2025 ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2025/2/7
ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ             — ᠠᠯᠠᠱᠠ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ       ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ                                                              ᠪᠠᠭᠠᠨ᠎ᠠ                       ︵2025 ᠣᠨ ᠤ 1 ᠰᠠᠷ᠎ᠠ ᠶᠢᠨ 24᠎ ᠤ ᠡᠳᠦᠷ︶            ᠡᠷᠬᠢᠮ ᠬᠦᠨᠳᠦᠲᠦ ᠲᠥᠯᠥᠭᠡᠯᠡᠭᠴᠢᠳ ᠡ᠄       ᠣᠳᠣ ᠪᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ ᠠᠵᠢᠯ ᠤᠨ ᠬᠠᠷᠢᠭᠤ ᠮᠡᠳᠡᠭᠦᠯᠦᠯᠳᠡ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃             2024 ᠣᠨ ᠤ ᠠᠵᠢᠯ ᠤᠨ ᠲᠣᠶᠢᠮᠣ             ᠥᠩᠭᠡᠷᠡᠭᠰᠡᠨ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠣ᠋ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠢᠶᠠᠨ ᠪᠣᠯᠭᠠᠨ᠂ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ︽157︾᠎ ᠶᠢᠨ ᠰᠡᠳᠬᠢᠴᠡ ᠪᠠ ︽ᠵᠢᠷᠭᠤᠭᠠᠨ ᠭᠤᠷᠪᠠ︾᠎ ᠶᠢᠨ ᠠᠷᠭ᠎ᠠ ᠬᠡᠮᠵᠢᠶ᠎ᠡ ᠶᠢ ᠲᠤᠤᠱᠲᠠᠢ ᠬᠡᠷᠡᠭᠵᠢᠭᠦᠯᠦᠨ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠡᠷᠭᠢᠯᠡᠵᠦ᠂ ᠪᠦᠭᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ 5.1 %᠎ ᠪᠠᠷ ᠨᠡᠮᠡᠭᠳᠡᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠬᠥᠷᠥᠩᠭᠡ ᠣᠷᠤᠭᠤᠯᠤᠯᠲᠠ ᠨᠢ 7.7 %᠎ ᠪᠠᠷ ᠥᠰᠴᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠨᠣᠷᠮ᠎ᠠ ᠨᠢ 1.6 % ᠎ ᠪᠠᠷ ᠳᠡᠭᠡᠭᠰᠢᠯᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠢ 4 %᠎ ᠪᠠᠷ ᠠᠬᠢᠵᠠᠢ᠃       — ᠠᠵᠤ ᠠᠬᠤᠢ ᠶᠢᠨ ᠬᠥᠭᠵᠢᠯᠲᠡ ᠨᠢ ᠲᠣᠭᠲᠠᠭᠤᠨ ᠢᠶᠠᠷ ᠰᠠᠶᠢᠵᠢᠷᠠᠵᠠᠢ᠃ 58 ᠭᠤᠣᠯᠳᠠᠯᠭ᠎ᠠ ᠲᠠᠢ ᠲᠥᠷᠥᠯ ᠵᠦᠢᠯ ᠳᠤ 102.9 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠭᠤᠯᠤᠨ ᠳᠠᠭᠠᠭᠤᠯᠬᠤ ᠡᠷᠴᠢᠮ ᠢ ᠴᠢᠩᠭᠠᠳᠬᠠᠪᠠ᠃ ᠪᠦᠬᠦ ᠵᠢᠯ ᠳᠤ 94.3 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 52 %᠎ ᠢᠶᠠᠷ ᠥᠰᠴᠦ᠂ ᠥᠰᠥᠯᠲᠡ ᠶᠢᠨ ᠬᠡᠮᠵᠢᠶ᠎ᠡ ᠪᠠᠷ ᠢᠶᠠᠨ ᠪᠦᠭᠦ ᠠᠶᠢᠮᠠᠭ ᠲᠤ ᠲᠡᠷᠢᠭᠦᠯᠡᠵᠦ᠂ ᠠᠷᠠᠯᠵᠢᠶᠠᠴᠢᠨ ᠤᠷᠢᠵᠤ ᠭᠡᠷ᠎ᠡ ᠲᠣᠭᠲᠠᠭᠰᠠᠨ 7 ᠲᠥᠷᠥᠯ ᠵᠦᠢᠯ ᠢ ᠠᠮᠵᠢᠯᠲᠠ ᠲᠠᠢ ᠡᠬᠢᠯᠡᠭᠦᠯᠵᠦ᠂ ᠿᠧᠨ ᠡᠾᠧ᠂ ᠶᠦᠨ ᠳ᠋ᠠ ᠰᠢᠨ᠎ᠡ ᠡᠨᠧᠷᠭᠢ ᠶᠢᠨ ᠥᠷᠭᠡᠨ ᠢᠶᠠᠷ ᠬᠠᠮᠤᠷᠤᠭᠰᠠᠨ᠂ ᠨᠥᠬᠦᠨ ᠬᠠᠩᠭᠠᠭᠰᠠᠨ ᠰᠦᠯᠵᠢᠶᠡᠨ ᠤ ᠠᠵᠤ ᠦᠢᠯᠡᠰ ‍ᠦᠨ‌ᠠᠵᠤ ᠦᠢᠯᠡᠰ ᠤᠨ ᠢᠵᠢ ᠪᠦᠷᠢᠨ ᠬᠥᠭᠵᠢᠯᠲᠡ ᠶᠢᠨ ᠨᠥᠬᠦᠪᠦᠷᠢᠯᠡᠬᠦ ᠲᠥᠷᠥᠯ ᠵᠦᠢᠯ ᠢ ᠶᠠᠪᠤᠭᠳᠠᠭᠤᠯᠵᠤ᠂ ᠠᠯᠠᠱᠠ ᠵᠡᠭᠦᠨ ᠬᠤᠰᠢᠭᠤᠨ ᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠠᠩᠬ᠎ᠠ ᠡᠬᠢᠯᠡᠭᠦᠯᠵᠦ᠂ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃ ᠬᠤᠸᠠ ᠳ᠋ᠢᠶᠠᠨ ᠺᠣᠮᠫᠠᠨᠢ ᠶᠢᠨ ︽ᠭᠤᠪᠢ ᠡᠯᠡᠰᠦ ᠶᠢ ᠥᠭᠡᠷᠡᠴᠢᠯᠡᠬᠦ︾ 200 ᠲᠦᠮᠡᠨ ᠺᠢᠯᠣᠸᠠᠲ ᠤᠨ ᠨᠠᠷᠠᠨ ᠡᠨᠧᠷᠭᠢ ᠪᠠᠷ ᠴᠠᠭᠢᠯᠭᠠᠨ ᠭᠠᠷᠭᠠᠬᠤ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠠᠭᠠᠨ ᠴᠠᠬᠢᠯᠭᠠᠨ ᠤ ᠲᠣᠣᠷ ᠲᠤ ᠳᠠᠮᠵᠢᠭᠤᠯᠤᠨ ᠴᠠᠭᠢᠯᠭᠠᠨ ᠭᠠᠷᠭᠠᠵᠤ᠂ ᠠᠯᠳ᠋ᠬᠠᠣᠪᠣᠭ᠎ᠠ ᠶᠢᠨ 500 ᠺᠢᠯᠤᠸᠤᠯᠲ ᠤᠨ ᠴᠠᠭᠢᠯᠭᠠᠨ ᠳᠠᠮᠵᠢᠭᠤᠯᠬᠤ ᠪᠣᠯᠤᠨ ᠬᠤᠪᠢᠷᠠᠭᠠᠬᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠡᠨᠧᠷᠭᠢ ᠬᠠᠳᠠᠭᠠᠯᠠᠬᠤ 4 ᠲᠥᠷᠥᠯ ᠵᠦᠢᠯ ᠢ ᠲᠣᠭᠲᠠᠭᠤᠨ ᠢᠶᠠᠷ ᠠᠬᠢᠭᠤᠯᠵᠤ᠂ ᠪᠦᠭᠦ ᠬᠤᠰᠢᠭᠤᠨ ᠤ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 571 ᠲᠦᠮᠡᠨ ᠺᠢᠯᠣᠸᠠᠲ ᠲᠤ ᠬᠦᠷᠴᠦ᠂ ᠶᠡᠷᠦᠩᠬᠡᠢ ᠴᠠᠭᠢᠯᠭᠠᠨ ᠭᠠᠷᠭᠠᠬᠤ ᠬᠡᠮᠵᠢᠶ᠎ᠡ ᠨᠢ 75.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ︽ᠬᠤᠶᠠᠷ ᠢ ᠳᠠᠪᠠᠭ᠋ᠤ︾ ᠬᠠᠷᠠᠯᠲᠠ ᠶᠢ ᠤᠷᠢᠳᠴᠢᠯᠠᠨ ᠪᠡᠶᠡᠯᠡᠭᠦᠯᠵᠦ᠂ ᠤᠯᠤᠰ ᠤᠨ ᠡᠨᠧᠷᠭᠢ ᠶᠢᠨ ᠡᠷᠡᠰᠳᠡᠯ ᠢ ᠳᠠᠭᠠᠭᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠬᠦ ᠶᠢ ᠪᠠᠲᠤᠯᠠᠪᠠ᠃ ᠣᠯᠠᠨᠪᠤᠯᠠᠭ ᠬᠢᠯᠢ ᠳᠠᠭᠠᠭᠰᠠᠨ ᠣᠷᠣᠨ ᠤ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠨᠢ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠳᠡᠰ ᠤᠨ ᠬᠠᠮᠲᠤᠷᠠᠭᠰᠠᠨ ᠬᠢᠨᠠᠯᠲᠠ ᠳᠤ ᠪᠠᠲᠤᠯᠠᠭᠳᠠᠵᠤ᠂ ᠪᠣᠬᠢᠷ ᠤᠰᠤ ᠶᠢ ᠴᠡᠪᠡᠷᠯᠡᠬᠦ ᠦᠢᠯᠡᠳᠪᠦᠷᠢ᠂ ᠠᠵᠤ ᠦᠢᠯᠡᠳᠪᠦᠷᠢ ᠶᠢᠨ ᠪᠡᠶᠡᠲᠦ ᠬᠠᠶᠠᠭᠳᠠᠯ ᠢ ᠰᠢᠢᠳᠪᠦᠷᠢᠯᠡᠬᠦ ᠦᠢᠯᠡᠳᠪᠦᠷᠢ ᠵᠡᠷᠭᠡ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠰᠡᠨ ᠲᠥᠷᠥᠯ ᠵᠦᠢᠯ ᠢ ᠡᠬᠢᠯᠡᠭᠦᠯᠦᠨ ᠪᠠᠶᠢᠭᠤᠯᠵᠤ᠂ ᠳᠤᠮᠳᠠᠳᠤ ᠤᠯᠤᠰ ᠤᠨ ᠨᠡᠭᠦᠷᠡᠰᠦᠨ ᠤ ᠪᠦᠯᠦᠭᠯᠡᠯ᠂ ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠦᠢᠯᠡᠰ ᠵᠡᠷᠭᠡ 5 ᠠᠵᠤ ᠠᠬᠤᠶᠢᠯᠠᠯ ᠲᠠᠢ ᠬᠠᠮᠲᠤ ᠶᠢᠨ ᠠᠵᠢᠯᠯᠠᠭᠠᠨ ᠤ ᠭᠡᠷ᠎ᠡ ᠪᠠᠶᠢᠭᠤᠯᠤᠨ᠂ ᠬᠦᠷᠢᠶᠡᠯᠡᠩ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠲᠠᠯ᠎ᠠ ᠶᠢ ᠪᠠᠳᠠᠷᠠᠭᠤᠯᠵᠠᠢ᠃ 6 ᠦᠢᠯᠡᠳᠪᠦᠷᠢᠯᠡᠯ ᠤᠨ ᠭᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠠᠷᠠᠭ᠎ᠠ ᠲᠠᠸᠠᠷ ᠨᠢ ᠢᠲ᠋ᠠᠯᠢ᠂ ᠹᠢᠯᠢᠫᠢᠨ ᠵᠡᠷᠭᠡ ᠤᠯᠤᠰ ᠲᠤ ᠪᠣᠷᠣᠯᠠᠭᠤᠯᠤᠭᠳᠠᠵᠤ᠂ ᠭᠠᠳᠠᠭᠠᠳᠤ ᠳᠤ ᠪᠣᠷᠣᠯᠠᠭᠤᠯᠤᠭᠰᠠᠨ ᠬᠡᠮᠵᠢᠶ᠎ᠡ ᠨᠢ 8435 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15 %᠎ ᠪᠠᠷ ᠨᠡᠮᠡᠭᠳᠡᠪᠡ᠃ ᠥᠯᠵᠡᠢ ᠪᠣᠭᠤᠮᠲᠠ ᠶᠢᠨ ᠰᠢᠯᠭᠠᠨ ᠨᠡᠪᠲᠡᠷᠡᠭᠦᠯᠬᠦ ᠲᠣᠨᠤᠭ ᠲᠥᠬᠦᠭᠡᠷᠦᠮᠵᠢ᠂ ᠪᠣᠭᠤᠮᠲᠠ ᠶᠢᠨ ᠬᠢᠨᠠᠯᠲᠠ ᠶᠢᠨ ᠪᠦᠰᠡ ᠵᠢᠴᠢ ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠰᠡᠨ ᠦᠢᠯᠡᠴᠢᠯᠡᠭᠡᠨ ᠤ ᠪᠦᠰᠡ ᠵᠡᠷᠭᠡ 5 ᠭᠤᠣᠯᠳᠠᠯᠭ᠎ᠠ ᠲᠠᠢ ᠲᠥᠷᠥᠯ ᠵᠦᠢᠯ ᠢ ᠪᠡᠶᠡᠯᠡᠭᠦᠯᠵᠦ᠂ ᠲᠦᠷ ᠬᠤᠭᠤᠴᠠᠭ᠎ᠠ ᠪᠠᠷ ᠪᠣᠭᠤᠮᠲᠠ ᠪᠠᠷ ᠥᠩᠭᠡᠷᠡᠭᠡᠬᠦ ᠠᠵᠢᠯ ᠤᠨ ᠲᠣᠭᠲᠠᠴᠠ ᠶᠢ ᠵᠢᠷᠤᠮᠵᠢᠭᠤᠯᠪᠠ᠃ 2024 ᠣᠨ ᠤ ︽ᠡᠯᠡᠰᠦ ᠮᠠᠩᠬᠠᠨ ᠳᠤ ᠴᠡᠩᠭᠡᠯᠳᠦᠨ ᠨᠠᠶᠢᠷᠯᠠᠵᠤ᠂ ᠳᠣᠣᠷ᠎ᠠ ᠠᠭᠠᠷ ᠢᠶᠠᠷ ᠳᠡᠭᠦᠯᠢᠨ ᠨᠢᠰᠰᠦᠭᠡᠢ︾ ᠭᠡᠮᠡᠬᠦ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠢ ᠤᠷᠢᠳᠴᠢᠯᠠᠨ ᠲᠥᠯᠥᠪᠯᠡᠵᠦ ᠪᠠᠶᠢᠷᠢᠯᠠᠭᠤᠯᠪᠠ ᠃ ᠳᠤᠮᠳᠠ ᠪᠠᠭ᠎ᠠ ᠠᠵᠤ ᠠᠬᠤᠶᠢᠯᠠᠯ ᠳᠤ 2 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ ᠰᠦᠶᠳᠬᠡᠯ ᠢ ᠪᠠᠭᠤᠷᠠᠭᠤᠯᠵᠤ᠂ ᠠᠵᠤ ᠦᠶᠯᠡᠰ ᠢ ᠲᠡᠳᠬᠦᠨ ᠬᠥᠭᠵᠢᠭᠦᠯᠬᠦ ᠲᠤᠰᠬᠠᠶ ᠪᠠᠯᠠ ᠮᠥᠩᠭᠦ ᠶᠢ 3785 ᠲᠦᠮᠡᠨ ᠲᠥᠭᠦᠷᠢᠭ ᠢ ᠴᠢᠷᠮᠠᠶᠢᠨ ᠡᠷᠡᠮᠡᠯᠵᠡᠯᠡᠵᠦ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ 2 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠵᠢᠯ ᠤᠨ ᠳᠣᠲᠣᠷ᠎ᠠ 4638 ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ ᠰᠢᠨ᠎ᠡ ᠪᠠᠷ ᠨᠡᠮᠡᠭᠳᠡᠭᠦᠯᠵᠦ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠂ ᠭᠠᠯ ᠲᠣᠭᠤᠭ᠎ᠠ ᠂ ᠤᠬᠢᠶᠠᠯᠭ᠎ᠠ ᠶᠢᠨ ᠥᠷᠥᠭᠡᠨ ᠤ ᠬᠡᠷᠡᠭᠯᠡᠭᠡ ᠶᠢᠨ ᠪᠠᠷᠠᠭ᠎ᠠ ᠪᠦᠲᠦᠭᠡᠭᠳᠡᠬᠦᠨ ᠤ ︽ᠬᠠᠭᠤᠴᠢᠨ ᠢ ᠰᠢᠨ᠎ᠡ ᠪᠠᠷ ᠰᠣᠯᠢᠬᠤ︾ ᠠᠵᠢᠯᠯᠠᠭ᠎ᠠ ᠶᠢ 70 ᠤᠳᠠᠭ᠎ᠠ ᠥᠷᠨᠢᠭᠦᠯᠵᠦ᠂ 1021 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ 3.2 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠨ᠂ ᠬᠡᠷᠡᠭᠯᠡᠭᠡ ᠶᠢ ᠪᠦᠲᠦᠮᠵᠢᠲᠡᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠢᠳᠡᠪᠬᠢᠵᠢᠯ ᠢ ᠬᠥᠭᠵᠢᠭᠦᠯᠪᠡ᠃       — ᠠᠵᠤ ᠦᠢᠯᠡᠰ ᠤᠨ ᠦᠨᠳᠦᠰᠦᠨ ᠨᠥᠬᠦᠴᠡᠯ ᠢ ᠰᠠᠶᠢᠵᠢᠷᠠᠭᠤᠯᠪᠠ᠃ ᠥᠨᠳᠥᠷ ᠦᠷ᠎ᠡ ᠠᠰᠢᠭᠲᠤ ᠤᠰᠤ ᠬᠡᠮᠨᠡᠬᠦ ᠪᠣᠬᠢᠷᠳᠤᠯ ᠦᠭᠡᠢ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠤᠰᠤ ᠬᠡᠮᠨᠡᠬᠦ ᠲᠠᠷᠢᠮᠠᠯ ᠢ 9.8 ᠲᠦᠮᠡᠨ ᠮᠦ ᠲᠠᠷᠢᠪᠠ᠃ ᠣᠯᠠᠨᠪᠤᠯᠠᠭ ᠤᠨ ᠨᠠᠭᠤᠷ ᠤᠨ ᠮᠥᠷᠭᠦ ᠵᠢᠭᠠᠰᠤ ᠨᠢ ᠪᠦᠭᠦ ᠤᠯᠤᠰ ᠤᠨ ︽ᠨᠡᠷᠡᠲᠦ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠢᠶᠠᠷ ᠦᠨᠡᠯᠡᠭᠳᠡᠵᠦ᠂ ᠹᠦ᠋ ᠰᠢᠨ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠨᠢ 2024 ᠣᠨ ᠤ ᠳᠤᠮᠳᠠᠳᠤ ᠤᠯᠤᠰ ᠤᠨ ᠲᠠᠷᠢᠶᠠᠴᠢᠨ ᠤ ᠬᠤᠷᠰᠢᠶᠠᠵᠢᠯ ᠤᠨ 500 ᠬᠦᠴᠦᠷᠬᠡᠭ ᠲᠤ ᠰᠣᠩᠭᠤᠭᠳᠠᠨ ᠣᠷᠣᠵᠤ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠬᠤᠷᠰᠢᠨ ᠬᠤᠪᠢ ᠣᠷᠣᠭᠤᠯᠵᠤ 676 ᠲᠦᠮᠡᠨ ᠲᠥᠭᠦᠷᠢᠭ ᠤᠨ ᠠᠰᠢᠭ ᠬᠤᠪᠢᠶᠠᠪᠠ᠃ ︽ᠠᠯᠠᠱᠠ ᠶᠢᠨ ᠴᠠᠭᠠᠨ ᠭᠤᠶᠣᠣ︾ ︽ᠳᠠᠪᠤᠰᠤᠨ ᠤ ᠵᠠᠮᠠᠭ ᠤᠨ ᠨᠤᠨᠳᠠᠭ︾᠎ ᠨᠢ ︽ᠥᠪᠥᠷ ᠮᠣᠩᠭᠤᠯ︾ ᠭᠡᠮᠡᠬᠦ ᠪᠠᠲᠤᠯᠠᠮᠵᠢ ᠶᠢ ᠠᠪᠴᠤ᠂ ᠠᠶᠢᠮᠠᠭ ᠤᠨ ᠬᠡᠪᠴᠢᠶᠡᠨ ᠳᠤ ᠡᠨᠡ ᠲᠥᠷᠥᠯ ᠤᠨ ᠪᠠᠲᠤᠯᠠᠭᠠᠵᠢᠭᠤᠯᠤᠯᠲᠠ ᠬᠢᠭᠳᠡᠭᠰᠡᠨ ᠠᠩᠬᠠᠨ ᠤ ᠪᠦᠲᠦᠭᠡᠭᠳᠡᠬᠦᠨ ᠪᠣᠯᠪᠠ ᠃ 1 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ 46 ᠲᠥᠷᠥᠯ ᠵᠦᠢᠯ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠲᠠᠷᠢᠶᠠᠯᠠᠩ ᠪᠠ ᠵᠢᠭᠤᠯᠴᠢᠯᠠᠯ ᠢ ᠤᠶᠠᠯᠳᠤᠭᠤᠯᠤᠨ᠂ ᠴᠠᠬᠢᠮ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠢ ᠪᠣᠯᠭᠠᠪᠠ᠃ ᠬᠠᠷ᠎ᠠ ᠶᠢᠨ ᠠᠭᠤᠯᠠ᠂ ᠭᠠᠯ ᠪᠠᠮᠪᠠᠷ ᠤᠨ ᠠᠩᠭᠢ ᠶᠢᠨ ᠠᠭᠤᠷᠬᠠᠢ᠂ ᠬᠤᠯᠤᠰᠤᠲᠠᠢ ᠨᠡᠭᠦᠷᠡᠰᠦᠨ ᠤ  ᠠᠭᠤᠷᠬᠠᠢ ᠶᠢᠨ  ᠣᠷᠣᠨ ᠤ  ᠶᠡᠷᠦᠩᠬᠡᠢ  ᠲᠥᠯᠦᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ︽ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠡᠷᠦᠩᠬᠡᠢ ᠲᠥᠯᠦᠪᠵᠢᠭᠦᠯᠭᠡ︾᠎ ᠳᠤ ᠲᠣᠬᠢᠷᠠᠭᠤᠯᠤᠯᠲᠠ ᠬᠢᠵᠦ᠂ ᠪᠠᠶᠠᠨᠪᠣᠯᠠᠭ ︵ᠭᠠᠯᠪᠠᠷᠰᠤᠲᠠᠢ ᠶᠢᠨ ᠪᠤᠯᠠᠭ︶᠎ ᠤᠨ ᠠᠭᠤᠷᠬᠠᠢ᠂ ᠪᠡᠯ ᠤᠨ ᠠᠭᠤᠷᠬᠠᠢ᠂ ᠪᠠᠶᠠᠨ ᠨᠡᠭᠦᠷᠡᠰᠦᠨ ᠠᠭᠤᠷᠬᠠᠢ ᠳᠤ ᠮᠡᠷᠭᠡᠵᠢᠯ ᠤᠨ ᠥᠭᠡᠷᠡᠴᠢᠯᠡᠯᠲᠡ ᠪᠠᠷ ᠨᠢᠭᠡᠳᠬᠡᠨ ᠬᠥᠭᠵᠢᠭᠦᠯᠵᠦ᠂ ᠠᠭᠤᠷᠬᠠᠢ ᠶᠢᠨ ᠠᠵᠤ ᠠᠬᠤᠶᠢᠯᠠᠯ ᠤᠨ ᠬᠡᠪᠴᠢᠶᠡᠵᠢᠭᠰᠡᠨ᠂ ᠡᠷᠴᠢᠮᠵᠢᠭ᠍ᠰᠡᠨ ᠪᠠ ᠣᠶᠤᠨᠵᠢᠬᠰᠠᠨ ᠬᠥᠭᠵᠢᠯᠲᠡ ᠶᠢ ᠬᠤᠷᠳᠤᠰᠬᠠᠪᠠ᠃ 16.9 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠵᠤ᠂ ᠪᠠᠶᠠᠨᠪᠣᠯᠠᠭ ᠬᠡᠤᠷᠡᠰᠦᠵᠢᠭᠰᠡᠨ ᠨᠡᠭᠦᠷᠡᠰᠦᠨ ᠤ ᠺᠣᠮᠫᠠᠨᠢ ᠶᠢᠨ 700 ᠲᠦᠮᠡᠨ ᠲᠤᠨ ᠨᠡᠭᠦᠷᠡᠰᠦ ᠤᠬᠢᠶᠠᠵᠤ ᠰᠢᠯᠢᠬᠦ᠂ ᠬᠤᠩ ᠶᠤᠸᠠᠨ ᠲᠡᠮᠦᠷᠯᠢᠭ ᠤᠨ 30 ᠲᠦᠮᠡᠨ ᠲᠤᠨ ᠬᠦᠳᠡᠷ ᠰᠢᠯᠢᠬᠦ ᠵᠡᠷᠭᠡ 16 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠡᠢ᠃ 14 ᠠᠵᠤ ᠦᠶᠯᠡᠳᠪᠦᠷᠢ ᠶᠢᠨ ᠠᠵᠤ ᠠᠬᠤᠶᠢᠯᠠᠯ ᠨᠢ ᠳᠠᠬᠢᠨ ᠠᠰᠢᠭᠯᠠᠬᠤ ᠡᠨᠧᠷᠭᠢ ᠶᠢᠨ ᠪᠣᠬᠢᠷᠲᠤᠯ ᠥᠬᠡᠶ ᠴᠠᠬᠢᠯᠭᠠᠨ ᠬᠦᠴᠦᠨ ᠤ ᠦᠨᠡᠮᠯᠡᠯ ᠤᠨ ᠪᠠᠲᠤᠯᠠᠮᠵᠢ ᠶᠢ ᠣᠯᠪᠠ᠃ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠠᠽᠢᠶ᠎ᠠ ᠲᠢᠪ ᠂ ᠨᠤᠮᠤᠬᠠᠨ ᠳᠠᠯᠠᠢ ᠶᠢᠨ ᠪᠦᠰᠡ ᠶᠢᠨ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠥᠯ ᠤᠨ ᠰᠣᠷᠢᠯᠲᠠ ᠶᠢᠨ ᠲᠡᠮᠡᠴᠡᠭᠡᠨ᠂ ᠲᠡᠮᠡᠭᠡᠨ ᠰᠣᠶᠣᠯ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠠᠮᠵᠢᠯᠲᠠ ᠎ ᠲᠠᠢ ᠡᠷᠬᠢᠯᠡᠵᠦ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠶᠢ ᠤᠯᠤᠰ ᠤᠨ ᠳᠡᠰ ᠤᠨ ᠵᠢᠭᠤᠯᠴᠢᠯᠠᠯ ᠤᠨ ᠰᠡᠯᠡᠭᠦᠴᠡᠯ ᠤᠨ ᠵᠡᠭᠡᠯᠢ ᠪᠠᠷ ᠭᠤᠶᠤᠴᠢᠯᠠᠨ ᠮᠡᠳᠡᠭᠦᠯᠵᠦ᠂ ᠬᠤᠺ ᠵᠠᠮ᠂ ᠶᠢᠰᠦᠨ ᠬᠤᠳᠳᠤᠭ ᠤᠨ ᠦᠵᠡᠮᠵᠢ ᠶᠢᠨ ᠣᠷᠣᠨ ᠨᠢ ᠲᠤᠰ ᠲᠤᠰ ᠤᠯᠤᠰ ᠤᠨ 2A᠂ 3A ᠳᠡᠰ ᠤᠨ ᠦᠵᠡᠮᠵᠢ ᠶᠢᠨ ᠣᠷᠣᠨ ᠤ ᠪᠠᠲᠤᠯᠠᠮᠵᠢ ᠶᠢ ᠣᠯᠵᠤ᠂ ︽ᠲᠠᠪᠤᠨ ᠨᠠᠭᠤᠷ ᠤᠨ ᠠᠶᠠᠯᠠᠯ︾ ︽ᠳᠡᠯᠡᠬᠡᠢ ᠶᠢᠨ ᠵᠢᠷᠦᠬᠡᠨ ᠲᠥᠪ︾ ᠵᠡᠷᠭᠡ ᠡᠯᠡᠰᠦᠨ ᠴᠦᠯ ᠤᠨ ᠵᠢᠭᠤᠯᠴᠢᠯᠠᠯ ᠨᠢ ᠴᠠᠬᠢᠮ ᠰᠦᠯᠵᠢᠶ᠎ᠡ ᠳᠤ ᠲᠦᠭᠡᠮᠡᠯᠵᠢᠯᠡᠭ᠌ᠳᠡᠵᠤ᠂ ᠪᠦᠭᠦ ᠵᠢᠯ ᠳᠤ 348 ᠲᠦᠮᠡᠨ ᠬᠥᠮᠥᠨ ᠤᠳᠠᠭ᠎ᠠ ᠵᠢᠭᠤᠯᠴᠢᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 17.4 ᠳ᠋ᠦᠩᠰᠢᠭᠤᠷ ᠲᠥᠭᠦᠷᠢᠭ ᠲᠤ ᠬᠦᠷᠴᠡᠢ᠃       — ᠰᠠᠭᠤᠷᠢ ᠲᠥᠬᠦᠭᠡᠷᠦᠮᠵᠢ ᠶᠢ ᠤᠯᠠᠮ ᠲᠡᠭᠦᠯᠳᠡᠷᠵᠢᠭᠦᠯᠪᠡ᠃ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ ᠴᠠᠭᠠᠨ ᠳᠡᠷᠡᠰᠦ ᠠᠴᠠ ᠪᠠᠶᠠᠨᠬᠤᠲᠠ ᠬᠦᠷᠬᠦ ᠲᠡᠮᠦᠷ ᠵᠠᠮ ᠤᠷᠤᠭᠰᠢᠲᠠᠢ ᠡᠬᠢᠯᠡᠵᠦ᠂ ᠯᠢᠨ ᠾᠧ ᠠᠴᠠ ᠬᠠᠮᠢ ᠬᠦᠷᠬᠦ ᠲᠡᠮᠦᠷ ᠵᠠᠮ ᠤᠨ ᠴᠢᠳᠠᠮᠵᠢ ᠶᠢ ᠰᠢᠨᠡᠴᠢᠯᠡᠨ ᠥᠭᠡᠷᠡᠴᠢᠯᠡᠬᠦ ᠢᠨᠵᠧᠨᠧᠷᠢᠩ ᠢ ᠠᠬᠢᠭᠤᠯᠪᠠ᠃ G1817 ᠪᠠᠶᠠᠨᠬᠤᠳᠳᠤᠭ ᠠᠴᠠ ᠪᠠᠶᠠᠨᠬᠤᠲᠠ ᠬᠦᠷᠬᠦ ᠬᠤᠷᠳᠤᠨ ᠤ ᠵᠠᠮ ᠢ ᠠᠰᠢᠭᠯᠠᠯᠲᠠ ᠳᠤ ᠣᠷᠣᠭᠤᠯᠵᠤ᠂ ᠪᠠᠷᠠᠭᠤᠨ ᠢᠩᠭᠡᠨ ᠠᠴᠠ ᠢᠩᠭᠡᠨ ᠬᠦᠷᠬᠦ ᠵᠡᠷᠭᠡ ᠬᠥᠳᠡᠭᠡ ᠲᠣᠰᠬᠤᠨ ᠤ 7 ᠵᠤᠷᠪᠤᠰ ᠵᠠᠰᠠᠮᠠᠯ ᠵᠠᠮ ᠤᠨ ᠠᠷᠠᠴᠢᠯᠠᠯᠲᠠ ᠬᠠᠮᠠᠭᠠᠯᠠᠯᠲᠠ ᠶᠢ ᠪᠡᠶᠡᠯᠡᠭᠦᠯᠪᠡ᠃ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠨᠢ ᠪᠦᠭᠦ ᠤᠯᠤᠰ ᠤᠨ ᠠᠩᠬᠠᠳᠠᠭᠴᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠨ ᠰᠢᠨᠡᠴᠢᠯᠡᠬᠦ ᠲᠥᠷᠥᠯ ᠵᠦᠢᠯ ᠢᠶᠠᠷ ᠪᠠᠲᠤᠯᠠᠭᠳᠠᠵᠤ᠂ ᠰᠢᠨ᠎ᠡ ᠪᠠᠷ 2 ᠵᠤᠷᠪᠤᠰ ︽ᠰᠠᠯᠪᠤᠷᠢ ᠱᠤᠭᠤᠮ︾᠎ ᠤᠨ ᠨᠢᠰᠦᠯᠭᠡ ᠶᠢ ᠨᠡᠪᠲᠡᠷᠡᠭᠦᠯᠦᠨ᠂ ᠠᠭᠠᠷ ᠠᠶᠠᠯᠠᠯ ᠤᠨ ᠱᠤᠭᠤᠮ ᠤᠨ ᠨᠥᠬᠦᠪᠦᠷᠢ ᠶᠢᠨ ᠪᠡᠯᠡ ᠮᠥᠩᠭᠦ ᠶᠢ 5008 ᠲᠦᠮᠡᠨ ᠲᠥᠭᠦᠷᠢᠭ ᠢᠶᠠᠷ ᠪᠠᠲᠤᠯᠠᠵᠤ᠂ ᠪᠦᠭᠦ ᠵᠢᠯ ᠤᠨ ᠨᠢᠰᠦᠯᠭᠡ ᠶᠢᠨ ᠳᠠᠪᠲᠠᠮᠵᠢ᠂ ᠵᠣᠷᠴᠢᠭᠴᠢ ᠵᠢᠴᠢ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠵᠡᠷᠭᠡ ᠭᠤᠷᠪᠠᠨ ᠵᠦᠢᠯ ᠤᠨ ᠭᠦᠢᠴᠡᠳᠬᠡᠬᠦ ᠲᠤᠭ᠎ᠠ ᠨᠢ ᠪᠦᠷ ᠥᠩᠭᠡᠷᠡᠭᠰᠡᠨ ᠭᠤᠷᠪᠠᠨ ᠵᠢᠯ ᠤᠨ ᠬᠠᠮᠤᠭ ᠤᠨ ᠳᠡᠭᠡᠳᠦ ᠲᠦᠪᠰᠢᠨ ᠳᠤ ᠬᠦᠷᠴᠦ ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠲᠡᠭᠡᠭᠡᠪᠦᠷᠢ ᠶᠢᠨ ᠰᠦᠯᠵᠢᠶ᠎ᠡ ᠤᠯᠠᠮ ᠰᠠᠶᠢᠵᠢᠷᠠᠪᠠ ᠃ 2.5 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠳᠤ ᠴᠠᠬᠢᠯᠭᠠᠨ ᠬᠠᠩᠭᠠᠵᠤ᠂ ᠪᠤᠶᠢᠳᠠ ᠪᠥᠭᠯᠡᠭᠦᠦ ᠭᠠᠵᠠᠷ ᠣᠷᠣᠨ ᠤ ᠮᠠᠯᠴᠢᠨ ᠲᠠᠷᠢᠶᠠᠴᠢᠨ ᠤ ᠰᠢᠨ᠎ᠡ ᠡᠨᠧᠷᠭᠢ ᠶᠢᠨ ᠴᠠᠬᠢᠯᠭᠠᠨ ᠬᠡᠷᠡᠭᠯᠡᠭᠡ ᠶᠢ ᠰᠠᠶᠢᠵᠢᠷᠠᠭᠤᠯᠵᠤ᠂ ᠬᠢᠯᠢ ᠬᠢᠵᠠᠭᠠᠷ ᠣᠷᠣᠨ ᠤ ︽ᠤᠰᠤ ᠴᠠᠭᠢᠯᠭᠠᠨ ᠵᠠᠮ ᠬᠠᠷᠢᠯᠴᠠᠭ᠎ᠠ ᠴᠢᠮᠡᠭᠡ ᠬᠤᠯᠪᠤᠭ᠎ᠠ︾᠎ ᠶᠢᠨ ᠰᠠᠭᠤᠷᠢ ᠲᠥᠬᠦᠭᠡᠷᠦᠮᠵᠢ ᠶᠢᠨ ᠨᠢᠭᠡᠳᠦᠭᠰᠡᠨ ᠲᠥᠰᠥᠯ ᠢ ᠲᠣᠭᠲᠠᠭᠤᠨ ᠢᠶᠠᠷ ᠬᠡᠷᠡᠭᠵᠢᠭᠦᠯᠵᠦ᠂ ᠪᠦᠭᠦ ᠬᠤᠰᠢᠭᠤᠨ ᠤ ᠪᠤᠢ ᠪᠦᠬᠦᠢ ᠭᠠᠴᠠᠭ᠎ᠠ ᠶᠢᠨ ᠵᠥᠪᠯᠡᠯ ᠳᠤ ᠲᠣᠣᠷᠴᠢᠯᠠᠬᠰᠠᠨ ᠴᠠᠭᠢᠯᠭᠠᠨ ᠱᠤᠭᠤᠮ ᠢ ᠨᠡᠪᠲᠡᠷᠡᠭᠦᠯᠵᠦ᠂ ᠣᠨᠴᠠᠭᠠᠶᠢᠯᠠᠨ ᠳᠤᠮᠳᠠ ᠬᠤᠶᠢᠲᠤ ᠣᠷᠣᠨ ᠤ ᠲᠠᠷᠠᠬᠠᠢ ᠰᠠᠭᠤᠷᠢᠰᠢᠭᠰᠠᠨ ᠮᠠᠯᠴᠢᠨ ᠡᠷᠦᠭᠡ ᠳᠤ ᠤᠰᠤᠨ ᠤ ᠬᠠᠩᠭᠠᠮᠵᠢ ᠵᠡᠷᠭᠡ 5 ᠢᠨᠵᠧᠨᠧᠷᠢᠩ ᠢ ᠠᠰᠢᠭᠯᠠᠯᠲᠠ ᠳᠤ ᠣᠷᠣᠭᠤᠯᠣᠭᠰᠠᠨ ᠢᠶᠠᠷ᠂ 29 ᠭᠠᠴᠠᠭᠠᠨ ᠤ ᠬᠥᠮᠥᠨ ᠮᠠᠯ ᠤᠨ ᠤᠰᠤ ᠤᠮᠳᠠ ᠶᠢᠨ ᠠᠶᠦᠯᠭᠦᠢ ᠶᠢ ᠪᠠᠲᠤᠯᠠᠵᠤ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠨᠠᠢᠮᠠᠳᠤᠭᠠᠷ ᠰᠤᠮᠤᠨ ᠤ 30 ᠵᠢᠯ ᠤᠨ ᠲᠤᠷᠰᠢᠬᠢ ᠤᠰᠤᠨ ᠤ ᠬᠡᠷᠡᠭᠯᠡᠭᠡᠨ ᠤ ᠬᠦᠴᠢᠷᠳᠡᠯ ᠢ ᠰᠢᠢᠳᠪᠦᠷᠢᠯᠡᠪᠡ᠃ ︽ᠳᠤᠯᠠᠭᠠᠯᠠᠭ᠎ᠠ ᠶᠢᠨ ᠢᠨᠵᠧᠨᠧᠷᠢᠩ︾᠎ ᠢ ᠡᠮᠬᠢ ᠵᠢᠷᠤᠮ ᠲᠠᠢ ᠬᠡᠷᠡᠭᠵᠢᠭᠦᠯᠵᠦ᠂ 8844 ᠲᠦᠮᠡᠨ ᠲᠥᠭᠦᠷᠢᠭ ᠤᠨ ᠬᠥᠷᠥᠩᠭᠡ ᠣᠷᠣᠭᠤᠯᠵᠤ ᠂ 119 ᠺᠢᠯᠣᠮᠧᠲᠷ ᠤᠨ ᠳᠤᠯᠠᠭᠠᠯᠠᠭ᠎ᠠ ᠶᠢᠨ ᠬᠤᠭᠤᠯᠠᠢ᠂ ᠬᠡᠢ ᠬᠠᠩᠭᠠᠬᠤ ᠬᠤᠭᠤᠯᠠᠢ ᠶᠢ ᠥᠭᠡᠷᠡᠴᠢᠯᠡᠨ ᠰᠢᠨᠡᠳᠬᠡᠵᠦ ᠂ 94 ᠬᠤᠷᠢᠶᠠᠯᠠᠯ ᠤᠨ 4 ᠲᠦᠮᠡ ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠡᠶ᠎ᠡ ᠵᠣᠬᠢᠴᠠᠩᠭᠤᠢ ᠵᠠᠮ ᠤᠨ ᠵᠡᠭᠦᠨ ᠬᠡᠰᠡᠭ᠂ ᠪᠠᠷᠠᠭᠤᠨ ᠴᠡᠴᠡᠷᠯᠢᠭ ᠤᠨ ᠡᠮᠦᠨ᠎ᠡ ᠵᠡᠭᠡᠯᠢ ᠶᠢᠨ ᠵᠡᠭᠦᠨ ᠬᠡᠰᠡᠭ ᠤᠨ ᠮᠤᠬᠤᠷ ᠵᠠᠮ ᠢ ᠨᠡᠪᠲᠡᠷᠡᠭᠦᠯᠪᠡ᠃ 6 ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠵᠤ᠂ 7 ᠨᠡᠶᠢᠲᠡ ᠶᠢᠨ ᠮᠠᠰᠢᠨ ᠤ ᠵᠣᠭᠰᠣᠭᠠᠯ ᠢ ᠰᠢᠨ᠎ᠡ ᠪᠠᠷ ᠪᠠᠶᠢᠭᠤᠯᠤᠨ᠂ 2 ︽ᠪᠢᠴᠢᠯ ᠴᠡᠴᠡᠷᠯᠢᠭ︾᠎ ᠢ ᠪᠠᠶᠢᠭᠤᠯᠪᠠ᠃ 1 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠵᠤ᠂ ᠪᠠᠶᠠᠨᠬᠤᠲᠠ ᠶᠢᠨ ᠤᠰᠤᠨ ᠤ ᠴᠢᠨᠠᠷ ᠢ ᠳᠡᠭᠡᠭᠰᠢᠯᠡᠭᠦᠯᠭᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ 29.4 ᠺᠢᠯᠣᠮᠧᠲᠷ ᠤᠰᠤ ᠬᠠᠩᠭᠠᠬᠤ ᠬᠤᠭᠤᠯᠠᠢ ᠪᠣᠯᠣᠨ ᠪᠣᠬᠢᠷ ᠤᠰᠤᠨ ᠤ ᠬᠤᠭᠤᠯᠠᠢ ᠶᠢ ᠰᠢᠨᠡᠳᠬᠡᠨ ᠥᠭᠡᠷᠡᠴᠢᠯᠡᠵᠦ᠂ 2.2 ᠲᠦᠮᠡᠨ ᠤᠰᠤᠨ ᠤ ᠲᠣᠭᠠᠯᠠᠭᠤᠷ ᠢ ᠣᠶᠤᠨᠯᠢᠭ ᠲᠥᠬᠦᠭᠡᠷᠦᠮᠵᠢ ᠎ ᠪᠠᠷ ᠰᠣᠯᠢᠵᠤ᠂ ᠬᠤᠲᠠ ᠪᠠᠯᠭᠠᠰᠤᠨ ᠤ ᠤᠰᠤᠨ ᠤ ᠬᠠᠩᠭᠠᠮᠵᠢ ᠶᠢᠨ ᠬᠤᠭᠤᠯᠠᠢ ᠶᠢ ᠰᠡᠯᠪᠢᠨ ᠵᠠᠰᠠᠵᠤ᠂ ᠬᠤᠲᠠ ᠶᠢᠨ ᠬᠥᠭᠵᠢᠯᠲᠡ ᠶᠢᠨ ᠣᠷᠣᠨ ᠵᠠᠢ ᠪᠠ ᠤᠶᠠᠨ ᠬᠠᠲᠠᠨ ᠴᠢᠨᠠᠷ ᠢ ᠳᠡᠭᠡᠭᠰᠢᠯᠡᠭᠦᠯᠪᠡ᠃       — ᠠᠮᠢ ᠠᠬᠤᠢ ᠶᠢᠨ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠃ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠴᠡᠯᠮᠡᠭ ᠲᠡᠭᠷᠢ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠭᠦᠢᠴᠡᠳᠬᠡᠵᠦ᠂ ᠪᠠᠶᠠᠨᠬᠤᠲᠠ ᠣᠷᠣᠨ ᠤ ᠠᠭᠠᠷ ᠤᠨ ᠴᠢᠨᠠᠷ ᠤᠨ ᠰᠠᠶᠢᠨ ᠡᠳᠦᠷ ᠤᠨ ᠲᠤᠭ᠎ᠠ ᠨᠢ 95%᠎ ᠠᠴᠠ ᠳᠡᠭᠡᠭᠰᠢ ᠲᠦᠪᠰᠢᠨ ᠳᠤ ᠲᠣᠭᠲᠠᠪᠤᠷᠢᠲᠠᠢ ᠪᠠᠶᠢᠵᠤ ᠂ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠤᠨ ᠰᠢᠯᠢᠳᠡᠭ ᠨᠣᠷᠮ᠎ᠠ ᠨᠢ 100%᠎ ᠳᠤ ᠬᠦᠷᠴᠡᠢ᠃ ᠪᠠᠷᠠᠭᠤᠨ ᠣᠷᠣᠨ ᠤ 208 ᠲᠦᠮᠡᠨ ᠮᠦ ᠡᠯᠡᠰᠦ ᠮᠠᠩᠬ᠎ᠠ ᠶᠢ ᠵᠠᠰᠠᠬᠤ ᠬᠤᠶᠠᠳᠤᠭᠠᠷ ᠬᠤᠭᠤᠴᠠᠭᠠᠨ ᠤ ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠡᠯᠡᠰᠦᠨ ᠤ ᠨᠡᠭᠦᠳᠡᠯ ᠢ ᠬᠤᠷᠢᠵᠤ ᠣᠶᠢᠵᠢᠭᠤᠯᠬᠤ ᠪᠣᠯᠣᠨ ᠰᠠᠯᠬᠢᠨ ᠤ ᠡᠨᠧᠷᠭᠢ ᠪᠠ ᠨᠠᠷᠠᠨ ᠤ ᠡᠨᠧᠷᠭᠢ ᠶᠢ ᠤᠶᠠᠯᠳᠤᠭᠤᠯᠤᠨ ᠬᠥᠭᠵᠢᠭᠦᠯᠦᠭᠰᠡᠨ ᠲᠥᠷᠥᠯ ᠵᠦᠢᠯ ᠢᠶᠠᠷ 12 ᠲᠦᠮᠡᠨ ᠮᠦ ᠶᠢ ᠥᠭᠡᠷᠡᠴᠢᠯᠡᠵᠦ᠂ ᠴᠥᠯᠵᠢᠭᠰᠡᠨ ᠭᠠᠵᠠᠷ ᠰᠢᠷᠣᠢ ᠪᠣᠯᠣᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠢ ︽ᠵᠡᠷᠭᠡᠪᠡᠷ ᠪᠠᠭᠤᠷᠠᠭᠤᠯᠬᠤ︾ ᠠᠵᠢᠯ ᠢ ᠪᠡᠶᠡᠯᠡᠭᠦᠯᠪᠡ᠃ ᠠᠯᠠᠱᠠ ᠠᠭᠤᠯᠠ ᠨᠢ ᠤᠯᠤᠰ ᠤᠨ ᠨᠢᠭᠡᠳᠦᠭᠡᠷ ᠪᠦᠯᠦᠭ ᠡᠬᠡ ᠬᠠᠭᠤᠷᠠᠢ ᠶᠢᠨ ᠵᠡᠷᠯᠢᠭ ᠠᠮᠢᠲᠠᠳ ᠤᠨ ᠭᠤᠣᠯ ᠠᠮᠢᠳᠤᠷᠠᠬᠤ ᠣᠷᠴᠢᠨ ᠤ ᠵᠢᠭᠰᠠᠭᠠᠯᠳᠠ ᠳᠤ ᠠᠮᠵᠢᠯᠲᠠ ᠲᠠᠢ ᠪᠦᠷᠢᠳᠬᠡᠭᠳᠡᠵᠦ᠂ ᠬᠠᠮᠠᠭᠠᠯᠠᠯᠲᠠ ᠶᠢᠨ ᠣᠷᠣᠨ ᠤ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ ᠵᠠᠮ ᠱᠤᠭᠤᠮ᠂ ᠵᠢᠯᠤᠭᠤᠳᠬᠤ ᠲᠥᠪ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠨᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠨᠣᠴᠣᠭᠠᠨ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠰᠢᠶᠡᠷᠡᠯ ᠢ ᠣᠯᠵᠠᠢ᠃ ᠠᠭᠤᠷᠬᠠᠢ ᠶᠢᠨ ᠠᠮᠤᠷ ᠲᠦᠪᠰᠢᠨ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠢᠴᠢ ︽ᠬᠤᠯᠠᠭᠠᠶᠢᠯᠠᠨ ᠮᠠᠯᠲᠠᠵᠤ ᠳᠤᠷ᠎ᠠ ᠪᠠᠷ ᠤᠬᠤᠬᠤ︾ ᠠᠵᠢᠯᠯᠠᠭ᠎ᠠ ᠳᠤ ᠲᠤᠰᠬᠠᠢ ᠠᠷᠭ᠎ᠠ ᠠᠪᠴᠠᠯ ᠢᠶᠠᠷ ᠬᠠᠲᠠᠭᠤ ᠴᠣᠬᠢᠯᠲᠠ ᠥᠭᠴᠦ᠂ ᠬᠠᠷ᠎ᠠ ᠶᠢᠨ ᠠᠭᠤᠯᠠ ᠶᠢᠨ ᠠᠭᠤᠷᠬᠠᠢ ᠶᠢᠨ ᠣᠷᠣᠨ ᠤ ᠨᠢᠭᠡᠳᠦᠭᠡᠷ ᠬᠤᠭᠤᠴᠠᠭ᠎ᠠ ᠵᠢᠴᠢ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠪᠠ ᠬᠠᠲᠤᠨ ᠭᠤᠣᠯ ᠤᠨ ᠰᠠᠪᠠ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠠᠷᠭ᠎ᠠ ᠠᠪᠴᠠᠯ ᠢᠶᠠᠷ ᠰᠢᠮᠳᠠᠭᠤᠯᠤᠨ ᠪᠠᠶᠢᠴᠠᠭᠠᠬᠤ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠵᠠᠰᠠᠬᠤ ᠪᠦᠰᠡ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃       — ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ 2.2 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠵᠤ᠂ 26 ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠪᠡᠶᠡᠯᠡᠭᠦᠯᠪᠡ᠃ ᠠᠷᠭ᠎ᠠ ᠪᠦᠬᠦᠨ ᠢ ᠰᠡᠳᠦᠵᠦ᠂ ᠠᠵᠢᠯ ᠣᠯᠭᠤᠯᠲᠠ ᠶᠢ ᠠᠬᠢᠭᠤᠯᠤᠨ᠂ ᠬᠤᠲᠠ ᠪᠠᠯᠭᠠᠰᠤᠨ ᠤ 1126 ᠬᠥᠮᠥᠨ ᠳᠤ ᠰᠢᠨ᠎ᠡ ᠪᠠᠷ ᠠᠵᠢᠯ ᠣᠯᠭᠤᠵᠤ᠂ 1901 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠡᠷᠴᠢᠮᠲᠡᠢ ᠳᠡᠭᠡᠭᠰᠢᠯᠡᠭᠦᠯᠦᠨ᠂ ᠬᠡᠦᠬᠡᠳ ᠤᠨ ᠬᠤᠶᠠᠳᠤᠭᠠᠷ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠨᠠᠶᠢᠳᠠᠨ ᠬᠥᠮᠥᠵᠢᠭᠦᠯᠬᠦ ᠲᠤᠷᠰᠢᠯᠲᠠ ᠶᠢᠨ ᠪᠠᠶᠢᠭᠤᠯᠤᠮᠵᠢ ᠳᠤ ᠣᠷᠣᠭᠤᠯᠤᠨ᠂ ᠪᠡᠭᠡᠵᠢᠩ ᠥᠪᠥᠷ ᠮᠣᠩᠭᠤᠯ ᠤᠨ ᠬᠠᠷᠢᠯᠴᠠᠭ᠎ᠠ ᠶᠢ ᠰᠠᠶᠢᠵᠢᠷᠠᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠳᠤ ᠠᠮᠵᠢᠯᠲᠠ ᠲᠠᠢ ᠣᠷᠣᠭᠤᠯᠵᠤ᠂ 11 ᠰᠤᠷᠭᠠᠭᠤᠯᠢ ᠨᠢ ᠭᠦᠭᠡᠬᠤᠲᠠ ᠶᠢᠨ ᠰᠠᠶᠢᠬᠠᠨ ᠲᠣᠭᠤᠷᠢᠭ ᠲᠠᠢ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢ ᠪᠠᠶᠢᠭᠤᠯᠪᠠ᠃ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠲᠤᠰᠬᠠᠢ ᠪᠡᠯᠡ ᠮᠥᠩᠭᠦ ᠶᠢ 1.1 ᠳ᠋ᠦᠩᠰᠢᠭᠤᠷ ᠲᠥᠭᠦᠷᠢᠭ ᠡᠷᠡᠮᠡᠯᠵᠡᠯᠡᠵᠦ᠂ ᠨᠢᠭᠡ ᠪᠦᠯᠦᠭ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠲᠡᠩᠴᠡᠭᠦᠷᠢ ᠲᠠᠢ ᠬᠥᠭᠵᠢᠬᠦ ᠶᠢ ᠠᠬᠢᠭᠤᠯᠪᠠ᠃ ︽ᠰᠤᠷᠤᠭᠴᠢᠳ ᠤᠨ ᠬᠤᠭᠤᠯᠠ︾᠎ ᠲᠠᠢ ᠬᠤᠯᠪᠣᠭᠠᠲᠠᠢ ᠲᠤᠯᠭᠠᠮᠳᠠᠭᠰᠠᠨ ᠠᠰᠠᠭᠤᠳᠠᠯ ᠤᠳ ᠢ ᠲᠤᠰᠬᠠᠢ ᠠᠷᠭ᠎ᠠ ᠬᠡᠮᠵᠢᠶ᠎ᠠ ᠪᠠᠷ ᠵᠠᠰᠠᠨ ᠴᠡᠭᠴᠡᠯᠡᠵᠦ᠂ ︽ᠬᠡᠦᠬᠡᠳ ᠤᠨ ᠬᠤᠭᠤᠯᠠᠨ ᠤ ᠮᠥᠩᠭᠦ ᠠᠴᠠ ᠱᠠᠮᠰᠢᠬᠤ︾ ᠠᠵᠢᠯᠯᠠᠭ᠎ᠠ ᠶᠢ ᠪᠦᠷᠢᠮᠦᠰᠦᠨ ᠲᠡᠪᠴᠢᠭᠰᠡᠨ ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠶᠢᠮᠠᠭ ᠤᠨ ᠳᠣᠲᠣᠷ᠎ᠠ ᠭᠠᠳᠠᠨᠠᠬᠢ ᠭᠤᠷᠪᠠᠳᠤᠭᠠᠷ ᠳᠡᠰ ᠤᠨ 9 ᠨᠡᠷᠡᠲᠦ ᠰᠢᠯᠢᠳᠡᠭ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ 18 ᠰᠢᠨ᠎ᠡ ᠮᠡᠷᠭᠡᠵᠢᠯ ᠤᠨ ᠲᠥᠷᠥᠯ ᠵᠦᠢᠯ ᠢ ᠪᠠᠶᠢᠭᠤᠯᠪᠠ᠃ 10 ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠬᠢ ᠪᠠᠶᠠᠯᠢᠭ ᠢ ᠨᠢᠭᠡᠳᠬᠡᠵᠦ᠂ ᠪᠦᠭᠦ ᠠᠶᠢᠮᠠᠭ ᠤᠨ ᠠᠩᠬᠠᠳᠠᠭᠴᠢ ︽ᠵᠢᠷᠮᠦᠰᠦᠨ ᠪᠣᠯᠣᠨ ᠲᠥᠷᠥᠭᠰᠡᠨ ᠤ ᠳᠠᠷᠠᠭᠠᠬᠢ ᠡᠬᠡᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ︾᠎ ᠢ ᠪᠠᠶᠢᠭᠤᠯᠪᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠢ ᠰᠢᠯᠢᠳᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠣᠬᠤ ︽ᠬᠠᠮᠤᠭ ᠡᠴᠦᠰ ᠤᠨ ᠨᠢᠭᠡ ᠺᠢᠯᠣᠮᠧᠲᠷ︾᠎ ᠢ ᠰᠠᠭᠠᠳ ᠦᠭᠡᠢ ᠨᠡᠪᠲᠡᠷᠡᠭᠦᠯᠪᠡ᠃ 5477 ᠢᠵᠢ ︽ᠦᠨᠡᠮᠯᠡᠯ ᠠᠪᠬᠤ ᠳᠤ ᠬᠦᠴᠢᠷᠲᠡᠢ︾ ᠭᠡᠷ ᠪᠠᠶᠢᠰᠢᠩ ᠢ ᠰᠢᠢᠳᠪᠦᠷᠢᠯᠡᠵᠦ᠂ 144 ᠢᠵᠢ ᠨᠡᠶᠢᠲᠡ ᠶᠢᠨ ᠲᠦᠷᠢᠶᠡᠰᠦᠨ ᠭᠡᠷ ᠬᠤᠳᠠᠯᠳᠤᠨ ᠠᠪᠴᠤ᠂ 252 ᠢᠵᠢ ᠪᠠᠲᠤᠯᠠᠭᠠᠲᠤ ᠭᠡᠷ ᠪᠠᠶᠢᠰᠢᠩ ᠢ ᠲᠤᠰᠢᠶᠠᠨ ᠭᠠᠷᠳᠠᠭᠤᠯᠪᠠ᠃ 2 ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠥᠷᠲᠡᠭᠡ ᠶᠢ ᠪᠠᠶᠢᠭᠤᠯᠵᠤ᠂ 4 ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠴᠡᠭ᠂ 12 ᠦᠨ᠎ᠡ ᠪᠠᠷ  ᠲᠣᠬᠢᠷᠠᠮᠵᠢᠲᠠᠢ  ᠠᠷᠠᠳ ᠲᠤ  ᠠᠰᠢᠭ ᠬᠦᠷᠲᠡᠭᠡᠬᠦ ︽ᠵᠢᠷᠭᠠᠯᠲᠤ ᠬᠤᠭᠤᠯᠠᠨ ᠤ ᠭᠡᠷ︾᠎ ᠢ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ᠂ ᠨᠡᠶᠢᠲᠡ ᠶᠢᠨ ᠠᠰᠠᠷᠠᠮᠵᠢ ᠶᠢᠨ ᠣᠢ ᠵᠡᠷᠭᠡ ᠡᠯ᠎ᠡ ᠲᠥᠷᠥᠯ ᠤᠨ ᠨᠥᠬᠦᠪᠦᠷᠢ ᠶᠢ 8.2 ᠳ᠋ᠦᠩᠰᠢᠭᠤᠷ ᠲᠥᠭᠦᠷᠢᠭ ᠲᠠᠷᠬᠠᠭᠠᠪᠠ᠃ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠪᠡᠯᠡ ᠮᠥᠩᠭᠦ ᠶᠢ 1522 ᠲᠦᠮᠡᠨ ᠲᠥᠭᠦᠷᠢᠭ ᠪᠠᠭᠤᠯᠭᠠᠵᠤ᠂ ᠭᠠᠩ ᠤᠨ ᠭᠠᠮᠰᠢᠭ ᠲᠠᠢ ᠲᠡᠮᠡᠴᠡᠬᠦ ᠲᠡᠵᠢᠭᠡᠯ ᠡᠪᠡᠰᠦ ᠪᠣᠷᠳᠤᠭ᠎ᠠ ᠶᠢ 2.4 ᠲᠦᠮᠡᠨ ᠲᠤᠨ ᠲᠠᠷᠬᠠᠭᠠᠵᠤ᠂ ᠦᠶᠡᠷ ᠠᠴᠠ ᠰᠡᠷᠭᠡᠶᠢᠯᠡᠬᠦ ᠡᠳ᠋ ᠪᠣᠳᠠᠰ ᠢ 12.5 ᠲᠦᠮᠡᠨ ᠬᠤᠪᠢ ᠲᠦᠭᠡᠭᠡᠵᠦ᠂ ᠭᠠᠮᠰᠢᠭ ᠤᠨ ᠬᠤᠬᠢᠷᠠᠯ ᠢ ᠶᠡᠬᠡᠪᠡᠷ ᠪᠠᠭᠠᠰᠬᠠᠪᠠ᠃ 5 ᠰᠤᠮᠤ ᠪᠠᠯᠭᠠᠰᠤᠨ ᠤ 1272 ᠡᠷᠦᠭᠡ ᠶᠢᠨ ︽ᠨᠡᠭᠦᠷᠡᠰᠦ ᠶᠢ ᠴᠠᠭᠢᠯᠭᠠᠨ ᠢᠶᠠᠷ ᠥᠭᠡᠷᠡᠴᠢᠯᠡᠬᠦ︾ ᠪᠣᠬᠢᠷᠳᠣᠯ ᠦᠭᠡᠢ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠦᠨ᠂ 862 ᠲᠦᠮᠡᠨ ᠲᠥᠭᠦᠷᠢᠭ ᠤᠨ ᠨᠥᠬᠦᠪᠦᠷᠢ ᠶᠢ ᠪᠦᠷᠢᠨ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠨ ᠤ ᠳᠤᠯᠠᠭᠠᠨ ᠡᠪᠦᠯᠵᠢᠬᠦ ᠶᠢ ᠪᠠᠲᠤᠯᠠᠪᠠ᠃       ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ᠂ ᠪᠦᠬᠦ ᠠᠵᠢᠯ ᠲᠥᠷᠥᠯ ᠲᠠᠢ ᠤᠶᠠᠯᠳᠤᠭᠤᠯᠤᠨ᠂ 15 ᠢᠵᠢ ᠦᠨᠳᠦᠰᠦᠲᠡᠨ ᠤ ᠪᠦᠯᠬᠦᠮᠳᠡᠯ ᠤᠨ ᠲᠤᠬᠠᠢ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ︽ᠨᠠᠢᠮᠠ ᠶᠢ ᠣᠷᠣᠭᠤᠯᠬᠤ︾ 25 ᠵᠢᠱᠢᠶᠡᠴᠢ ᠴᠡᠭ ᠢ ᠪᠠᠶᠢᠭᠤᠯᠵᠤ᠂ ᠪᠦᠭᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠦᠭᠡ ᠭᠡᠯᠡ ᠦᠰᠦᠭ ᠪᠢᠴᠢᠭ ᠤᠨ ᠬᠡᠷᠡᠭᠯᠡᠭᠡ ᠶᠢ ᠳᠦᠷᠢᠮᠵᠢᠭᠦᠯᠦᠨ ᠪᠠᠷᠢᠮᠵᠢᠶ᠎ᠠ ᠱᠠᠭᠠᠷᠳᠠᠯᠭ᠎ᠠ ᠳᠤ ᠬᠦᠷᠭᠡᠪᠡ᠃ ︽ᠭᠤᠷᠪᠠᠨ ᠰᠠᠯᠵᠤ ᠪᠣᠯᠣᠰᠢ ᠦᠭᠡᠢ︾᠂ ︽ᠳᠥᠷᠪᠡᠨ ᠬᠠᠮᠲᠤ ᠶᠢᠨ ᠠᠵᠢᠯᠯᠠᠭ᠎ᠠ︾᠂ ︽ᠲᠠᠪᠤᠨ ᠬᠠᠮᠲᠤ ᠶᠢᠨ ᠲᠠᠨᠢᠯᠲᠠ︾᠂ ︽ᠳᠣᠯᠣᠭᠠᠨ ᠵᠢᠱᠢᠶᠡᠴᠢ︾ ᠵᠡᠷᠭᠡ ᠣᠨᠣᠯᠵᠢᠬᠤᠨ ᠪᠠ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠠᠯᠠᠱᠠ ᠳᠠᠬᠢ ᠤᠯᠤᠰ ᠤᠨ ᠬᠡᠤᠬᠡᠳ︾᠂ ︽ᠨᠤᠲᠤᠭ ᠳᠡᠪᠢᠰᠬᠡᠷ ᠢᠶᠠᠨ ᠰᠠᠬᠢᠵᠤ ᠬᠢᠯᠢ ᠬᠢᠵᠠᠭᠠᠷ ᠢᠶᠠᠨ ᠬᠠᠮᠠᠭᠠᠯᠠᠭᠰᠠᠨ︾ ᠥᠯᠢᠭᠡᠷ ᠢ ᠰᠤᠷᠲᠠᠯᠴᠢᠯᠠᠵᠤ᠂ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠣᠷᠣᠨ ᠪᠦᠰᠡ ᠠᠯᠤᠰᠯᠠᠨ ᠰᠣᠯᠢᠯᠴᠠᠬᠤ ᠠᠵᠢᠯᠯᠠᠭ᠎ᠠ ᠶᠢ 90 ᠪᠦᠯᠦᠭ ᠢᠶᠠᠷ 3.2 ᠲᠦᠮᠡᠨ ᠬᠥᠮᠦᠨ ᠤᠳᠠᠭ᠎ᠠ ᠵᠣᠬᠢᠶᠠᠨ ᠪᠠᠶᠢᠭᠤᠯᠵᠤ᠂ ᠡᠯ᠎ᠡ ᠦᠨᠳᠦᠰᠦᠲᠡᠨ ᠣᠯᠠᠨ ᠲᠦᠮᠡᠨ ᠤ ᠰᠡᠳᠬᠢᠯ ᠢ ᠨᠢᠭᠲᠠᠷᠠᠭᠤᠯᠵᠤ᠂ ᠣᠶᠤᠨ ᠰᠠᠨᠠᠭᠠᠨ ᠤ ᠤᠶᠠᠯᠳᠤᠭ᠎ᠠ ᠬᠤᠯᠪᠣᠭ᠎ᠠ ᠶᠢ ᠠᠬᠢᠭᠤᠯᠪᠠ᠃       ᠨᠢᠭᠡ ᠵᠢᠯ ᠤᠨ ᠲᠤᠷᠰᠢ᠂ ᠪᠢᠳᠡ ᠡᠯ᠎ᠡ ᠲᠥᠷᠥᠯ ᠤᠨ ᠡᠷᠡᠰᠳᠠᠯ ᠢ ᠰᠡᠷᠭᠡᠶᠢᠯᠡᠨ ᠰᠢᠢᠳᠪᠦᠷᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠭᠦ ᠬᠦᠴᠦᠨ ᠢᠶᠠᠷ ᠬᠠᠮᠠᠭᠠᠯᠠᠪᠠ᠃ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠡᠯ᠎ᠡ ᠲᠥᠷᠥᠯ ᠤᠨ ᠭᠡᠮ ᠡᠷᠡᠰᠳᠡᠯ ᠢ 9212 ᠵᠤᠷᠪᠤᠰ ᠪᠠᠶᠢᠴᠠᠭᠠᠨ ᠴᠡᠭᠴᠡᠯᠡᠵᠦ᠂ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠪᠠᠶᠢᠴᠠᠭᠠᠯᠲᠠ ᠶᠢᠨ ᠲᠤᠰᠬᠠᠭᠰᠠᠨ 194 ᠠᠰᠠᠭᠤᠳᠠᠯ ᠢ ᠵᠠᠰᠠᠨ ᠴᠡᠭᠴᠡᠯᠡᠵᠦ᠂ ᠢᠳᠡᠭᠡᠨ ᠪᠠ ᠡᠮ ᠤᠨ ᠵᠦᠢᠯᠡᠰ ᠤᠨ ᠠᠶᠤᠯᠭᠦᠢ ᠶᠢᠨ ᠬᠢᠨᠠᠨ ᠬᠠᠮᠢᠶᠠᠷᠤᠯᠲᠠ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠡᠷᠡᠰᠳᠠᠯ ᠢ ᠬᠠᠮᠢᠶᠠᠷᠤᠨ ᠡᠵᠡᠮᠳᠡᠬᠦ ᠶᠢ ᠲᠤᠤᠱᠲᠠᠢ ᠥᠷᠨᠢᠭᠦᠯᠵᠦ᠂ ᠬᠠᠮᠲᠤ ᠪᠠᠷ ᠢᠶᠠᠨ ︽9.19︾᠎ ᠤ ᠦᠶᠡᠷ ᠤᠨ ᠭᠠᠮᠰᠢᠭ ᠢ ᠠᠷᠭᠠᠴᠠᠭᠠᠵᠤ᠂ ᠠᠶᠤᠯᠭᠦᠢ ᠬᠥᠭᠵᠢᠯᠲᠡ ᠶᠢᠨ ᠰᠠᠭᠤᠷᠢ ᠶᠢ ᠪᠠᠲᠤᠳᠬᠠᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠦᠢᠯᠡᠳᠦᠯᠭᠡᠵᠢᠭᠦᠯᠵᠦ᠂ ᠵᠥᠷᠢᠴᠡᠯ ᠤᠨ ᠡᠷᠡᠰᠳᠡᠯ ᠤᠨ ᠡᠬᠢ ᠡᠭᠦᠰᠪᠦᠷᠢ ᠶᠢ ᠨᠢ ᠬᠢᠨᠠᠵᠤ᠂ 3200 ᠭᠠᠷᠤᠢ ᠬᠡᠷᠡᠭ ᠢ ᠠᠮᠵᠢᠯᠲᠠ ᠲᠠᠢ ᠡᠶᠡᠳᠡᠭᠦᠯᠦᠨ ᠰᠢᠢᠳᠪᠦᠷᠢᠯᠡᠵᠦ᠂ ᠰᠢᠢᠳᠪᠦᠷᠢᠯᠡᠭᠰᠡᠨ ᠬᠥᠷᠥᠩᠭᠡ ᠮᠥᠩᠭᠦ ᠨᠢ 4.5 ᠳ᠋ᠦᠩᠰᠢᠭᠤᠷ ᠲᠥᠭᠦᠷᠢᠭ ᠲᠤ ᠬᠦᠷᠴᠡᠢ᠃ ᠴᠠᠬᠢᠮ ᠮᠡᠬᠡᠯᠡᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ 203 ᠲᠦᠮᠡᠨ ᠲᠥᠭᠦᠷᠢᠭ ᠤᠨ ᠬᠤᠬᠢᠷᠠᠯ ᠢ ᠡᠭᠡᠭᠦᠯᠦᠨ ᠠᠪᠴᠢᠷᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ︽ᠬᠥᠷᠥᠩᠭᠡ ᠮᠥᠩᠭᠦ︾᠎ ᠶᠢ ᠰᠠᠬᠢᠨ ᠬᠠᠮᠠᠭᠠᠯᠠᠪᠠ᠃ 1.5 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠵᠤ᠂ ︽ᠲᠡᠭᠷᠢ ᠶᠢᠨ ᠬᠠᠯᠬᠠᠪᠴᠢ︾᠎ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠦᠷᠢᠯᠡᠪᠡ᠃ ᠰᠤᠷᠭᠠᠭᠤᠯᠢ ᠶᠢᠨ ᠠᠮᠤᠷ ᠲᠦᠪᠰᠢᠨ ᠤ ᠬᠠᠮᠠᠭᠠᠯᠠᠯᠲᠠ᠂ ᠢᠳᠡᠭᠡᠨ ᠤᠮᠳᠠᠭᠠᠨ ᠂ ᠡᠮ ᠤᠨ ᠠᠶᠦᠯᠭᠦᠢ ᠪᠠᠶᠢᠳᠠᠯ ᠤᠨ ᠬᠢᠨᠠᠯᠲᠠ ᠂ ᠰᠤᠷᠭᠠᠭᠤᠯᠢ ᠴᠡᠴᠡᠷᠯᠢᠭ ᠤᠨ ᠬᠡᠤᠬᠡᠳ ᠤᠨ ᠬᠠᠮᠠᠭᠠᠯᠠᠯᠲᠠ ᠵᠡᠷᠭᠡ ᠦᠢᠯᠡ ᠠᠵᠢᠯᠯᠠᠭ᠎ᠠ ᠶᠢ ᠡᠷᠴᠢᠮᠲᠡᠢ ᠬᠡᠷᠡᠭᠵᠢᠭᠦᠯᠵᠦ ᠂ ᠨᠡᠶᠢᠲᠡ ᠶᠢᠨ ᠠᠶᠦᠯᠭᠦᠢ ᠶᠢᠨ ᠣᠷᠴᠢᠨ ᠨᠥᠬᠦᠴᠡᠯ ᠢ ᠲᠤᠤᠱᠲᠠᠢ ᠪᠠᠲᠤᠯᠠᠪᠠ᠃       ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ᠂ ᠵᠠᠬ᠎ᠠ ᠳᠡᠯᠭᠡᠭᠦᠷ ᠤᠨ ᠵᠢᠱᠢᠯᠲᠠ ᠶᠢᠨ ᠬᠤᠭᠤᠴᠠᠭ᠎ᠠ ᠲᠣᠭᠲᠠᠪᠤᠷᠢ ᠦᠭᠡᠢ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠢ ᠵᠣᠭᠰᠣᠭᠠᠨ ᠨᠡᠶᠢᠳᠬᠡᠬᠦ᠂ ᠡᠳ᠋ ᠤᠨ ᠵᠠᠰᠠᠭ ᠤᠨ ᠣᠷᠣᠯᠭ᠎ᠠ ᠶᠢᠨ ᠬᠠᠰᠤᠭᠳᠠᠯ ᠵᠡᠷᠭᠡ ᠠᠰᠢᠭ ᠦᠭᠡᠢ ᠨᠥᠯᠥᠭᠡ ᠠᠴᠠ ᠪᠣᠯᠵᠤ᠂ ᠪᠢᠳᠡ ᠵᠠᠰᠠᠭ ᠤᠨ ᠣᠷᠳᠣᠨ ᠤ ᠥᠪᠡᠷ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠪᠠᠨ ᠴᠢᠳᠠᠪᠤᠷᠢᠯᠢᠭ ᠢᠶᠠᠷ ᠪᠡᠶᠡᠯᠡᠭᠦᠯᠵᠦ ᠂ ︽ᠭᠤᠷᠪᠠ ᠶᠢ ᠪᠠᠲᠣᠯᠠᠬᠤ︾ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠨᠥᠭᠡᠴᠡ ᠪᠠᠨ ᠲᠣᠳᠣᠷᠬᠠᠶᠢᠯᠠᠵᠤ ᠂ ᠬᠥᠷᠥᠩᠭᠡ ᠪᠠᠨ ᠨᠡᠶᠢᠳᠬᠡᠨ ᠂ ᠪᠡᠯᠡ ᠮᠥᠩᠭᠦ ᠪᠠᠨ ᠦᠷ᠎ᠡ ᠠᠰᠢᠭ ᠲᠠᠢ ᠎ ᠪᠠᠷ ᠬᠡᠷᠡᠭᠯᠡᠵᠦ᠂ ᠥᠩᠭᠡᠷᠡᠭᠰᠡᠨ ᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠠᠴᠠ ᠣᠳᠣᠬᠠᠨ ᠤ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠨ ᠰᠢᠢᠳᠪᠦᠷᠢᠯᠡᠬᠦ ᠲᠡᠶᠢᠰᠢ ᠬᠤᠪᠢᠷᠠᠭᠤᠯᠤᠨ᠂ ᠨᠡᠶᠢᠲᠡ 38.2 ᠳ᠋ᠦᠩᠰᠢᠭᠤᠷ ᠲᠥᠭᠦᠷᠢᠭ ᠢ ᠭᠠᠷᠭᠠᠨ᠂ ᠰᠤᠷᠭᠠᠨ ᠬᠥᠮᠦᠵᠢᠯ ᠡᠮ ᠡᠮᠨᠡᠯᠭᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠠᠭᠠᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠩᠭᠡᠷᠡᠭᠰᠡᠨ ᠵᠢᠯ ᠤᠨ ᠥᠷᠢᠳᠡᠵᠦ ᠪᠠᠶᠢᠭᠰᠠᠨ 16.8 ᠳ᠋ᠦᠩᠰᠢᠭᠤᠷ ᠲᠥᠭᠦᠷᠢᠭ ᠢ ᠲᠦᠯᠦᠵᠤ᠂ ᠪᠡᠯᠡ ᠬᠤᠷᠠᠮᠳᠤᠭᠤᠯᠬᠤ ᠡᠬᠡ ᠬᠦᠦ ᠶᠢ 13 ᠳ᠋ᠦᠩᠰᠢᠭᠤᠷ ᠲᠦᠭᠦᠷᠢᠭ ᠲᠦᠯᠦᠵᠤ᠂ ᠵᠠᠰᠠᠭ ᠤᠨ ᠤᠷᠳᠤᠨ ᠤ ᠤᠨ ᠤ ᠦᠷᠢ ᠰᠢᠷᠢ ᠶᠢ ᠠᠷᠢᠯᠭᠠᠬᠤ ᠡᠭᠦᠷᠭᠡ ᠶᠢ ᠲᠦᠯᠦᠪᠯᠡᠭᠡ ᠶᠤᠰᠤᠭᠠᠷ 7 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠥᠩᠭᠡᠷᠡᠭᠰᠡᠨ ᠵᠢᠯ ᠤᠨ ᠬᠤᠪᠢ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭᠰᠠᠨ 1.4 ᠳ᠋ᠦᠩᠰᠢᠭᠤᠷ ᠲᠦᠭᠦᠷᠢᠭ ᠢ ᠰᠢᠢᠳᠪᠦᠷᠢᠯᠡᠵᠦ᠂ ᠮᠥᠩᠭᠦᠨ ᠤ ᠪᠡᠯᠡ ᠲᠣᠬᠢᠷᠠᠭᠤᠯᠣᠯᠳᠠ ᠶᠢᠨ ᠭᠦᠥ ᠮᠥᠩᠭᠦ ᠥᠩᠭᠡᠷᠡᠭᠰᠡᠨ ᠵᠢᠯ ᠤᠨ ᠬᠢ ᠠᠴᠠ ᠵᠠᠭᠤᠨ ᠤ 9 ᠬᠤᠪᠢ ᠪᠠᠭᠤᠷᠠᠵᠠᠢ᠃ ᠢᠯᠠᠩᠭᠤᠶ᠎ᠠ ᠡᠨᠡᠬᠦ ᠬᠦᠴᠢᠷ ᠪᠡᠷᠬᠡᠰᠢᠶᠡᠯ ᠲᠠᠢ ᠣᠷᠴᠢᠨ ᠨᠥᠬᠦᠴᠡᠯ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠬᠢ ᠪᠠᠶᠠᠯᠢᠭ ᠪᠦᠬᠦᠨ ᠢᠶᠠᠨ ᠰᠢᠪᠬᠠᠵᠤ ᠂ 7.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠯᠭᠤᠵᠤ᠂ ᠮᠠᠨ ᠤ ᠬᠤᠰᠢᠭᠤᠨ ᠤ ᠠᠵᠤ ᠠᠬᠤᠶ ᠶᠢᠨ ᠥᠭᠡᠳᠡᠯᠡᠨ ᠬᠥᠭᠵᠢᠬᠦ ᠶᠢ ᠳᠡᠮᠵᠢᠭᠰᠡᠨ ᠪᠠᠶᠢᠨ᠎ᠠ᠃ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠳᠠᠷᠤᠭᠠᠰᠤ ᠪᠠᠨ ᠬᠥᠩᠭᠡᠯᠡᠵᠤ ᠬᠥᠭᠵᠢᠯᠲᠡ ᠶᠢᠨ ᠠᠷᠭ᠎ᠠ ᠵᠠᠮ ᠢᠶᠠᠨ ᠰᠦᠪᠡᠭᠴᠢᠯᠡᠬᠦ ᠶᠢᠨ ᠬᠠᠮᠲᠣ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠣ᠂ ᠵᠠᠰᠠᠭ ᠤᠨ ᠣᠷᠳᠣᠨ ᠲᠦᠷᠦᠭᠦᠯᠡᠨ ᠠᠷᠪᠢᠯᠠᠨ ᠭᠠᠮᠨᠠᠵᠤ᠂ ︽ᠠᠯᠪᠠᠨ ᠤ ᠭᠤᠷᠪᠠᠨ ᠵᠠᠷᠤᠳᠠᠯ︾᠎ ᠤᠨ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠠᠢ᠃ ᠭᠠᠴᠠᠭ᠎ᠠ ᠲᠣᠰᠬᠤᠨ ᠤ ᠬᠠᠮᠲᠤ ᠶᠢᠨ ︽ᠬᠥᠷᠥᠩᠭᠡ ᠮᠥᠩᠭᠦ᠂ ᠡᠬᠢ ᠪᠠᠶᠠᠯᠢᠭ᠂ ᠡᠳ᠋ ᠬᠥᠷᠥᠩᠭᠡ︾᠂ ᠣᠷᠣᠰᠢᠭᠤᠯᠭ᠎ᠠ ᠶᠢᠨ ᠦᠢᠯᠡᠰ ᠵᠡᠷᠭᠡ ᠬᠦᠷᠢᠶᠡᠨ ᠳᠠᠬᠢ ᠢᠷᠭᠡᠳ ᠤᠨ ᠳᠤᠮᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠪᠦᠲᠦᠮᠵᠢᠲᠡᠢ ᠎ ᠪᠠᠷ ᠵᠠᠰᠠᠨ ᠴᠡᠭᠴᠡᠯᠡᠪᠡ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠪᠠᠨ ᠦᠷᠭᠦᠯᠵᠢᠯᠡᠨ ᠠᠬᠢᠭᠤᠯᠵᠤ᠂ ᠬᠡᠯᠪᠡᠷᠢᠴᠢ ᠦᠵᠡᠯ᠂ ︽ᠭᠤᠷᠪᠠ ᠠᠷᠪᠢᠨ᠂ ᠭᠤᠷᠪᠠ ᠴᠥᠭᠡᠨ᠂ ᠭᠤᠷᠪᠠ ᠤᠳᠠᠭᠠᠨ︾ ᠪᠠ ︽ᠠᠯᠵᠠᠭᠤ ᠬᠤᠶᠢᠷᠭᠤ᠂ ᠰᠠᠯᠠᠩ ᠵᠠᠳᠠᠭᠠᠢ᠂ ᠬᠠᠭᠤᠳᠠᠮᠴᠢ︾ ᠠᠰᠠᠭᠤᠳᠠᠯ ᠢ ᠰᠠᠶᠢᠲᠤᠷ ᠴᠡᠭᠴᠡᠯᠡᠨ ᠵᠠᠰᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠶᠢ ᠬᠠᠤᠯᠢ ᠶᠢᠨ ᠳᠠᠭᠠᠤ ᠭᠥᠯᠢᠶᠡᠨ ᠠᠪᠴᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠢᠳᠡᠪᠬᠢᠲᠡᠢ ᠪᠠᠷ ᠭᠥᠯᠢᠶᠡᠨ ᠠᠪᠴᠤ᠂ 15 ᠰᠠᠨᠠᠯ ᠰᠠᠨᠠᠭᠤᠯᠭ᠎ᠠ᠂ 6 ᠰᠠᠨᠠᠯ ᠳᠤᠷᠠᠳᠤᠯᠭ᠎ᠠ ᠶᠢ ᠭᠦᠢᠴᠡᠳᠬᠡᠨ᠂ ᠭᠦᠢᠴᠡᠳᠬᠡᠵᠦ ᠬᠠᠷᠢᠭᠤᠯᠲᠠ ᠥᠭᠭᠦᠭᠰᠡᠨ ᠨᠣᠷᠮ᠎ᠠ ᠨᠢ 100 %᠎ ᠳᠤ ᠭᠦᠷᠪᠡ᠃ ᠨᠡᠶᠢᠭᠡᠮ ᠨᠡᠶᠢᠲᠡ᠂ ᠰᠣᠨᠢᠨ ᠮᠡᠳᠡᠭᠡ ᠵᠡᠷᠭᠡ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠥᠷᠭᠡᠨ ᠢᠶᠠᠷ ᠭᠥᠯᠢᠶᠡᠨ ᠠᠪᠴᠤ᠂ 3129 ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠠᠷ ᠨᠡᠶᠢᠲᠡᠯᠡᠪᠡ᠃ ᠣᠯᠠᠨ ᠲᠦᠮᠡᠨ ᠤ ᠵᠠᠬᠢᠳᠠᠯ ᠰᠤᠷᠪᠣᠯᠵᠢᠯᠠᠭ᠎ᠠ ᠶᠢᠨ ᠠᠰᠠᠭᠤᠳᠠᠯ ᠢ ᠮᠥᠷᠳᠡᠨ ᠰᠢᠮᠳᠠᠭᠤᠯᠵᠤ ᠭᠦᠢᠴᠡᠳᠬᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠭᠦ᠂ ᠬᠤᠷᠳᠤᠴᠠ ᠶᠢ ᠳᠡᠭᠡᠭᠰᠢᠯᠡᠭᠦᠯᠭᠦ᠂ ᠦᠷ᠎ᠡ ᠠᠰᠢᠭ ᠢ ᠳᠡᠭᠡᠭᠰᠢᠯᠡᠭᠦᠯᠭᠦ ᠲᠠᠯ᠎ᠠ ᠪᠠᠷ ᠡᠷᠴᠢᠮᠲᠡᠢ ᠠᠬᠢᠭᠤᠯᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠠᠵᠢᠯᠯᠠᠬᠤ ᠴᠤᠭ ᠵᠢᠪᠬᠤᠭᠠᠲᠤ ᠳᠦᠷᠢ ᠲᠥᠷᠬᠦ ᠪᠠᠨ ᠬᠠᠷᠠᠭᠤᠯᠪᠠ᠃       ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ᠂ ᠡᠭᠡᠳᠡᠷᠡᠭᠡᠨ ᠪᠡᠷᠬᠡᠰᠢᠶᠡᠯ ᠲᠠᠢ ᠮᠥᠴᠡ ᠳᠤ ᠪᠢᠳᠠ ᠬᠠᠷᠢᠭᠤᠴᠠᠯᠭ᠎ᠠ ᠂ ᠡᠭᠦᠷᠭᠡ ᠬᠦᠯᠢᠶᠡᠯᠲᠡ ᠪᠠᠷ ᠢᠶᠠᠨ ᠡᠷᠡᠰᠳᠡᠯ ᠂ ᠰᠣᠷᠢᠯᠲᠠ ᠤᠳ ᠢ ᠦᠷ᠎ᠡ ᠪᠦᠲᠦᠮᠵᠢ ᠲᠠᠢ ᠳᠠᠪᠠᠨ ᠲᠤᠭᠤᠯᠵᠤ ᠂ ᠰᠢᠳᠤᠷᠭᠤ ᠵᠢᠳᠬᠦᠯ ᠢᠶᠠᠷ ᠢᠶᠠᠨ ᠬᠥᠭᠵᠢᠯᠲᠡ ᠶᠢᠨ ᠪᠡᠷᠬᠡᠰᠢᠶᠡᠯ ᠢ ᠰᠢᠢᠳᠪᠦᠷᠢᠯᠡᠬᠦ ᠶᠢᠨ ᠲᠥᠯᠥᠭᠡ ᠡᠷᠴᠢ ᠵᠣᠷᠢᠭ ᠢᠶᠠᠨ ᠳᠠᠶᠢᠴᠢᠯᠠᠨ᠂ ᠠᠮᠠᠯᠠᠭᠰᠠᠨ ᠦᠭᠡᠨ ᠳᠤ ᠪᠠᠨ ᠡᠵᠡᠨ ᠰᠠᠭᠤᠵᠤ᠂ ᠰᠡᠳᠬᠢᠯ ᠤᠨ ᠲᠠᠮᠢᠷ ᠎ ᠲᠠᠢ ᠂ ᠡᠷᠴᠢᠮ ᠬᠦᠴᠦ ᠲᠠᠢ ᠬᠢᠴᠢᠶᠡᠩᠭᠦ᠋ᠢᠯᠡᠨ ᠵᠢᠳᠬᠦᠭᠰᠡᠨ ᠪᠠᠶᠢᠨ᠎ᠠ ᠃ ᠡᠳᠡᠭᠡᠷ ᠠᠮᠵᠢᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠭᠰᠠᠨ ᠤ ᠦᠷ᠎ᠡ ᠳ᠋ᠦᠩ ᠮᠥᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ ᠮᠥᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠠᠴᠠ ᠮᠠᠨ ᠤ ᠬᠤᠰᠢᠭᠤ ᠶᠢ ᠬᠠᠯᠠᠮᠵᠢᠯᠠᠨ ᠳᠡᠮᠵᠢᠵᠦ᠂ ᠲᠤᠤᠱᠲᠠᠢ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠠ ᠨᠢ ᠪᠦᠭᠦ ᠬᠤᠰᠢᠭᠤᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠯᠢᠭᠡ ᠨᠢᠭᠡᠲᠡᠢ ᠪᠠᠷ ᠡᠷᠡᠮᠡᠬᠡᠶᠢᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠢᠯᠠᠩᠭᠤᠶ᠎ᠠ ᠪᠢᠳᠡᠨ ᠤ ᠬᠠᠮᠤᠭ ᠤᠨ ᠬᠠᠲᠠᠭᠤ ᠪᠡᠷᠬᠡᠰᠢᠶᠡᠯᠲᠡᠢ ᠴᠠᠭ ᠮᠥᠴᠡ ᠳᠤ᠂ ᠪᠦᠭᠦ ᠬᠤᠰᠢᠭᠤᠨ ᠤ 17 ᠲᠦᠮᠡᠨ ᠠᠷᠠᠳ ᠲᠦᠮᠡᠨ ᠠᠴᠠ ᠵᠠᠰᠠᠭ ᠤᠨ ᠣᠷᠳᠣᠨ ᠤ ᠬᠦᠴᠢᠷᠳᠡᠯ ᠢ ᠣᠶᠢᠯᠠᠭᠠᠵᠤ᠂ ᠡᠯ᠎ᠡ ᠠᠵᠢᠯ ᠲᠥᠷᠥᠯ ᠤᠨ ᠎ ᠬᠢᠨ ᠠᠴᠠ ᠪᠢᠳᠡᠨ ᠳᠤ ᠬᠠᠮᠤᠭ ᠤᠨ ᠶᠡᠭᠡ ᠳᠡᠮᠵᠢᠯᠡᠭᠡ ᠦᠵᠡᠭᠦᠯᠪᠡ᠃ ᠠᠳᠠ ᠪᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠠᠷᠠᠳ ᠤᠨ ᠲᠥᠯᠥᠭᠡᠯᠡᠭᠴᠢᠳ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠷᠠᠳ ᠤᠨ ᠪᠦᠯᠭᠦᠮ᠂ ᠮᠥᠨ ᠪᠦᠭᠦ ᠬᠤᠰᠢᠭᠤᠨ ᠤ ᠡᠯ᠎ᠡ ᠠᠵᠢᠯ ᠤᠨ ᠹᠷᠣᠨᠲ ᠳᠡᠭᠡᠷ᠎ᠡ ᠰᠢᠭᠤᠷᠬᠠᠶᠢᠯᠠᠨ ᠠᠵᠢᠯᠯᠠᠵᠤ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠵᠢᠴᠢ ᠠᠯᠠᠱᠠ ᠵᠡᠭᠦᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠦᠶ᠎ᠡ︕       ᠠᠮᠵᠢᠯᠲᠠ ᠪᠠᠨ ᠳ᠋ᠦᠩᠨᠡᠬᠦ ᠶᠢᠨ ᠵᠡᠷᠭᠡᠴᠡᠭᠡ ᠪᠢᠳᠠ ᠣᠳᠣ ᠶᠢᠨ ᠨᠥᠬᠦᠴᠡᠯ ᠪᠠᠶᠢᠳᠠᠯ ᠢᠶᠠᠨ ᠲᠣᠳᠣᠷᠬᠠᠢ ᠣᠶᠢᠯᠠᠭᠠᠵᠤ ᠪᠠᠶᠢᠨ᠎ᠠ ᠃ ᠮᠠᠨ ᠤ ᠬᠤᠰᠢᠭᠤ ᠨᠢ ᠣᠳᠣ ᠪᠠᠷ ᠳᠠᠪᠠᠭ᠎ᠠ ᠪᠠᠷᠲᠠᠭ᠎ᠠ ᠶᠢ ᠳᠠᠪᠠᠨ ᠲᠤᠭᠤᠯᠬᠤ ᠴᠢᠬᠤᠯᠠ ᠦᠶ᠎ᠡ ᠳᠤ ᠪᠠᠶᠢᠨ᠎ᠠ᠃ ᠵᠥᠷᠢᠴᠡᠯ ᠪᠠ ᠳᠠᠷᠤᠯᠲᠠ ᠮᠥᠨ ᠪᠠᠶᠢᠭᠰᠠᠭᠠᠷ ᠪᠠᠶᠢᠭ᠎ᠠ ᠪᠥᠭᠡᠳ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠣᠯᠠᠨ ᠲᠠᠯ᠎ᠠ ᠶᠢᠨ ᠰᠠᠭᠠᠳ ᠲᠣᠳᠬᠠᠷ ᠢ ᠰᠢᠢᠳᠪᠦᠷᠢᠯᠡᠬᠦ ᠱᠠᠭᠠᠷᠳᠠᠯᠭ᠎ᠠ ᠲᠠᠢ ᠪᠠᠶᠢᠨ᠎ᠠ ᠃ ᠭᠤᠣᠯᠳᠠᠭᠤ ︽ᠤᠰᠤᠨ ᠤ ᠨᠥᠭᠡᠴᠡ︾᠎ ᠶᠢᠨ ᠠᠰᠠᠭᠤᠳᠠᠯ ᠨᠢ ᠮᠥᠨ ᠯᠡ ᠴᠢᠨᠠᠷᠯᠢᠭ ᠬᠥᠭᠵᠢᠯᠲᠡ ᠶᠢᠨ ᠵᠠᠩᠭᠢᠯᠠᠭ᠎ᠠ ᠪᠣᠯᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠰᠢᠭᠤᠳ ᠨᠥᠯᠥᠭᠡᠯᠡᠵᠦ ᠪᠤᠢ︔ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢᠨ ᠢᠷᠡᠯᠲᠡ ᠨᠢ ᠳᠠᠩ ᠴᠤᠯᠭᠤᠢ᠂ ᠬᠠᠷᠢᠴᠠᠯ ᠨᠢ ᠵᠣᠬᠢᠰ ᠦᠭᠡᠢ᠂ ᠡᠳ᠋ ᠤᠨ ᠵᠠᠰᠠᠭ ᠤᠨ ᠠᠵᠢᠯᠯᠠᠭ᠎ᠠ ᠨᠢ ᠲᠡᠩᠴᠡᠭᠦᠷᠢᠲᠦ ᠱᠤᠭᠤᠮ ᠳᠡᠭᠡᠷ᠎ᠡ ᠬᠡᠯᠪᠡᠯᠵᠡᠵᠦ ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠ ᠲᠠᠢ᠂ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠬᠠᠩᠭᠠᠯᠲᠠ ᠦᠭᠡᠢ︔ ᠥᠭᠡᠷᠡᠴᠢᠯᠡᠯᠲᠡ ᠰᠢᠨᠡᠴᠢᠯᠡᠯ ᠤᠨ ᠬᠤᠭᠤᠴᠠᠭᠠᠨ ᠳᠤ ᠣᠷᠣᠰᠢᠵᠤ ᠪᠠᠶᠢᠭ᠎ᠠ ᠮᠠᠰᠢ ᠣᠯᠠᠨ ᠠᠵᠤ ᠠᠬᠤᠶᠢᠯᠠᠯ ᠤᠳ ᠬᠥᠭᠵᠢᠯᠲᠡ ᠶᠢᠨ ᠬᠦᠴᠢᠷᠳᠡᠯ ᠳᠤ ᠲᠤᠯᠭᠠᠷᠠᠵᠤ᠂ ᠬᠡᠰᠡᠭ ᠬᠤᠲᠠ ᠪᠠᠯᠭᠠᠰᠤᠨ ᠤ ᠰᠠᠭᠤᠭᠠᠯᠢ ᠠᠷᠠᠳ ᠪᠣᠯᠣᠨ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ︽ᠣᠷᠣᠯᠭ᠎ᠠ ᠶᠢ ᠨᠡᠮᠡᠭᠳᠡᠭᠦᠯᠬᠦ︾ ᠬᠦᠴᠢᠷ ᠠᠰᠠᠭᠤᠳᠠᠯ ᠲᠠᠢ ᠲᠤᠯᠭᠠᠷᠠᠵᠤ ᠪᠠᠶᠢᠨ᠎ᠠ︔ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠴᠢᠨᠠᠷ ᠴᠢᠨᠰᠠᠭ᠎ᠠ ᠶᠢᠨ ᠲᠠᠯ᠎ᠠ ᠪᠠᠷ ᠬᠦᠷᠦᠯᠴᠡᠬᠦ ᠦᠭᠡᠢ ᠪᠥᠭᠡᠳ ᠲᠡᠩᠴᠡᠭᠦᠷᠢ ᠦᠭᠡᠢ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠯᠠᠨ ᠲᠦᠮᠡᠨ ᠤ ᠱᠠᠭᠠᠷᠳᠠᠯᠭ᠎ᠠ ᠶᠢᠨ ᠪᠠᠲᠤᠯᠠᠭ᠎ᠠ ᠳᠤ ᠬᠦᠷᠴᠦ ᠴᠢᠳᠠᠬᠤ ᠦᠭᠡᠢ ᠪᠠᠶᠢᠨ᠎ᠠ︔ ᠬᠡᠰᠡᠭ ᠺᠠᠳ᠋ᠷᠴᠤᠳ ᠲᠥᠷᠥ ᠶᠢᠨ ᠪᠣᠳᠣᠯᠭ᠎ᠠ ᠶᠢ ᠰᠤᠳᠤᠯᠬᠤ ᠴᠢᠳᠠᠪᠤᠷᠢ᠂ ᠬᠥᠭᠵᠢᠯᠲᠡ ᠶᠢ ᠬᠥᠭᠡᠭᠡᠴᠡᠯᠳᠦᠬᠦ ᠡᠷᠴᠢ ᠵᠣᠷᠢᠭ ᠬᠦᠷᠦᠯᠴᠡᠬᠦ ᠦᠭᠡᠢ᠂ ᠣᠨᠴᠠᠭᠠᠶᠢᠯᠠᠨ ᠲᠥᠷᠥᠯ ᠵᠦᠢᠯ ᠢ ᠰᠦᠪᠡᠭᠴᠢᠯᠡᠵᠦ ᠬᠥᠭᠵᠢᠯᠲᠡ ᠶᠢ ᠰᠡᠳᠬᠢᠬᠦ᠂ ᠬᠦᠴᠢᠷ ᠠᠰᠠᠭᠤᠳᠠᠯ ᠢ ᠰᠢᠢᠳᠬᠦ ᠪᠠ ᠠᠷᠠᠳ ᠤᠨ ᠬᠦᠴᠢᠷᠳᠡᠯ ᠢ ᠰᠢᠢᠳᠪᠦᠷᠢᠯᠡᠬᠦ ᠤᠷ᠎ᠠ ᠴᠢᠳᠠᠪᠤᠷᠢ ᠶᠢᠨ ᠲᠠᠯ᠎ᠠ ᠪᠠᠷ ᠳᠤᠲᠠᠭᠳᠠᠯ ᠲᠠᠢ ᠪᠠᠶᠢᠨ᠎ᠠ᠃ ᠡᠳᠡᠭᠡᠷ ᠠᠰᠠᠭᠤᠳᠠᠯ ᠤᠳ ᠢ ᠪᠢᠳᠠ ᠴᠢᠨᠠᠭᠰᠢᠳᠠ ᠪᠦᠷᠢᠨ ᠰᠢᠢᠳᠪᠦᠷᠢᠯᠡᠬᠦ ᠶᠢᠨ ᠲᠥᠯᠥᠭᠡ ᠮᠠᠨ ᠤ ᠬᠤᠰᠢᠭᠤ ᠪᠦᠬᠦ᠋ᠢᠯᠡ ᠬᠦᠴᠦᠨ ᠴᠢᠷᠮᠠᠶᠢᠯᠭ᠎ᠠ ᠪᠠᠨ ᠭᠠᠷᠭᠠᠬᠤ ᠪᠣᠯᠣᠨ᠎ᠠ ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号