| 1 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠠᠯᠠᠱᠠ | ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠡᠬᠢᠯᠡᠪᠡ | ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ | ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠭᠧ ᠮᠢᠩ᠂ ᠬᠤᠰᠢᠭᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠮᠤᠤ ᠽᠧᠩ ᠬᠠᠶ ᠬᠤᠷᠠᠯ ᠳᠤ ᠣᠷᠣᠯᠴᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠠᠯᠲᠠᠨᠴᠢᠯᠠᠭᠤ ᠤᠯᠤᠰ ᠲᠥᠷᠥ ᠶᠢᠨ ᠵᠥᠪᠯᠡᠯᠭᠡᠨ ᠤ | ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠠ᠃ | ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠶ ᠭᠡᠰᠢᠭᠦᠨ 157 ᠬᠥᠮᠦᠨ᠂ ᠪᠣᠳᠠᠲᠠᠶ | ᠣᠷᠣᠯᠴᠠᠭᠰᠠᠨ ᠭᠡᠰᠢᠭᠦᠨ 137 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | | ᠯᠢᠦ ᡁᠢ ᠴᠢᠶᠠᠩ ᠬᠤᠰᠢᠭᠤᠨ ᠤ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ | ᠬᠠᠯᠠᠭᠤᠨ ᠪᠠᠶᠠᠷ ᠬᠦᠷᠭᠡᠵᠦ᠂ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠳ ᠪᠣᠯᠤᠨ ᠬᠤᠷᠠᠯ ᠳᠤ | ᠣᠷᠣᠯᠴᠠᠭᠰᠠᠨ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠰᠠᠶ᠋ᠢᠬᠠᠨ ᠥᠩᠭᠡᠷᠡᠭᠰᠡᠨ | 2024 ᠣᠨ ᠳᠤ᠂ ᠰᠢᠨ᠎ᠡ ᠳᠤᠮᠳᠠᠳᠤ ᠤᠯᠤᠰ 75 ᠵᠢᠯ ᠤᠨ ᠤᠢ ᠪᠠᠨ ᠤᠭᠲᠤᠵᠤ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠴᠦ 75 ᠵᠢᠯ ᠤᠨ ᠤᠢ ᠶᠢ ᠤᠭᠲᠤᠨ ᠠᠪᠴᠠᠢ᠃ ᠡᠨᠡ ᠨᠢᠭᠡ ᠵᠢᠯ ᠳᠤ᠂ ᠬᠤᠰᠢᠭᠤᠨ ᠤ | ᠤᠯᠤᠰ ᠲᠦᠷᠦ ᠶᠢᠨ ᠵᠥᠪᠯᠡᠯᠭᠡᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ | ᠪᠦᠯᠬᠦᠮᠳᠡᠭᠦᠯᠦᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠠᠷᠠᠳ ᠤᠨ | ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ | ᠲᠣᠭᠤᠷᠢᠨ ᠳᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ | ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠵᠡᠷᠭᠡᠪᠡᠷ | ᠬᠦᠴᠦᠯᠡᠬᠦ ᠶᠢ ᠪᠠᠷᠢᠮᠲᠠᠯᠠᠵᠤ᠂ ᠬᠥᠭᠵᠢᠯᠲᠡ ᠳᠤ ᠦᠢᠯᠡᠴᠢᠯᠡᠵᠦ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠶᠢᠵᠤ | ᠂ ᠪᠥᠯᠬᠦᠮᠳᠡᠯ ᠨᠥᠬᠦᠷᠯᠡᠯ ᠢᠶᠠᠨ ᠦᠷᠭᠡᠳᠬᠡᠨ ᠭᠦᠨᠵᠡᠭᠡᠶᠢᠷᠡᠭᠦᠯᠵᠦ᠂ ᠠᠷᠠᠳ ᠲᠦᠮᠡᠨ ᠤ ᠲᠥᠯᠥᠭᠡ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ︽ᠨᠠᠮ ᠵᠠᠰᠠᠭ ᠤᠨ ᠲᠥᠯᠥᠭᠡ ᠰᠠᠨᠠᠭᠠᠰᠢᠷᠠᠵᠤ᠂ ᠬᠥᠭᠵᠢᠯᠲᠡ ᠶᠢᠨ | ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠲᠦᠮᠡᠨ ᠳᠤ ᠦᠢᠯᠡᠴᠢᠯᠡᠬᠦ︾ ᠦᠷᠳᠡᠭ ᠤᠨ ᠬᠥᠭᠡᠭᠡᠴᠡᠯᠳᠦᠯ ᠢ | ᠭᠦᠢᠴᠡᠳ ᠢᠯᠡᠷᠡᠭᠦᠯᠵᠦ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ | ᠡᠭᠦᠷᠭᠡᠯᠡᠯ ᠪᠣᠯᠤᠨ ᠴᠢᠩ ᠦᠨᠡᠨᠴᠢ ᠰᠡᠳᠬᠢᠯᠭᠡ ᠶᠢ ᠢᠯᠡᠷᠡᠭᠦᠯᠪᠡ᠃ | | ᠯᠢᠦ ᡁᠢ ᠴᠢᠶᠠᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠪᠠᠶᠢᠷᠢᠯᠠᠭᠤᠯᠤᠯᠲᠠ ᠶᠢᠨ ᠵᠢᠯ ᠮᠥᠨ᠂ ᠨᠠᠩ ᠴᠤ ᠠᠯᠠᠱᠠ ᠵᠡᠭᠦᠨ ᠬᠤᠰᠢᠭᠤᠨ ᠤ ᠬᠦᠴᠢᠷᠳᠡᠯ ᠠᠴᠠ ᠠᠩᠭᠢᠵᠢᠷᠠᠵᠤ | ᠪᠦᠰᠡᠯᠡᠯᠲᠡ ᠶᠢ ᠰᠢᠪᠲᠤᠯᠬᠤ ᠵᠠᠩᠭᠢᠯᠠᠭ᠎ᠠ ᠶᠢᠨ ᠨᠢᠭᠡ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ | ᠲᠦᠢᠯ ᠤᠨ ᠴᠢᠬᠤᠯᠠ ᠶᠤᠮ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ | ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠪᠠᠷ ᠡᠭᠦᠷᠭᠡᠯᠡᠵᠦ᠂ | ᠤᠯᠤᠰ ᠲᠥᠷᠥ ᠶᠢᠨ ᠵᠥᠪᠯᠡᠯᠭᠡᠨ ᠤ ᠬᠦᠴᠦᠨ ᠢ ᠲᠥᠪᠯᠡᠷᠡᠭᠦᠯᠦᠨ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ | ᠭᠠᠷᠭᠠᠵᠤ᠂ ᠰᠢᠨ᠎ᠡ ᠨᠢᠭᠡ ᠵᠢᠯ ᠳᠤ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠳᠠᠬᠢᠨ ᠰᠢᠨ᠎ᠡ ᠭᠠᠪᠢᠶ᠎ᠠ | ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠶ᠃ | ᠯᠢᠦ ᡁᠢ ᠴᠢᠶᠠᠩ ᠠᠴᠠ᠂ ᠲᠤᠭ ᠢᠶᠠᠨ ᠥᠨᠳᠥᠷ ᠮᠠᠨᠳᠤᠭᠤᠯᠵᠤ᠂ ᠠᠴᠢ ᠬᠠᠷᠢᠭᠤᠯᠠᠵᠤ ᠡᠷᠡᠯᠬᠡᠭᠯᠡᠨ | ᠤᠷᠤᠭᠰᠢᠯᠠᠵᠤ᠂ ᠨᠠᠩ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠪᠠᠶᠢᠳᠠᠯ ᠢᠶᠠᠷ ᠰᠢᠨ᠎ᠡ ᠠᠶᠠᠨ ᠵᠠᠮ ᠳᠤ ᠮᠣᠷᠳᠠᠵᠤ | ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ | ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠡᠨᠴᠢ ᠰᠢᠳᠤᠷᠭᠤ ᠪᠠᠷ ︽ | ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢ ᠡᠯ᠎ᠡ | ᠵᠦᠢᠯ ᠤᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ | ᠲᠤᠰᠤᠯᠲᠠ ᠶᠢᠨ ᠴᠡᠭ ᠪᠣᠯᠭᠠᠵᠤ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠭ ᠤᠨ ᠳᠣᠤᠷ᠎ᠠ ᠭᠠᠷ ᠬᠤᠯᠪᠣᠨ ᠤᠷᠤᠭᠰᠢᠯᠠᠬᠤ | ᠬᠡᠷᠡᠭᠲᠡᠶ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠬᠦᠴᠢᠷ ᠢ ᠲᠤᠭᠤᠯᠤᠨ | ᠪᠣᠭᠤᠮᠲᠠ ᠰᠢᠪᠲᠤᠯᠬᠤ ᠠᠵᠢᠯ ᠤᠨ ᠢᠯᠠᠯᠲᠠ ᠶᠢ ᠤᠯᠬᠤ ᠳᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ | ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ᠂ ᠠᠷᠭ᠎ᠠ ᠤᠬᠠᠭᠠᠨ ᠭᠠᠷᠭᠠᠨ ᠬᠦᠴᠦᠨ | ᠴᠢᠳᠠᠯ ᠢᠶᠠᠨ ᠡᠷᠭᠦᠬᠦ ᠳᠤ ᠨᠡᠩ ᠶᠡᠭᠡ ᠬᠦᠴᠦ ᠣᠷᠣᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠠᠷᠭ᠎ᠠ | ᠪᠤᠳᠤᠯᠭ᠎ᠠ ᠶᠢ ᠣᠨᠣᠪᠴᠢᠲᠠᠢ ᠳᠤᠷᠠᠳᠴᠤ᠂ ᠴᠢᠨᠠᠷ ᠰᠠᠶᠢᠲᠠᠢ ᠠᠵᠤ ᠠᠬᠤᠶᠢᠯᠠᠯ᠂ ᠲᠦᠷᠦᠯ ᠵᠦᠢᠯ ᠪᠣᠯᠤᠨ ᠪᠠᠴᠢᠮ | ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠯᠠᠱᠠ ᠵᠡᠭᠦᠨ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ︽ᠵᠠᠮ ᠨᠢᠭᠡᠲᠡᠢ ᠬᠦᠮᠦᠰ︾ ᠢ ᠬᠤᠷᠠᠮᠳᠤᠭᠤᠯᠵᠤ᠂ | ᠨᠡᠩ ᠬᠦᠴᠦᠷᠬᠡᠭ ᠶᠡᠭᠡ ︽ᠲᠦᠯᠬᠢᠭᠴᠢ︾ ᠶᠢ ᠴᠣᠭᠴᠠᠯᠠᠬᠤ ᠬᠡᠷᠡᠭᠲᠡᠢ᠃ ᠤᠭ ᠰᠠᠨᠠᠭ᠎ᠠ ᠪᠠᠨ ᠪᠠᠲᠤᠳᠬᠠᠵᠤ᠂ | ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠣᠯᠠᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠬᠠᠩᠭᠠᠬᠤ ᠶᠢᠨ ᠲᠥᠯᠥᠭᠡ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ | ᠡᠷᠡᠮᠡᠯᠵᠡᠯ ᠢ ᠢᠮᠠᠭᠲᠠ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ᠂ ᠰᠠᠨᠠᠯ | ᠳᠤᠷᠠᠳᠤᠯᠭ᠎ᠠ᠂ ᠪᠠᠶᠢᠴᠠᠭᠠᠨ ᠦᠵᠡᠬᠦ ᠵᠡᠷᠭᠡ ᠠᠵᠢᠯ ᠤᠨ ᠲᠡᠷᠢᠭᠦᠨ ᠰᠣᠩᠭᠤᠯᠲᠠ ᠪᠣᠯᠭᠠᠵᠤ᠂ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠢ ᠬᠠᠪᠰᠤᠷᠤᠨ ᠣᠯᠠᠨ ᠲᠦᠮᠡᠨ ᠤ ᠠᠵᠢᠯ ᠢ ᠨᠠᠩ ᠭᠦᠨᠵᠡᠭᠡᠶ ᠨᠠᠷᠢᠯᠢᠭ᠂ ᠨᠠᠩ | ᠦᠷ᠎ᠡ ᠪᠦᠲᠦᠮᠵᠢ ᠲᠠᠢ ᠬᠢᠬᠦ ᠬᠡᠷᠡᠭᠲᠡᠶ᠃ ᠰᠠᠭᠤᠷᠢ ᠪᠠᠨ ᠬᠦᠴᠦᠷᠬᠡᠭᠵᠢᠭᠦᠯᠦᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠵᠤ᠂ ᠦᠨᠳᠦᠰᠦ ᠰᠠᠭᠤᠷᠢ ᠪᠠᠨ ᠪᠠᠬᠢᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ | ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠷᠴᠢ ᠵᠣᠷᠢᠭ ᠢᠶᠠᠨ ᠬᠥᠪᠴᠢᠯᠡᠭᠰᠡᠨ ᠴᠣ ᠰᠢᠨ᠎ᠡ | ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠤᠪᠤᠶᠢᠮ᠎ᠠ ᠪᠠᠶᠢᠷᠢᠨ ᠳᠤ | ᠲᠠᠯᠪᠢᠵᠤ᠂ ᠲᠦᠷᠢᠮ ᠤᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠡᠵᠡᠮᠳᠡᠬᠦ | ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ | ᠠᠵᠢᠯᠯᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ | ᠵᠥᠪᠯᠡᠯᠭᠡᠨ ᠤ ᠪᠠᠶᠢᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠶᠢᠨ ᠰᠠᠶᠢᠬᠠᠨ ᠲᠦᠷᠢ | ᠲᠥᠷᠬᠦ ᠶᠢ ᠦᠨᠡᠨ ᠬᠦ ᠪᠤᠢ ᠪᠣᠯᠭᠠᠬᠤ ᠬᠡᠷᠡᠭᠲᠡᠢ ᠬᠡᠵᠡᠢ᠃ | | ᠠᠯᠲᠠᠨᠴᠢᠯᠠᠭᠤ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠ ᠠᠷᠠᠳ ᠤᠨ | ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠪᠠᠰᠠ ᠴᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠵᠢᠯᠣᠭᠤᠳᠣᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ | ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠤᠯ ᠰᠡᠳᠦᠪ ᠢ | ᠪᠠᠲᠤ ᠡᠵᠡᠮᠳᠡᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ | ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠭᠤᠷᠪᠠᠨ ᠶᠡᠭᠡ ᠡᠭᠦᠷᠭᠡ ᠴᠢᠳᠠᠪᠬᠢ ᠪᠠᠨ ᠭᠦᠢᠴᠡᠳ | ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠨᠠᠮ ᠤᠨ ᠬᠤᠷᠢᠶᠠᠨ ᠤ ︽ᠵᠢᠷᠭᠤᠭᠠᠨ ᠭᠤᠷᠪᠠ︾ ᠶᠢᠨ | ᠪᠣᠳᠠᠲᠠᠶ ᠠᠷᠭ᠎ᠠ ᠬᠡᠮᠵᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ ᠳᠤ ᠬᠦᠴᠦᠨ ᠨᠡᠮᠡᠷᠢᠯᠡᠵᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠪᠡ | ᠭᠡᠵᠡᠢ᠃ | ᠠᠯᠲᠠᠨᠴᠢᠯᠠᠭᠤ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠭᠦᠯᠬᠦ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠦᠨ ᠪᠠᠶᠢᠷᠢᠯᠠᠭᠤᠯᠬᠤ ᠵᠢᠯ ᠮᠥᠨ᠂ ᠨᠠᠩ ᠴᠤ ᠪᠥᠬᠦ | ᠬᠤᠰᠢᠭᠤᠨ ᠤ ᠬᠦᠴᠢᠷᠳᠡᠯ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠠᠩᠭᠢᠯᠠᠭ᠎ᠠ ᠶᠢᠨ ᠨᠢᠭᠡ ᠵᠢᠯ ᠮᠥᠨ᠃ | ᠠᠯᠠᠱᠠ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠪᠠ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ | ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠪᠥᠬᠦ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ | ᠭᠦᠨᠵᠡᠭᠡᠶ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠵᠢᠷᠭᠤᠭᠠᠨ ᠭᠤᠷᠪᠠ︾ ᠶᠢᠨ ᠪᠣᠳᠠᠲᠠᠶ ᠠᠷᠭ᠎ᠠ | ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠵᠡᠷᠭᠡ ᠭᠤᠤᠯᠳᠠᠯᠭ᠎ᠠ ᠲᠠᠢ | ᠡᠭᠦᠷᠭᠡ ᠶᠢᠨ ᠲᠣᠭᠤᠷᠢᠨ ᠳᠤ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ | ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ | ᠵᠡᠭᠦᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠬᠦ ᠪᠣᠯᠤᠨ᠎ᠠ ᠭᠡᠵᠡᠢ᠃ | ᠬᠤᠷᠠᠯ ᠳᠡᠭᠡᠷ᠎ᠡ᠂ ᠤᠯᠤᠰ ᠲᠥᠷᠥ ᠶᠢᠨ ᠵᠥᠪᠯᠡᠯᠭᠡᠨ ᠤ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ︵ᠲᠥᠰᠦᠯ︶ ᠢ ᠬᠢᠨᠠᠨ ᠵᠥᠪᠯᠡᠵᠦ | ᠪᠠᠲᠤᠯᠠᠪᠠ᠃ ᠤᠯᠤᠰ ᠲᠥᠷᠥ ᠶᠢᠨ ᠵᠥᠪᠯᠡᠯᠭᠡᠨ ᠤ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ ᠵᠠᠩ ᠵᠢᠶᠦ᠋ᠨ ᠱᠧᠩ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ | ᠲᠤᠬᠠᠶ ᠮᠡᠳᠡᠭᠦᠯᠦᠯᠲᠡ ᠬᠢᠪᠠ᠃ ᠶᠠᠩ ᠺᠦᠨ᠂ ᠯᠢᠦ ᠬᠤᠩ ᠢ᠂ ᠶᠢᠨ ᠰᠢᠶᠠᠩ ᠶᠢᠩ᠂ ᠴᠢᠦ ᠷᠦᠢ 4 ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠲᠤᠰ ᠲᠤᠰ ᠶᠠᠷᠢᠶ᠎ᠠ ᠲᠠᠯᠪᠢᠪᠠ᠃ | |