ᠨᠠᠮ ᠤᠨ ᠲᠥᠯᠥᠭᠡᠯᠡᠭᠴᠢ ᠨᠠᠷ ᠠᠵᠢᠯ ᠤᠨ ᠢᠯᠡᠳᠬᠡᠯ ᠢ ᠬᠠᠯᠠᠭᠤᠨ ᠢᠶᠠᠷ ᠶᠠᠷᠢᠯᠴᠠᠪᠠ
ᠨᠡᠶᠢᠲᠡᠯᠡᠭᠰᠡᠨ ᠴᠠᠭ᠄
2025/2/20
     1 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠪᠥᠬᠦᠳᠡ ᠬᠤᠷᠠᠯ ᠳᠤ ᠣᠷᠣᠯᠴᠠᠭᠰᠠᠨ ᠨᠠᠮ ᠤᠨ ᠲᠥᠯᠥᠭᠡᠯᠡᠭᠴᠢᠳ ᠠᠵᠢᠯ ᠤᠨ ᠢᠯᠡᠳᠬᠡᠯ ᠢ ᠨᠠᠷᠢᠨ ᠬᠢᠨᠠᠮᠠᠭᠠᠶ ᠰᠣᠨᠣᠰᠴᠤ᠂ ᠲᠦᠢᠯ ᠢᠶᠠᠷ ᠤᠷᠮᠠᠰᠢᠨ ᠵᠣᠷᠢᠭᠵᠢᠪᠠ᠃ ᠳᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠨᠠᠷᠢᠨ ᠬᠢᠨᠠᠮᠠᠭᠠᠢ ᠶᠠᠷᠢᠯᠴᠠᠭᠰᠠᠨ ᠪᠥᠭᠡᠳ ᠲᠤᠰ ᠲᠤᠰ ᠤᠨ ᠪᠠᠶᠢᠭ᠎ᠠ ᠣᠷᠣᠨ ᠪᠦᠰᠡ᠂ ᠠᠵᠢᠯ ᠲᠦᠷᠦᠯ ᠵᠢᠴᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠦᠰᠡᠯ ᠡᠷᠡᠮᠡᠯᠵᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠰᠠᠶᠢᠨ ᠠᠷᠭ᠎ᠠ ᠪᠤᠳᠤᠯᠭ᠎ᠠ ᠶᠢ ᠬᠠᠮᠲᠤᠪᠠᠷ ᠵᠥᠪᠳᠡᠯᠴᠡᠵᠦ ᠬᠥᠭᠵᠢᠯᠲᠡ ᠶᠢ ᠡᠷᠢᠯᠬᠢᠯᠡᠪᠡ
   ᠲᠥᠯᠥᠭᠡᠯᠡᠭᠴᠢᠳ᠂ ᠲᠣᠰ ᠤᠳᠠᠭᠠᠨ ᠤ ᠬᠤᠷᠠᠯ ᠤᠨ ᠢᠯᠡᠳᠬᠡᠯ ᠤᠨ ᠵᠣᠷᠢᠯᠲᠠ ᠨᠢ ᠥᠨᠳᠥᠷ᠂ ᠰᠡᠳᠬᠢᠴᠡ ᠲᠣᠳᠣᠷᠬᠠᠢ᠂ ᠭᠤᠣᠯ ᠰᠡᠳᠦᠪ ᠲᠣᠳᠣᠷᠬᠠᠢ᠂ ᠠᠷᠭ᠎ᠠ ᠬᠡᠮᠵᠢᠶ᠎ᠡ ᠯᠠᠪᠳᠠᠭᠤᠨ ᠪᠠᠲᠤᠲᠠᠢ ᠪᠠᠶᠢᠵᠤ᠂ ᠠᠮᠵᠢᠯᠲᠠ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠳᠠᠯ ᠢ ᠰᠤᠳᠤᠯᠤᠨ ᠮᠠᠭᠠᠳᠯᠠᠬᠤ ᠳᠤ ᠪᠤᠰᠤᠳᠴᠢ ᠪᠥᠭᠡᠳ ᠣᠨᠣᠪᠴᠢᠲᠠᠢ ᠪᠠᠶᠢᠵᠤ᠂ ᠠᠵᠢᠯ ᠢ ᠪᠠᠶᠢᠷᠢᠯᠠᠭᠤᠯᠬᠤ ᠳᠠᠭᠠᠨ ᠰᠢᠰᠲ᠋ᠧᠮ ᠲᠠᠢ ᠪᠦᠬᠦ ᠲᠠᠯ᠎ᠠ ᠪᠠᠷ ᠪᠠᠶᠢᠵᠤ᠂ ᠲᠥᠪ ᠭᠤᠣᠯᠴᠢ ᠪᠠᠷ ᠰᠢᠨ᠎ᠡ ᠶᠢ ᠡᠭᠦᠳᠦᠭᠰᠡᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠮᠡᠳᠡᠭᠦᠯᠦᠯᠲᠡ ᠪᠣᠯᠤᠨ᠎ᠠ ᠭᠡᠵᠤ ᠰᠠᠨᠠᠯ ᠨᠢᠭᠡᠲᠡᠶ ᠦᠵᠡᠭᠰᠡᠨ ᠪᠠᠶᠢᠨ᠎ᠠ᠃   ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ      ᠯᠢᠶᠠᠩ ᠴᠥᠩ
ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ     ᠸᠴᠢᠷ
    ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ     ᠸᠠᠩ ᠬᠤᠢ ᠷᠦᠩ
       ᠪᠠᠷᠠᠭᠤᠨ ᠪᠡᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ      ᠵᠠᠩ ᠶᠠᠨ ᠯᠢ
    ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ       ᠯᠢ ᠷᠦᠸᠧ ᠹᠠᠨ
      ᠵᠡᠭᠦᠨ ᠪᠡᠯ ᠪᠠᠯᠭᠠᠰᠤᠨ ᠤ ᠦᠷ ᠤᠨ ᠲᠤᠶᠠᠭ᠎ᠠ ᠭᠠᠴᠠᠭᠠᠨ ᠤ ᠨᠠᠮ ᠤᠨ ᠡᠭᠦᠷ ᠤᠨ ᠱᠦᠵᠢ      ᠸᠠᠩ ᠰᠢᠤᠸᠠᠢ ᠭᠠᠩ
 
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号