯᠲᠡ ᠪᠣᠯᠤᠨ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠲᠤᠰ ᠤᠳᠠᠭ᠎ᠠ ᠶᠢᠨ ᠬᠤᠷᠠᠯ ᠢ ᠠᠷᠠᠳᠴᠢᠯᠠᠯ ᠲᠠᠢ᠂ ᠪᠦᠯᠬᠦᠮᠳᠡᠭᠰᠡᠨ᠂ ᠢᠯᠠᠯᠲᠠ ᠣᠯᠤᠭᠰᠠᠨ᠂ ᠡᠷᠡᠯᠬᠡᠭᠯᠡᠨ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠵᠡᠭᠦᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠲᠥᠯᠥᠭᠡᠯᠡᠭᠴᠢᠳ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠠᠯᠠᠱᠠ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠤ ᠰᠠᠨᠠᠯ ᠨᠢᠭᠡᠲᠡᠶ ᠢᠯᠡᠷᠬᠡᠶᠢᠯᠡᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号