2025 ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2025/2/7
      2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ             2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠰᠡᠭᠦᠯᠴᠢ ᠶᠢᠨ ᠵᠢᠯ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ︾ ᠶᠢᠨ ᠡᠭᠢᠯᠡᠯᠲᠡ ᠶᠢᠨ ᠵᠢᠯ᠂ ᠨᠡᠩ ᠴᠤ ᠪᠦᠬᠦ ᠬᠤᠰᠢᠭᠤᠨ ᠤ ᠰᠠᠭᠠᠳ ᠪᠡᠷᠬᠡᠰᠢᠶᠡᠯ ᠢ ᠳᠠᠪᠠᠨ ᠲᠤᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠲᠠᠢ ᠨᠠᠶᠢᠳᠠᠪᠤᠷᠢᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠬᠢᠭᠡᠳ ᠠᠶᠢᠮᠠᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠤᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠠᠬᠢᠭᠤᠯᠤᠨ᠂ ᠲᠣᠭᠲᠠᠪᠤᠷᠢᠲᠠᠢ ᠬᠥᠭᠵᠢᠬᠦ ᠶᠢ ᠪᠠᠲᠤᠯᠠᠵᠤ᠂ ᠵᠥᠪ ᠢ ᠪᠠᠷᠢᠮᠳᠠᠯᠠᠨ ᠰᠢᠨ᠎ᠡ ᠶᠢ ᠡᠭᠦᠳᠴᠦ᠂ ᠬᠢᠴᠢᠶᠡᠩᠭᠦᠶᠢᠯᠡᠨ ᠠᠵᠢᠯᠯᠠᠵᠤ᠂ ᠭᠤᠣᠯ ᠰᠢᠵᠢᠮ ᠢ ᠪᠠᠷᠢᠮᠲᠠᠯᠠᠨ᠂ ︽ᠵᠢᠷᠭᠤᠭᠠᠨ ᠭᠤᠷᠪᠠ︾ ᠪᠣᠳᠠᠲᠠᠢ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠪᠦᠭᠦ ᠲᠠᠯ᠎ᠠ ᠪᠠᠷ ᠲᠤᠤᠱᠯᠠᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠭᠦᠢᠴᠡᠳᠬᠡᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ︽157︾ ᠰᠡᠳᠬᠢᠴᠡ ᠶᠢᠨ ᠲᠥᠯᠦᠪᠵᠢᠭᠦᠯᠭᠡ ᠶᠢᠨ ᠬᠠᠷᠠᠯᠲᠠ ᠶᠢ ᠰᠠᠶᠢᠲᠣᠷ ᠨᠠᠶᠢᠳᠠᠪᠤᠷᠢᠵᠢᠭᠤᠯᠤᠨ ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠡᠭᠦᠷᠭᠡ ᠪᠠᠨ ᠴᠢᠨᠠᠷᠯᠢᠭ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠡᠬᠢᠯᠡᠯᠲᠡ ᠳᠤ ᠪᠠᠲᠤ ᠪᠠᠬᠢ ᠰᠠᠭᠤᠷᠢ ᠲᠠᠯᠪᠢᠨ᠎ᠠ᠃       ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠪᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 13 % ᠪᠠᠷ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠬᠥᠷᠥᠩᠭᠡ ᠣᠷᠤᠭᠤᠯᠤᠯᠲᠠ ᠶᠢ 11 % ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠳᠡᠭᠡᠷ᠎ᠡ ᠵᠢᠯ ᠤᠨ ᠬᠢ ᠲᠠᠢ ᠠᠳᠠᠯᠢ ᠪᠠᠶᠢᠯᠭᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 1.5 % ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠢ ᠶᠢᠨ ᠨᠡᠮᠡᠭᠳᠡᠯ ᠲᠠᠢ ᠠᠳᠠᠯᠢ ᠪᠠᠶᠢᠯᠭᠠᠵᠤ᠂ ᠳᠡᠭᠡᠳᠦ ᠱᠠᠲᠤᠨ ᠠᠴᠠ ᠲᠣᠭᠲᠠᠭᠠᠭᠰᠠᠨ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃       ᠳᠡᠭᠡᠷᠡᠬᠢ ᠵᠣᠷᠢᠯᠲᠠ ᠶᠢ ᠪᠡᠶᠡᠯᠡᠭᠦᠯᠬᠦ ᠶᠢᠨ ᠲᠤᠯᠠᠳᠠ ᠳᠠᠷᠠᠭᠠᠬᠢ ᠨᠠᠢᠮᠠᠨ ᠲᠠᠯ᠎ᠠ ᠪᠠᠷ ᠰᠢᠷᠭᠠᠭᠤ ᠠᠵᠢᠯᠯᠠᠨ᠎ᠠ᠃       ᠨᠢᠭᠡ᠂ ᠲᠥᠷᠥᠯ ᠵᠦᠢᠯ ᠢ ᠴᠢᠬᠤᠯᠠᠴᠢᠯᠠᠨ ᠬᠥᠷᠥᠩᠭᠡ ᠣᠷᠤᠭᠤᠯᠤᠯᠲᠠ ᠶᠢ ᠨᠡᠮᠡᠭᠳᠡᠭᠦᠯᠬᠦ ᠲᠠᠯ᠎ᠠ ᠪᠠᠷ ᠠᠩᠬᠠᠷᠤᠯ ᠢᠶᠠᠨ ᠬᠠᠨᠳᠤᠭᠤᠯᠵᠤ᠂ ᠴᠢᠬᠤᠯᠠ ᠶᠡᠭᠡ ᠲᠥᠷᠥᠯ ᠵᠦᠢᠯ ᠢ ᠲᠥᠰᠥᠪᠯᠡᠬᠦ ᠠᠵᠢᠯᠯᠠᠭ᠎ᠠ ᠶᠢ ᠬᠡᠷᠡᠭᠵᠢᠭᠦᠯᠦᠨ᠂ ᠭᠤᠷᠪᠠᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠬᠥᠭᠵᠢᠯᠲᠡ ᠶᠢᠨ ᠬᠥᠳᠡᠯᠭᠡᠭᠴᠢ ᠴᠢᠳᠠᠪᠤᠷᠢ ᠶᠢ ᠨᠡᠮᠡᠭᠳᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ       ᠲᠥᠯᠦᠪᠵᠢᠭᠦᠯᠭᠡ ᠶᠢ ᠢᠮᠠᠭᠲᠠ ᠤᠷᠢᠳᠠ ᠪᠠᠷ ᠲᠠᠯᠪᠢᠵᠤ ᠠᠵᠢᠯᠯᠠᠨ᠎ᠠ ᠃ ᠬᠥᠭᠵᠢᠯᠲᠡ ᠶᠢᠨ ᠬᠠᠨᠳᠤᠰᠢ ᠪᠠᠨ ᠵᠥᠪ ᠲᠣᠳᠣᠷᠬᠠᠶᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠪᠠ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠴᠢᠩᠭᠠᠳᠬᠠᠵᠤ᠂ ᠤᠷᠢᠳᠴᠢᠯᠠᠨ ᠰᠤᠳᠤᠯᠵᠤ ᠨᠣᠲᠠᠯᠠᠨ᠂ ᠠᠵᠤ ᠦᠢᠯᠡᠰ ᠤᠨ ᠣᠷᠣᠨ ᠪᠠᠶᠢᠷᠢ ᠲᠣᠭᠲᠠᠭᠠᠬᠤ ᠪᠠ ᠴᠢᠳᠠᠮᠵᠢ ᠶᠢᠨ ᠪᠠᠶᠢᠷᠢᠰᠢᠭᠤᠯᠤᠯᠲᠠ ᠶᠢ ᠢᠷᠡᠭᠡᠳᠦᠢ ᠶᠢᠨ ᠲᠥᠰᠥᠪ ᠤᠨ ᠴᠢᠨᠠᠷᠲᠠᠢ ᠲᠥᠯᠥᠪᠯᠡᠵᠦ᠂ ᠲᠥᠷᠥᠯ ᠵᠦᠢᠯ ᠤᠨ ᠨᠥᠭᠡᠴᠡᠯᠡᠯᠲᠡ ᠶᠢᠨ ᠬᠠᠨᠳᠤᠯᠭᠠᠲᠤ ᠴᠢᠨᠠᠷ ᠪᠠ ᠪᠣᠯᠪᠠᠰᠤᠷᠠᠩᠭᠤᠢ ᠬᠡᠮᠵᠢᠶ᠎ᠡ ᠶᠢ ᠳᠡᠭᠡᠭᠰᠢᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠴᠢᠬᠤᠯᠠ ᠶᠡᠭᠡ ᠲᠥᠷᠥᠯ ᠵᠦᠢᠯ ᠢ 300 ᠠᠴᠠ ᠳᠡᠭᠡᠭᠰᠢ ᠡᠮᠬᠢᠯᠡᠨ ᠰᠣᠩᠭᠤᠵᠤ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠴᠢᠨᠠᠷᠯᠢᠭ᠂ ᠥᠨᠳᠥᠷ ᠲᠥᠪᠰᠢᠨ ᠢᠶᠠᠷ ᠨᠠᠶᠢᠷᠠᠭᠤᠯᠤᠨ ᠵᠣᠬᠢᠶᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ 2025 ᠣᠨ ᠤ ᠭᠤᠣᠯᠳᠠᠯᠭ᠎ᠠ ᠲᠠᠢ ᠲᠥᠷᠥᠯ ᠵᠦᠢᠯ ᠢ 63 ᠬᠡᠷᠡᠭᠵᠢᠭᠦᠯᠦᠨ᠂ ᠨᠡᠶᠢᠲᠡ 581 ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠬᠤ ᠪᠠᠷ ᠲᠥᠯᠥᠪᠯᠡᠵᠦ᠂ ᠵᠢᠯ ᠤᠨ ᠬᠥᠷᠥᠩᠭᠡ ᠣᠷᠤᠭᠤᠯᠤᠯᠲᠠ  ᠨᠢ 128 ᠳ᠋ᠦᠩᠰᠢᠭᠤᠷ ᠲᠥᠭᠦᠷᠢᠭ ᠲᠤ ᠬᠦᠷᠴᠡᠢ᠃ ᠲᠡᠭᠷᠢ ᠡᠯᠡᠰᠦᠨ ᠤ ᠵᠡᠭᠦᠨ ᠡᠮᠦᠨᠡᠲᠦ ᠬᠡᠰᠡᠭ ᠲᠤ ᠪᠣᠬᠢᠷᠳᠣᠯ ᠦᠭᠡᠢ ᠴᠠᠬᠢᠯᠭᠠᠨ ᠬᠦᠴᠦᠨ ᠤ ᠲᠣᠮᠣᠬᠠᠨ ᠰᠠᠭᠤᠷᠢᠨ ᠭᠠᠵᠠᠷ ᠢ ᠦᠷᠭᠦᠯᠵᠢᠯᠡᠭᠦᠯᠦᠨ ᠪᠠᠶᠢᠭᠤᠯᠵᠤ᠂ ᠲᠡᠭᠷᠢ ᠡᠯᠡᠰᠦᠨ ᠠᠴᠠ ᠵᠢᠶᠠᠩᠰᠢ ᠮᠤᠵᠢ ᠤᠷᠤᠭᠤ ᠳᠠᠮᠵᠢᠭᠤᠯᠬᠤ ᠴᠠᠬᠢᠯᠭᠠᠨ ᠱᠤᠭᠤᠮ ᠲᠠᠢ ᠬᠤᠯᠪᠣᠭᠠᠲᠠᠢ ᠤᠷᠢᠳᠴᠢᠯᠠᠭᠰᠠᠨ ᠪᠠᠷᠢᠮᠲᠠ ᠪᠢᠴᠢᠭ ᠢ ᠲᠦᠷᠭᠡᠳᠬᠡᠨ ᠪᠣᠯᠪᠠᠰᠤᠷᠠᠭᠤᠯᠵᠤ ᠂ ᠬᠤᠸᠠ ᠳ᠋ᠢᠶᠠᠨ ᠺᠣᠮᠫᠠᠨᠢ ᠶᠢᠨ 4 × 100 ᠲᠦᠮᠡᠨ ᠺᠢᠯᠣᠸᠠᠲ ᠤᠨ ᠨᠡᠭᠦᠷᠡᠰᠦ ᠪᠠᠷ ᠴᠠᠬᠢᠯᠭᠠᠨ ᠭᠠᠷᠭᠠᠬᠤ ᠥᠷᠲᠡᠭᠡ ᠂ ᠵᠢᠩ ᠣᠣ ᠰᠢᠨ᠎ᠡ ᠲᠥᠷᠥᠯ ᠤᠨ ᠴᠠᠬᠢᠯᠭᠠᠨ ᠬᠦᠴᠦ ᠶᠢ ᠬᠠᠳᠠᠭᠠᠯᠠᠬᠤ ᠰᠢᠰᠲ᠋ᠧᠮ ᠵᠡᠷᠭᠡ ᠨᠢᠭᠡ ᠪᠥᠯᠥᠭ ᠭᠤᠣᠯᠳᠠᠯᠭ᠎ᠠ ᠲᠠᠢ ᠲᠥᠷᠥᠯ ᠵᠦᠢᠯ ᠢ ᠪᠠᠷᠢᠵᠤ ᠡᠬᠢᠯᠡᠬᠦ ᠠᠵᠢᠯ ᠢ ᠡᠷᠴᠢᠮᠵᠢᠭᠦᠯᠵᠦ ᠂ ᠨᠠᠷᠠᠨ ᠤ ᠡᠨᠧᠷᠭᠢ ᠪᠣᠯᠣᠨ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠶᠢ ᠤᠶᠠᠯᠳᠤᠭᠤᠯᠤᠨ ᠬᠥᠭᠵᠢᠭᠦᠯᠵᠦ᠂ ᠥᠪᠥᠷ ᠮᠣᠩᠭᠤᠯ ᠤᠨ ᠡᠨᠧᠷᠭᠢ ᠶᠢᠨ ᠺᠣᠮᠫᠠᠨᠢ ᠶᠢᠨ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ ᠵᠡᠷᠭᠡ ᠲᠥᠷᠥᠯ ᠵᠦᠢᠯ ᠢ ᠬᠡᠷᠡᠭᠵᠢᠭᠦᠯᠬᠦ ᠳᠤ ᠠᠩᠬᠠᠷᠴᠤ ᠂ ᠪᠦᠰᠡ ᠨᠤᠲᠤᠭ ᠤᠨ ᠲᠡᠳᠦᠢ ᠦᠭᠡᠢ ᠪᠦᠬᠦ ᠤᠯᠤᠰ ᠤᠨ ᠪᠣᠬᠢᠷᠳᠣᠯ ᠦᠭᠡᠢ ᠴᠠᠬᠢᠯᠭᠠᠨ ᠬᠦᠴᠦᠨ ᠤ ᠰᠢᠰᠲ᠋ᠧᠮ ᠳᠤ ᠰᠢᠨ᠎ᠡ ᠡᠷᠴᠢᠮ ᠬᠦᠴᠦ ᠶᠢ ᠬᠠᠩᠭᠠᠬᠤ  ᠪᠠᠷ ᠠᠵᠢᠯᠯᠠᠵᠤ ᠪᠣᠢ᠃ ᠪᠠᠶᠠᠨᠬᠤᠲᠠ ᠶᠢᠨ ᠪᠣᠬᠢᠷᠳᠣᠯ ᠦᠭᠡᠢ ᠴᠠᠬᠢᠯᠭᠠᠨ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ ᠂ ᠶᠦᠨ ᠳ᠋ᠠ ᠺᠣᠮᠫᠠᠨᠢ ᠶᠢᠨ ᠬᠤᠶᠠᠳᠤᠭᠠᠷ ᠦᠶ᠎ᠡ ᠱᠠᠲᠤ ᠂ ᠿᠧᠨ ᠡᠾᠧ ᠂ ᠿᠦᠩ ᠳ᠋ᠢᠶᠠᠨ ᠵᠡᠷᠭᠡ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠬᠤᠷᠳᠤᠰᠬᠠᠨ᠎ᠠ ᠃ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠵᠦ ᠂ ᠪᠣᠬᠢᠷᠳᠣᠯ ᠦᠭᠡᠢ ᠲᠣᠭᠠᠴᠢᠯᠠᠭᠰᠠᠨ ᠴᠠᠬᠢᠯᠭᠠᠨ ᠬᠦᠴᠦᠨ ᠤ ᠵᠣᠬᠢᠴᠠᠭᠤᠯᠤᠯᠲᠠ ᠶᠢ ᠤᠶᠠᠯᠳᠤᠭᠤᠯᠤᠨ ᠬᠥᠭᠵᠢᠭᠦᠯᠬᠦ ᠶᠢ ᠡᠷᠴᠢᠮᠲᠡᠢ ᠠᠬᠢᠭᠤᠯᠤᠨ᠎ᠠ᠃ ᠳ᠋ᠦᠩ ᠧ ᠡᠸ᠋ ᠵᠢᠶᠣᠣ ᠴᠠᠭᠠᠨ ᠭᠤᠶᠣᠣ ᠶᠢᠨ ᠡᠷᠡᠭᠦᠯ ᠮᠡᠨᠳᠦ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠶᠢᠨ ᠦᠢᠯᠡᠳᠪᠦᠷᠢ ᠶᠢ ᠪᠠᠶᠢᠭᠤᠯᠤᠨ ᠠᠰᠢᠭᠯᠠᠯᠳᠠ ᠳᠤ ᠣᠷᠣᠭᠤᠯᠬᠤ ᠶᠢ ᠠᠬᠢᠭᠤᠯᠵᠤ᠂ ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠬᠦᠷᠢᠶᠡᠯᠡᠩ ᠤᠨ ᠠᠵᠢᠯ ᠢ ᠤᠷᠤᠭᠰᠢ ᠠᠬᠢᠭᠤᠯᠤᠨ᠎ᠠ᠃ ᠲᠣᠮᠣ ᠭᠡᠯᠪᠡᠷᠢ ᠶᠢᠨ ᠵᠢᠯᠣᠭᠤᠴᠢ ᠦᠭᠡᠢ ᠨᠢᠰᠬᠡᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠦᠬᠠᠢ ᠠᠯᠠᠱᠠ ᠬᠠᠶᠢᠯᠠᠷ ᠮᠠᠨᠵᠤᠤᠷ︾ ᠶᠢᠨ ᠳᠣᠣᠷ᠎ᠠ ᠠᠭᠠᠷ ᠤᠨ ᠵᠢᠭᠤᠯᠴᠢᠯᠠᠯ ᠤᠨ ᠲᠥᠪᠯᠡᠷᠡᠭᠰᠡᠨ ᠪᠦᠰᠡ ᠶᠢᠨ ᠨᠠᠷᠢᠨ ᠬᠤᠪᠢᠶᠠᠷᠢᠯᠠᠭᠰᠠᠨ ᠤᠷᠤᠯᠳᠤᠭᠠᠨ ᠤ ᠵᠠᠮ ᠢ ᠵᠠᠪᠳᠤᠨ ᠡᠵᠡᠯᠡᠨ᠎ᠡ ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠪᠦᠭᠦ ᠬᠦᠴᠦᠨ ᠢᠶᠠᠷ ᠥᠷᠨᠢᠭᠦᠯᠦᠨ᠎ᠡ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠵᠢᠯᠣᠭᠤᠳᠤᠮᠵᠢ ᠶᠢ ᠳᠠᠭᠠᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠪᠣᠯᠣᠨ ᠠᠵᠤ ᠦᠢᠯᠡᠰ ᠤᠨ ᠪᠡᠯᠡᠳᠬᠡᠯ ᠤᠨ ᠴᠣᠩᠬᠤᠪᠴᠢ ᠶᠢᠨ ᠬᠤᠭᠤᠴᠠᠭ᠎ᠠ ᠶᠢ ᠡᠵᠡᠮᠳᠡᠵᠦ᠂ ᠪᠣᠬᠢᠷᠳᠣᠯ ᠦᠭᠡᠢ ᠴᠠᠭᠢᠯᠭᠠᠨ ᠢ ᠪᠠᠭᠲᠠᠭᠠᠨ ᠰᠢᠩᠭᠡᠭᠡᠬᠦ ᠪᠠᠷ ᠬᠥᠳᠡᠯᠭᠡᠭᠦᠷ ᠪᠤᠯᠭᠠᠵᠤ᠂ ᠥᠯᠵᠡᠢ — ᠣᠯᠠᠨᠪᠤᠯᠠᠭ ᠬᠢᠯᠢ ᠳᠠᠭᠠᠤ ᠠᠵᠤ ᠦᠢᠯᠡᠰ ᠤᠨ ᠬᠦᠷᠢᠶᠡᠯᠡᠩ ᠤᠨ ᠬᠢᠯᠢ ᠣᠷᠣᠨ ᠪᠣᠯᠣᠨ ᠳᠤᠮᠳᠠ ᠣᠷᠣᠨ ᠤ ᠬᠤᠯᠪᠣᠯᠳᠤᠨ ᠬᠥᠭᠵᠢᠬᠦ ᠶᠢ ᠠᠬᠢᠭᠤᠯᠬᠤ ᠪᠠᠷ ᠭᠤᠣᠯᠳᠠᠭᠤᠯᠤᠨ᠂ ᠪᠦᠭᠦ ᠵᠢᠯ ᠳᠤ᠂ ᠥᠷᠭᠡᠨ ᠢᠶᠠᠷ ᠬᠠᠮᠤᠷᠤᠭᠰᠠᠨ᠂ ᠨᠥᠬᠦᠨ ᠬᠠᠩᠭᠠᠭᠰᠠᠨ᠂ ᠥᠨᠳᠥᠷ ᠦᠷ᠎ᠡ ᠠᠰᠢᠭ ᠲᠠᠢ ᠰᠦᠯᠵᠢᠶᠡᠨ ᠤ ᠠᠵᠤ ᠦᠢᠯᠡᠰ ᠤᠨ 10 ᠲᠥᠷᠥᠯ ᠵᠦᠢᠯ ᠢ ᠤᠷᠢᠵᠤ᠂ 100 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠡᠳᠡᠨ ᠣᠷᠣᠭᠤᠯᠵᠤ᠂ ᠵᠠᠰᠠᠭ ᠤᠨ ᠣᠷᠳᠣᠨ ᠪᠠ ᠨᠡᠶᠢᠭᠡᠮ ᠤᠨ ᠣᠯᠠᠨ ᠡᠰᠢᠵᠢᠭ᠍ᠰᠡᠨ ᠬᠥᠷᠥᠩᠭᠡ ᠣᠷᠤᠭᠤᠯᠤᠯᠲᠠ ᠶᠢᠨ ᠪᠠᠶᠢᠷᠢᠰᠢᠯ ᠢ ᠪᠦᠷᠢᠯᠳᠦᠭᠦᠯᠵᠦ᠂ ᠲᠥᠷᠥᠯ ᠵᠦᠢᠯ ᠢ ᠵᠡᠷᠭᠡᠪᠡᠷ ᠲᠦᠷᠭᠡᠳᠬᠡᠵᠦ᠂ ᠭᠠᠵᠠᠷ ᠣᠷᠣᠨ ᠤ ᠠᠵᠤ ᠦᠢᠯᠡᠰ ᠤᠨ ᠥᠷᠢᠰᠦᠯᠳᠦᠬᠦ ᠴᠢᠳᠠᠪᠤᠷᠢ ᠶᠢ ᠨᠡᠮᠡᠭᠳᠡᠭᠦᠯᠦᠨ᠎ᠡ᠃ ᠬᠦᠴᠦᠨ ᠵᠦᠢᠯ ᠤᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠶᠠᠪᠤᠭᠳᠠᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠭᠠᠵᠠᠷ ᠰᠢᠷᠣᠢ ᠬᠠᠩᠭᠠᠬᠤ ᠶᠢ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠡᠮᠡᠭᠳᠡᠭᠦᠯᠵᠦ᠂ ᠭᠠᠵᠠᠷ ᠰᠢᠷᠣᠢ ᠶᠢᠨ ᠬᠤᠷᠢᠶᠠᠬᠤ ᠪᠣᠯᠣᠨ ᠨᠥᠭᠡᠴᠡᠯᠡᠬᠦ ᠠᠵᠢᠯ ᠢ ᠰᠢᠯᠢᠳᠡᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠪᠦᠰᠡ ᠶᠢᠨ ᠪᠠᠷᠢᠮᠵᠢᠶᠠᠲᠤ ᠭᠠᠵᠠᠷ ᠢ ᠪᠦᠲᠦᠭᠡᠨ ᠪᠠᠶᠢᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠤᠨ ᠭᠠᠵᠠᠷ ᠰᠢᠷᠣᠢ ᠶᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠨ᠎ᠠ᠃ ᠬᠠᠲᠤᠨ ᠭᠤᠣᠯ ᠤᠨ ᠤᠰᠤᠨ ᠤ ᠬᠤᠪᠢᠶᠠᠷᠢᠯᠠᠯᠲᠠ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ ᠡᠨᠧᠷᠭᠢ ᠶᠢᠨ ᠬᠤᠷᠣᠭᠳᠠᠯ᠂ ᠴᠠᠭᠢᠯᠭᠠᠨ ᠤ ᠦᠨ᠎ᠡ ᠶᠢᠨ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠦᠵᠡᠭᠦᠯᠵᠦ᠂ ︽ᠪᠣᠬᠢᠷᠳᠣᠯ ᠦᠭᠡᠢ ᠴᠠᠭᠢᠯᠭᠠᠨ ᠢ ᠰᠢᠭᠤᠳ ᠬᠠᠩᠭᠠᠬᠤ︾ ᠵᠠᠭᠪᠤᠷ ᠢ ᠢᠳᠡᠪᠬᠢᠲᠠᠢ ᠰᠦᠪᠡᠭᠴᠢᠯᠡᠵᠦ᠂ ︽ᠴᠠᠬᠢᠯᠭᠠᠨ ᠤ ᠡᠬᠢ ᠡᠭᠦᠰᠪᠦᠷᠢ ᠂ ᠰᠦᠯᠵᠢᠶ᠎ᠡ ᠂ ᠠᠴᠢᠶᠠᠯᠠᠯ᠂ ᠬᠠᠳᠠᠭᠠᠯᠠᠯᠲᠠ ᠶᠢ ᠨᠢᠭᠡᠳᠬᠡᠭᠰᠡᠨ︾ ᠬᠡᠷᠡᠭᠯᠡᠭᠡᠨ ᠤ ᠣᠷᠴᠢᠨ ᠢ ᠪᠠᠶᠢᠭᠤᠯᠤᠨ᠎ᠠ᠃ ᠲᠥᠷᠥᠯ ᠵᠦᠢᠯ ᠤᠨ ᠪᠦᠭᠦ ᠦᠶᠡᠯᠡᠯ ᠤᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥᠯ ᠵᠦᠢᠯ ᠤᠨ ᠡᠭᠢᠯᠡᠯᠲᠡ ᠶᠢᠨ ᠰᠠᠭᠤᠷᠢ ᠶᠢ ᠰᠠᠶᠢᠨ  ᠲᠠᠯᠪᠢᠵᠤ᠂ ᠲᠥᠷᠥᠯ ᠬᠤᠪᠢᠶᠠᠨ ᠰᠢᠢᠳᠪᠦᠷᠢᠯᠡᠬᠦ ᠠᠷᠭ᠎ᠠ ᠠᠪᠴᠠᠯ ᠢᠶᠠᠷ ᠪᠦᠬᠦᠨ ᠢ ︽ᠠᠮᠵᠢᠯᠲᠠ ᠲᠠᠢ ᠪᠠᠷ ᠡᠬᠢᠯᠡᠭᠦᠯᠵᠦ︾᠂ ︽ᠲᠣᠭᠲᠠᠪᠤᠷᠢᠲᠠᠢ ᠪᠠᠶᠢᠬᠤ︾ ᠶᠢ ᠪᠠᠲᠤᠯᠠᠨ᠎ᠠ᠃       ᠬᠤᠶᠠᠷ᠂ ᠭᠡᠯᠪᠡᠷᠢ ᠶᠢ ᠨᠢ ᠬᠤᠪᠢᠷᠠᠭᠤᠯᠵᠤ ᠳᠡᠰ ᠳᠡᠪᠰᠢᠭᠦᠯᠦᠨ ᠲᠣᠬᠢᠷᠠᠭᠤᠯᠤᠯᠲᠠ ᠬᠢᠵᠦ᠂ ᠭᠤᠷᠪᠠᠨ ᠠᠵᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠶᠡᠬᠡᠪᠡᠷ ᠳᠡᠭᠡᠭᠰᠢᠯᠡᠭᠦᠯᠵᠦ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ       ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭᠠᠨ ᠤ ᠶᠡᠷᠦᠩᠬᠡᠢ ᠲᠠᠷᠢᠬᠤ ᠲᠠᠯᠠᠪᠠᠢ ᠶᠢ 28 ᠲᠦᠮᠡᠨ ᠮᠦ ᠠᠴᠠ ᠳᠡᠭᠡᠭᠰᠢ ᠪᠠᠶᠢᠯᠭᠠᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 2.4 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠲᠣᠭᠲᠠᠭᠤᠨ ᠬᠤᠷᠢᠶᠠᠯᠲᠠ ᠲᠠᠢ ᠪᠠᠶᠢᠬᠤ ᠶᠢ ᠪᠠᠲᠤᠯᠠᠨ᠎ᠠ᠃ ᠰᠤᠯᠠ ᠪᠠᠶᠢᠭ᠎ᠠ ᠬᠦᠯᠡᠮᠵᠢ ᠪᠣᠯᠣᠨ ᠲᠠᠷᠠᠬᠠᠢ ᠪᠤᠲᠠᠷᠬᠠᠢ ᠲᠠᠷᠢᠶᠠᠨ ᠭᠠᠵᠠᠷ ᠤᠨ ᠲᠠᠬᠢᠨ ᠠᠰᠢᠭᠯᠠᠬᠤ ᠶᠢ ᠬᠠᠶᠢᠨ ᠰᠦᠪᠡᠭᠴᠢᠯᠡᠵᠦ᠂ ᠡᠭᠦᠷᠢᠳᠡ ᠶᠢᠨ ᠪᠠᠲᠤᠯᠠᠭ᠎ᠠ ᠲᠠᠢ ᠦᠨᠳᠦᠰᠦᠨ ᠲᠠᠷᠢᠶᠠᠨ ᠭᠠᠵᠠᠷ ᠢ ᠪᠦᠭᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠥᠨᠳᠥᠷ ᠦᠷ᠎ᠡ ᠪᠦᠲᠦᠮᠵᠢᠲᠡᠢ ᠤᠰᠤ ᠬᠡᠮᠨᠡᠬᠦ ᠮᠡᠷᠭᠡᠵᠢᠯ ᠢ ᠳᠡᠯᠭᠡᠷᠡᠭᠦᠯᠦᠨ᠂ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠪᠣᠯᠣᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠪᠣᠬᠢᠷᠳᠤᠯ ᠦᠭᠡᠢ ᠤᠰᠤ ᠬᠡᠮᠨᠡᠬᠦ ᠲᠠᠷᠢᠶᠠᠯᠠᠩ ᠤᠨ ᠤᠷᠭᠠᠨᠢᠭ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ 9000 ᠲᠦᠮᠡ ᠭᠠᠷᠤᠢ ᠲᠥᠭᠦᠷᠢᠭ ᠤᠨ ᠪᠡᠯᠡ ᠮᠥᠩᠭᠦ ᠶᠢ ᠴᠢᠷᠮᠠᠶᠢᠨ ᠣᠯᠵᠣ ᠂ ᠣᠶᠣᠨᠴᠢ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠵᠦ ᠰᠣᠷᠭᠤᠭ ᠢᠶᠠᠷ ᠨᠢ ᠬᠠᠳᠠᠭᠠᠯᠠᠬᠤ ᠵᠡᠷᠭᠡ 10 ᠲᠠᠷᠢᠶᠠᠨᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠨᠠᠷᠢᠨ ᠪᠣᠯᠪᠠᠰᠤᠷᠠᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ ᠂ ᠵᠡᠭᠦᠨ ᠪᠡᠯ ᠤᠨ ᠡᠯᠡᠰᠦᠨ ᠤ ᠤᠷᠭᠤᠮᠠᠯ ᠢ ᠥᠨᠳᠥᠷ ᠪᠠᠷᠢᠮᠵᠢᠶ᠎ᠠ ᠲᠠᠢ ᠪᠠᠷ ᠤᠷᠭᠤᠭᠤᠯᠬᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠯᠠᠱᠠ ᠶᠢᠨ ᠡᠯᠡᠰᠦᠨ ᠤ ᠠᠵᠤ ᠦᠢᠯᠡᠰ ᠤᠨ ᠠᠷᠠᠯᠵᠢᠶᠠᠨ ᠤ ᠲᠥᠪ ᠤᠨ ᠲᠠᠪᠴᠠᠩ ᠢ ᠪᠠᠶᠢᠭᠤᠯᠵᠤ᠂ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠂ ︽ᠨᠤᠲᠤᠭ ᠤᠨ ᠣᠨᠴᠠ ᠭᠠᠷᠤᠯᠲᠠ︾ ᠶᠢ ︽ᠪᠠᠶᠠᠵᠢᠯ ᠤᠨ ᠬᠤᠷᠢᠶᠠᠯᠲᠠ︾ ᠪᠣᠯᠭᠠᠨ᠎ᠠ᠃ ᠤᠯᠠᠮᠵᠢᠯᠠᠯᠲᠤ ᠠᠵᠤ ᠦᠢᠯᠡᠳᠪᠦᠷᠢ ᠶᠢ ᠰᠢᠨᠡᠳᠬᠡᠨ ᠬᠥᠭᠵᠢᠭᠦᠯᠦᠨ᠎ᠡ᠃ ᠬᠠᠷ᠎ᠠ ᠶᠢᠨ ᠠᠭᠤᠯᠠ᠂ ᠬᠤᠯᠤᠰᠤᠲᠠᠢ ᠪᠠ ᠭᠠᠯ ᠪᠠᠮᠪᠠᠷ ᠠᠩᠭᠢ ᠶᠢᠨ ᠠᠭᠤᠷᠬᠠᠢ ᠶᠢᠨ ᠣᠷᠣᠨ ᠤ ᠶᠡᠷᠦᠩᠬᠡᠢ ᠲᠥᠯᠦᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠶᠢ ᠲᠦᠷᠭᠡᠳᠬᠡᠨ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠮᠡᠷᠭᠡᠵᠢᠯ ᠤᠨ ᠥᠭᠡᠷᠡᠴᠢᠯᠡᠯᠲᠡ ᠬᠢᠵᠦ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠨᠥᠬᠦᠴᠡᠯ ᠳᠤ ᠨᠡᠶᠢᠴᠡᠭᠰᠡᠨ ᠨᠡᠭᠦᠷᠡᠰᠦᠨ ᠠᠭᠤᠷᠬᠠᠢ ᠶᠢᠨ ᠠᠵᠢᠯ ᠢ ᠰᠡᠷᠭᠦᠭᠡᠨ ᠦᠢᠯᠡᠳᠪᠦᠷᠢᠯᠡᠬᠦ ᠶᠢ ᠨᠢ ᠯᠠᠪᠳᠠᠭᠤᠨ ᠢᠶᠠᠷ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠦᠢᠯᠡᠳᠪᠦᠷᠢᠯᠡᠬᠦ ᠴᠢᠳᠠᠪᠤᠷᠢ ᠶᠢ ᠪᠦᠲᠦᠮᠵᠢᠲᠡᠢ ᠪᠠᠷ ᠭᠠᠷᠭᠠᠨ᠎ᠠ᠃ 17.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠳᠤᠮᠳᠠᠳᠤ ᠤᠯᠤᠰ ᠤᠨ ᠲᠠᠪᠣᠰᠣᠨ ᠤ ᠦᠢᠯᠡᠰ ᠤᠨ ᠪᠦᠯᠦᠭᠯᠡᠯ ᠤᠨ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠨ ᠳᠡᠰ ᠳᠡᠪᠰᠢᠭᠦᠯᠬᠦ ᠵᠡᠷᠭᠡ 17 ᠠᠵᠤ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠶᠧᠦ ᠪᠠᠩ᠂ ᠶᠢᠨ ᠰᠢᠨ ᠵᠡᠷᠭᠡ 4 ᠣᠯᠠᠨ ᠲᠡᠮᠦᠷᠯᠢᠭ ᠤᠨ ᠠᠭᠤᠷᠬᠠᠢ ᠶᠢᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠰᠢ ᠶᠢᠨ ᠠᠭᠤᠷᠬᠠᠢ ᠶᠢᠨ ᠦᠢᠯᠡᠰ ᠤᠨ ᠶᠡᠭᠡ ᠬᠡᠮᠵᠢᠶᠡᠨ ᠤ ᠪᠡᠶᠡᠲᠦ ᠬᠠᠶᠠᠭᠳᠠᠯ ᠢ ᠶᠡᠷᠦᠩᠬᠡᠶᠢᠯᠡᠨ ᠠᠰᠢᠭᠯᠠᠬᠤ ᠨᠢᠭᠡᠳᠦᠭᠡᠷ ᠬᠤᠭᠤᠴᠠᠭ᠎ᠠ᠂ ᠰᠢᠵᠢᠷ ᠠᠯᠳᠠ ᠦᠨᠡᠲᠦ ᠲᠡᠮᠦᠷᠯᠢᠭ ᠢ ᠨᠠᠷᠢᠯᠢᠭ ᠪᠤᠯᠪᠠᠰᠤᠷᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠰᠢᠵᠢᠷ ᠠᠯᠲᠠᠨ ᠤ ᠠᠵᠤ ᠠᠬᠤᠢ︾ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠡᠷᠢᠯ ᠬᠠᠶᠢᠭᠤᠯ ᠤᠨ ᠦᠢᠯᠡ ᠠᠵᠢᠯᠯᠠᠭ᠎ᠠ ᠶᠢ ᠰᠢᠨ᠎ᠡ ᠪᠠᠷ ᠡᠬᠢᠯᠡᠭᠦᠯᠦᠨ᠎ᠡ᠃ ᠵᠦᠩ ᠨᠠᠨ ᠶᠢᠨ ᠶᠡᠭᠡ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠬᠠᠷ᠎ᠠ ᠶᠢᠨ ᠠᠭᠤᠯᠠ ᠠᠭᠤᠷᠬᠠᠢ ᠶᠢᠨ ᠪᠦᠰᠡ᠂ ᠬᠤᠶᠢᠲᠤ ᠠᠭᠤᠯᠠᠨ ᠤ ᠬᠦᠳᠡᠷ ᠤᠨ ᠬᠡᠪᠲᠡᠰᠢ ᠵᠢᠴᠢ ᠡᠷᠭᠢᠨ ᠲᠣᠭᠤᠷᠢᠨ ᠤ ᠣᠷᠣᠨ ᠪᠦᠰᠡ ᠳᠤ ᠭᠤᠣᠯᠳᠠᠯᠭ᠎ᠠ ᠲᠠᠢ ᠪᠠᠷ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠢᠴᠢ ᠲᠣᠰᠣ ᠬᠡᠢ ᠶᠢᠨ ᠬᠠᠶᠢᠭᠤᠯ ᠬᠢᠵᠦ᠂ ᠨᠡᠭᠦᠷᠡᠰᠦ᠂ ᠲᠡᠮᠦᠷ᠂ ᠵᠡᠰ᠂ ᠠᠯᠳᠠ᠂ ᠴᠠᠬᠢᠭᠤᠷ ᠵᠡᠷᠭᠡ ᠠᠭᠤᠷᠬᠠᠢ ᠶᠢᠨ ᠲᠦᠷᠦᠯ ᠤᠨ ᠬᠠᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠣᠯᠠᠨᠪᠤᠯᠠᠭ ᠤᠨ ᠨᠡᠭᠦᠷᠡᠰᠦ ᠬᠠᠳᠠᠭᠠᠯᠠᠵᠤ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠢ ᠪᠠᠶᠢᠭᠤᠯᠵᠤ᠂ ︽ᠬᠢᠯᠢ ᠬᠢᠵᠠᠭᠠᠷ ᠤᠨ ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ︾᠂ ︽ᠥᠪᠥᠷ ᠮᠣᠩᠭᠤᠯ ᠤᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ︾ ᠶᠡᠭᠡ ᠵᠠᠮ ᠤᠨ ᠵᠠᠩᠭᠢᠯᠠᠭ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ᠡᠬᠢ ᠪᠠᠶᠠᠯᠢᠭ ᠢ ᠬᠠᠳᠠᠭᠠᠯᠠᠨ ᠲᠣᠬᠢᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ ᠦᠷᠭᠦᠯᠵᠢᠯᠡᠨ ᠥᠷᠭᠡᠳᠬᠡᠨ᠎ᠡ᠃ ᠣᠷᠴᠢᠨ ᠦᠶ᠎ᠡ ᠶᠢᠨ ᠦᠢᠯᠡᠴᠢᠯᠡᠭᠡᠨ ᠤ ᠰᠠᠯᠪᠤᠷᠢ ᠶᠢᠨ ᠨᠡᠷ᠎ᠡ ᠲᠡᠮᠳᠡᠭ ᠢ ᠠᠯᠳᠠᠷᠰᠢᠭᠤᠯᠤᠨ᠎ᠠ᠃ ︽ᠳᠠᠭᠤᠤ ᠬᠤᠭᠤᠷ ᠲᠠᠢ ᠥᠪᠥᠷ ᠮᠣᠩᠭᠤᠯ︾ ︽ᠠᠯᠠᠱᠠ ᠨᠤᠲᠤᠭ ᠢᠶᠠᠷ ᠵᠤᠭᠠᠯᠠᠶ᠎ᠠ︾ ᠭᠡᠮᠡᠬᠦ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠨᠡᠷ᠎ᠡ ᠲᠡᠮᠳᠡᠭ ᠢ ᠠᠯᠳᠠᠷᠰᠢᠭᠤᠯᠵᠤ᠂ ︽ᠲᠠᠪᠴᠠᠩ ᠲᠠᠢ᠂ ᠵᠠᠬ᠎ᠠ ᠳᠡᠯᠭᠡᠭᠦᠷ ᠲᠠᠢ᠂ ᠪᠠᠶᠢᠩᠭᠤ ᠶᠢᠨ ᠠᠵᠢᠯᠯᠠᠭ᠎ᠠ ᠲᠠᠢ ᠪᠠᠶᠢᠯᠭᠠᠬᠤ︾ ᠵᠠᠷᠴᠢᠮ ᠢᠶᠠᠷ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾ ᠢ ᠰᠠᠶᠢᠲᠤᠷ ᠡᠷᠭᠢᠯᠡᠵᠦ᠂ ᠠᠽᠢᠶ᠎ᠠ ᠲᠢᠪ ᠨᠤᠮᠤᠬᠠᠨ ᠳᠠᠯᠠᠢ ᠶᠢᠨ ᠪᠦᠰᠡ ᠶᠢᠨ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠥᠯ ᠤᠨ ᠰᠣᠷᠢᠯᠲᠠ ᠶᠢᠨ ᠲᠡᠮᠡᠴᠡᠭᠡᠨ᠂ ᠲᠡᠮᠡᠭᠡᠨ ᠰᠣᠶᠣᠯ ᠤᠨ ᠨᠠᠶᠢᠷ ᠵᠡᠷᠭᠡ ᠴᠢᠬᠤᠯᠠ ᠶᠡᠭᠡ ᠤᠷᠤᠯᠳᠤᠭᠠᠨ ᠤ ᠶᠠᠪᠤᠳᠠᠯ ᠪᠠ ᠨᠠᠷᠠᠲᠤ ᠲᠡᠮᠳᠡᠭᠲᠦ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠪᠣᠯᠭᠠᠨ ᠮᠠᠭᠠᠳᠯᠠᠨ ᠲᠣᠭᠲᠠᠭᠠᠬᠤ ᠶᠢ ᠪᠡᠶᠡᠯᠡᠭᠦᠯᠵᠦ᠂ ᠰᠣᠶᠣᠯ ᠪᠠ ᠵᠢᠭᠤᠯᠴᠢᠯᠠᠯ ᠤᠨ ᠤᠶᠠᠯᠳᠤᠨ ᠬᠥᠭᠵᠢᠬᠦ ᠶᠢ ᠰᠠᠶᠢᠲᠤᠷ ᠠᠬᠢᠭᠤᠯᠤᠨ᠎ᠠ᠃ ᠲᠡᠭᠷᠢ ᠡᠯᠡᠰᠦ ᠶᠢᠨ ᠵᠢᠭᠤᠯᠴᠢᠳ ᠤᠨ ᠦᠢᠯᠡᠴᠢᠯᠡᠭᠡᠨ ᠤ ᠲᠥᠪ᠂ ᠡᠯᠡᠰᠦ ᠮᠠᠩᠬᠠᠨ ᠤ ᠬᠠᠴᠢᠨ ᠴᠢᠯᠠᠭᠤᠨ ᠤ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ ᠵᠡᠷᠭᠡ 4 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠦᠭᠦ ᠣᠷᠣᠨ ᠪᠦᠰᠡ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ︽ᠲᠡᠭᠡᠭᠡᠪᠦᠷᠢ — ᠠᠶᠠᠯᠠᠯ ᠵᠢᠭᠤᠯᠴᠢᠯᠠᠯ ᠤᠨ ᠤᠶᠠᠯᠳᠤᠭ᠎ᠠ ᠬᠤᠯᠪᠣᠭ᠎ᠠ ︾ ᠶᠢ ᠳᠡᠮᠵᠢᠵᠦ ᠂ ᠪᠠᠷᠠᠭᠤᠨ ᠬᠡᠶᠢᠳ ᠠᠴᠠ ᠬᠠᠯᠲᠠᠷ ᠨᠠᠭᠤᠷ ᠬᠦᠷᠬᠦ ᠠᠶᠠᠯᠠᠯ ᠵᠢᠭᠤᠯᠴᠢᠯᠠᠯ ᠤᠨ ᠵᠠᠰᠠᠮᠠᠯ ᠵᠠᠮ ᠤᠨ ᠠᠷᠠᠴᠢᠯᠠᠯᠲᠠ ᠂ ᠰᠠᠶᠢᠵᠢᠷᠠᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠵᠣᠷᠢᠵᠤ ᠂ ︽ᠡᠯᠡᠰᠦᠨ ᠴᠦᠯ ᠢ ᠲᠤᠭᠤᠯᠬᠤ ᠵᠢᠭᠤᠯᠴᠢᠯᠠᠯ︾ ᠤᠨ ᠱᠤᠭᠤᠮ ᠢ ᠪᠦᠲᠦᠮᠵᠢᠲᠡᠢ᠂ ᠴᠢᠨᠠᠷᠲᠠᠢ ᠪᠣᠯᠪᠠᠰᠤᠷᠠᠭᠤᠯᠤᠨ᠎ᠠ ᠃ ︽ᠬᠤᠶᠠᠷ ᠰᠢᠨ᠎ᠡ︾ ᠵᠢᠴᠢ ᠠᠵᠤ ᠠᠬᠤᠢ ᠪᠠᠨ ᠰᠡᠷᠭᠦᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠢ ᠨᠢᠭᠲᠠ ᠳᠠᠭᠠᠵᠤ᠂ ︽ᠬᠡᠷᠡᠭᠯᠡᠭᠡ ᠶᠢ ᠠᠬᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠡ ᠶᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠪᠠᠬᠢᠵᠢᠭᠦᠯᠦᠨ᠎ᠡ᠃ ᠪᠠᠶᠠᠨᠬᠤᠲᠠ ᠪᠠᠷ ᠭᠤᠣᠯ ᠪᠤᠯᠭᠠᠬᠰᠠᠨ ᠪᠦᠭᠦ ᠠᠶᠢᠮᠠᠭ ᠤᠨ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶ᠎ᠡ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠤᠷᠳᠤᠨ ᠤ ᠵᠠᠰᠠᠮᠠᠯ ᠵᠠᠮ᠂ ᠬᠤᠷᠳᠤᠨ ᠤ ᠲᠡᠮᠦᠷ ᠵᠠᠮ᠂ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠢᠶᠠᠷ ︽ᠭᠤᠷᠪᠠ ᠶᠢ ᠴᠣᠭᠴᠠᠵᠢᠭᠤᠯᠤᠭᠰᠠᠨ︾ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠤᠨ᠎ᠠ᠃       ᠭᠤᠷᠪᠠ᠂ ᠬᠤᠲᠠ ᠬᠥᠳᠡᠭᠡ ᠶᠢ ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ᠭᠤᠷᠪᠠᠨ ᠵᠦᠢᠯ ᠤᠨ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠰᠢᠨ᠎ᠡ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠤ ᠪᠦᠭᠦ ᠲᠠᠯ᠎ᠠ ᠶᠢᠨ ᠮᠠᠨᠳᠤᠯᠲᠠ ᠶᠢ ᠨᠢᠭᠡᠳᠦᠯᠲᠡᠢ ᠲᠥᠯᠥᠪᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ       ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ᠃ ᠪᠠᠶᠠᠨᠬᠤᠲᠠ ᠶᠢᠨ ᠲᠡᠮᠦᠷ ᠵᠠᠮ ᠤᠨ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠪᠠᠶᠠᠨᠬᠤᠲᠠ᠂ ᠪᠠᠷᠠᠭᠤᠨ ᠪᠡᠯ ᠥᠷᠳᠡᠭᠡᠨ ᠤ ᠡᠮᠦᠨᠡᠬᠢ ᠠᠭᠤᠳᠠᠮ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠴᠠᠭᠠᠨ ᠳᠡᠷᠡᠰᠦ ᠠᠴᠠ ᠪᠠᠶᠠᠨᠬᠤᠳᠠ ᠬᠦᠷᠬᠦ ᠂ ᠥᠯᠵᠡᠢ ᠠᠴᠠ ᠵᠢᠷᠠᠲᠠᠢ ᠬᠦᠷᠬᠦ᠂ ᠯᠢᠨ ᠡᠾᠧ ᠠᠴᠠ ᠬᠠᠮᠢ ᠬᠦᠷᠬᠦ ᠲᠥᠷᠥᠯ ᠵᠦᠢᠯ ᠢ ᠲᠤᠤᠱᠲᠠᠢ ᠠᠬᠢᠭᠤᠯᠵᠤ᠂ ᠪᠠᠶᠠᠨᠬᠤᠲᠠ ᠠᠴᠠ ᠳᠡᠷᠡᠰᠦᠨ ᠬᠦᠷᠬᠦ ᠲᠡᠮᠦᠷ ᠵᠠᠮ ᠢ ᠲᠥᠯᠥᠪᠯᠡᠭᠡ ᠳᠤ ᠣᠷᠣᠭᠤᠯᠬᠤ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠰᠠᠶᠢᠲᠤᠷ ᠶᠠᠪᠤᠭᠳᠠᠭᠤᠯᠵᠤ᠂ ᠵᠢᠯ ᠤᠨ ᠳᠣᠲᠣᠷ᠎ᠠ ᠭᠤᠣᠯᠯᠠᠬᠤ ᠢᠨᠵᠧᠨᠧᠷᠢᠩ ᠢ ᠪᠡᠶᠡᠯᠡᠭᠦᠯᠬᠦ ᠪᠠᠷ ᠴᠢᠷᠮᠠᠶᠢᠨ᠎ᠠ᠃ ᠲᠡᠮᠡᠭᠡᠲᠦ ᠠᠴᠠ ᠡᠤ ᠸᠧᠢ ᠬᠦᠷᠬᠦ ᠮᠤᠵᠢ ᠶᠢᠨ ᠵᠠᠮ ᠢ ᠦᠷᠭᠦᠯᠵᠢᠯᠡᠨ ᠪᠠᠶᠢᠭᠤᠯᠵᠤ᠂ S315 ᠵᠠᠮ  ᠠᠴᠠ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ X751 ᠵᠠᠮ ᠤᠨ ᠪᠠᠶᠠᠨᠬᠤᠲᠠ ᠠᠴᠠ ᠮᠥᠩᠭᠦᠨ ᠬᠦᠷᠬᠦ 2 ᠵᠤᠷᠪᠤᠰ ᠬᠥᠳᠡᠭᠡ ᠲᠣᠰᠬᠤᠨ ᠤ ᠵᠠᠮ ᠢ ᠥᠭᠡᠷᠡᠴᠢᠯᠡᠨ ᠰᠢᠨᠡᠳᠬᠡᠨ᠎ᠡ᠃ ᠣᠪᠣᠭᠠᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠥᠯᠵᠡᠢ ᠰᠤᠮᠤᠨ ᠤ ᠳᠤᠮᠳᠠᠳᠤ ᠮᠣᠩᠭᠤᠯ ᠤᠨ ᠬᠢᠯᠢ ᠶᠢᠨ ᠴᠡᠷᠢᠭ ᠠᠩᠭᠢ ᠵᠢᠴᠢ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ᠂ ᠬᠥᠳᠡᠭᠡ ᠲᠣᠰᠬᠤᠨ ᠤ ᠴᠠᠭᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠴᠠᠭᠢᠯᠭᠠᠨ ᠴᠡᠨᠡᠭᠯᠡᠬᠦ ᠥᠷᠲᠡᠭᠡ ᠶᠢᠨ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠬᠤᠰᠢᠭᠤᠨ ᠤ ᠬᠦᠷᠢᠶᠡᠨ ᠳᠠᠬᠢ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠴᠢᠩᠭᠠᠳᠬᠠᠨ᠎ᠠ᠃ ᠬᠤᠲᠠ ᠶᠢᠨ ᠰᠢᠨᠡᠴᠢᠯᠡᠯᠲᠡ ᠶᠢ ᠦᠷᠭᠦᠯᠵᠢᠯᠡᠨ ᠲᠦᠷᠭᠡᠳᠬᠡᠨ᠎ᠡ᠃ ᠪᠠᠶᠠᠨᠬᠤᠲᠠ  ᠪᠠᠷ ᠲᠥᠪ ᠪᠣᠯᠭᠠᠭᠰᠠᠨ ︽ᠤᠯᠤᠰ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠳᠡᠯᠭᠡᠷᠡᠩᠭᠦᠢ ᠲᠥᠯᠥᠪᠯᠡᠭᠡ︾ ᠪᠣᠯᠣᠨ ︽ᠬᠤᠲᠠ ᠶᠢᠨ ᠰᠢᠨᠡᠴᠢᠯᠡᠯ ᠤᠨ ᠲᠤᠰᠬᠠᠢ ᠲᠥᠯᠥᠪᠯᠡᠭᠡ︾ ᠶᠢ ᠰᠢᠨᠵᠢᠯᠡᠬᠦ ᠤᠬᠠᠭᠠᠨᠴᠢ ᠪᠠᠷ ᠥᠨᠳᠥᠷ ᠴᠢᠨᠠᠷᠲᠠᠢ ᠪᠣᠯᠪᠠᠰᠤᠷᠠᠭᠤᠯᠵᠤ ᠂ ᠢᠵᠢ ᠪᠦᠷᠢᠨ ᠵᠠᠭᠪᠤᠷ ᠢᠶᠠᠷ ᠲᠤᠤᠱᠲᠠᠢ ᠬᠡᠷᠡᠭᠵᠢᠭᠦᠯᠦᠨ ᠂ ᠬᠤᠲᠠ ᠶᠢᠨ ᠪᠠᠶᠢᠭᠤᠯᠤᠯᠲᠠ ᠶᠢᠨ ᠲᠥᠰᠥᠯ ᠤᠳ ᠢ ᠲᠥᠯᠥᠪᠯᠡᠭᠡᠨ ᠤ ᠳᠠᠭᠠᠤ ᠤᠶᠠᠯᠳᠤᠭᠤᠯᠤᠨ ᠬᠡᠷᠡᠭᠵᠢᠭᠦᠯᠦᠨ᠎ᠡ᠃ ᠪᠠᠳᠠᠢ ᠶᠢᠨ ᠵᠢᠷᠠᠨ ᠵᠠᠮ ᠢ ᠰᠢᠨᠡᠳᠬᠡᠨ ᠵᠠᠰᠠᠵᠤ᠂ ᠮᠠᠯᠴᠢᠨ ᠵᠠᠮ ᠤᠨ ᠬᠤᠶᠢᠲᠤ ᠬᠡᠰᠡᠭ ᠤᠨ ︽ᠮᠤᠬᠤᠷ ᠵᠠᠮ︾ ᠢ ᠨᠠᠪᠲᠠᠷᠡᠭᠦᠯᠵᠦ᠂ 14 ᠨᠢᠭᠡᠳᠦᠯᠲᠡᠢ ᠪᠠᠷᠢᠭᠰᠠᠨ ᠬᠤᠷᠢᠶᠠᠯᠠᠯ ᠢ ᠥᠭᠡᠷᠡᠴᠢᠯᠡᠨ ᠰᠢᠨᠡᠳᠬᠡᠵᠦ᠂ 5 ᠬᠠᠭᠤᠴᠢᠨ  ᠬᠤᠷᠢᠶᠠᠯᠠᠯ ᠢ ᠥᠭᠡᠷᠡᠴᠢᠯᠡᠨ᠂ 2 ᠨᠡᠶᠢᠲᠡ ᠶᠢᠨ ᠲᠡᠷᠭᠡᠨ ᠤ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 26 ᠤᠰᠤ ᠪᠠᠷ ᠴᠡᠪᠡᠷᠯᠡᠬᠦ ᠵᠣᠷᠯᠣᠩ ᠢ ᠪᠠᠶᠢᠭᠤᠯᠤᠨ᠎ᠠ᠃ ᠪᠠᠶᠠᠨᠬᠤᠲᠠ ᠶᠢᠨ ᠣᠶᠤᠨᠴᠢ ᠤᠰᠤᠨ ᠠᠰᠢᠭᠯᠠᠯᠲᠠ ᠶᠢᠨ ᠶᠠᠪᠤᠳᠠᠯ ᠤᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 30 ᠣᠷᠣᠨ ᠰᠠᠭᠤᠴᠠ ᠶᠢᠨ ᠪᠦᠰᠡ ᠪᠠ 6 ᠪᠣᠷᠣ ᠭᠡᠷ ᠤᠨ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠤᠨ᠎ᠠ᠃ ᠪᠠᠶᠠᠨᠬᠤᠲᠠ ᠶᠢᠨ ᠣᠶᠤᠨᠲᠤ ᠴᠠᠭᠢᠯᠭᠠᠨ ᠥᠷᠲᠡᠭᠡ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠣᠷᠣᠨ ᠨᠤᠲᠤᠭ ᠤᠨ ᠣᠨᠴᠠᠯᠢᠭ ᠲᠤ ᠲᠣᠬᠢᠷᠠᠭᠤᠯᠤᠨ ᠬᠤᠲᠠ ᠶᠢᠨ ᠲᠤᠮᠳᠠᠬᠢ ᠲᠣᠰᠬᠤᠨ ᠤ ᠲᠠᠷᠢᠶᠠᠯᠠᠩ ᠤᠨ ᠴᠣᠭᠴᠠᠯᠠᠪᠤᠷᠢ ᠪᠣᠯᠣᠨ ᠪᠠᠷᠠᠭᠤᠨ ᠴᠡᠴᠡᠷᠯᠢᠭ ᠤᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠠᠷᠢᠬᠤ ᠠᠵᠢᠯ ᠢ ᠲᠥᠯᠥᠪᠯᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠭᠦᠯᠵᠦ᠂ ᠪᠠᠶᠠᠨᠬᠤᠳᠠ ᠶᠢᠨ ᠥᠩᠭᠡ ᠲᠥᠷᠬᠦ ᠪᠠ ᠰᠣᠶᠣᠯ ᠤᠨ ᠠᠭᠤᠯᠤᠭᠳᠠᠬᠤᠨ ᠤ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠣᠷᠣᠰᠢᠨ ᠰᠠᠭᠤᠬᠤ ᠳᠤ ᠲᠠᠭᠠᠯᠠᠮᠵᠢᠲᠠᠢ᠂ ᠲᠣᠬᠢᠯᠢᠭ᠂ ᠦᠵᠡᠰᠬᠦᠯᠡᠩᠲᠦ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠨᠡᠶᠢᠲᠡᠯᠢᠭ ᠵᠠᠭᠪᠤᠷ ᠢ ᠳᠡᠯᠭᠡᠷᠡᠭᠦᠯᠵᠦ᠂ ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ︽ᠭᠤᠷᠪᠠᠨ ᠪᠡᠯᠡ︾ ᠶᠢ ᠴᠢᠯᠦᠭᠡᠲᠡᠢ ᠪᠤᠯᠭᠠᠬᠤ ᠶᠢ ᠵᠣᠷᠢᠭᠵᠢᠭᠤᠯᠵᠤ᠂ 15 ᠡᠷᠦᠬᠡ ᠳᠤ ᠱᠠᠩᠨᠠᠵᠤ ᠨᠥᠬᠦᠪᠥᠷᠢᠯᠡᠬᠦ ᠪᠠ ᠠᠵᠤ ᠦᠢᠯᠡᠰ ᠤᠳ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠬᠡᠷᠡᠭᠯᠡᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠤᠷᠢᠶᠠᠯᠠᠨ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢ ᠲᠣᠭᠲᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠪᠠ ᠭᠠᠵᠠᠷ ᠬᠥᠳᠡᠯᠦᠯᠲᠡ ᠶᠢ ᠳᠠᠭᠠᠭᠠᠬᠤ ᠭᠡᠷ ᠪᠠᠶᠢᠰᠢᠩ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠤᠯᠠᠮ ᠴᠢᠨᠠᠭᠰᠢᠳᠠ ᠰᠠᠶᠢᠵᠢᠷᠠᠭᠤᠯᠤᠨ᠎ᠠ᠃       ᠳᠥᠷᠪᠡ᠂ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠭᠤᠷᠪᠠᠨ ᠶᠡᠭᠡ ᠰᠢᠨ᠎ᠡ ᠬᠥᠳᠡᠯᠭᠡᠭᠴᠢ ᠡᠨᠧᠷᠭᠢ ᠶᠢ ᠢᠳᠡᠪᠬᠢᠲᠡᠢ ᠪᠣᠶᠢᠵᠢᠭᠤᠯᠵᠤ᠂ ᠥᠭᠡᠷᠡᠴᠢᠯᠡᠯᠲᠡ ᠪᠠ ᠬᠥᠭᠵᠢᠯᠲᠡ ᠶᠢ ᠤᠷᠤᠭᠰᠢ ᠠᠬᠢᠭᠤᠯᠬᠤ ᠪᠠ ᠥᠨᠳᠥᠷ ᠪᠦᠲᠦᠮᠵᠢᠲᠡᠢ ᠪᠠᠷ ᠬᠤᠯᠪᠤᠭᠠᠯᠠᠨ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ       ᠨᠡᠩ ᠥᠨᠳᠥᠷ ᠵᠣᠭᠰᠣᠴᠠ ᠠᠴᠠ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ 80 ᠲᠥᠷᠥᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠶᠠᠨᠬᠤᠲᠠ ᠶᠢᠨ ᠬᠤᠲᠠ ᠪᠠᠯᠭᠠᠰᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠠᠶᠢᠮᠠᠭ ᠬᠤᠰᠢᠭᠤᠨ ᠤ ᠬᠤᠲᠠ ᠲᠣᠭᠤᠷᠢᠭ ᠤᠨ ᠬᠠᠮᠢᠶᠠᠷᠤᠯᠳᠠ ᠶᠢᠨ ᠬᠠᠷᠢᠴᠠᠭ᠎ᠠ ᠶᠢ ᠰᠢᠯᠤᠭᠤᠳᠬᠠᠨ᠎ᠠ᠃ ᠲᠡᠭ ᠰᠠᠭᠤᠷᠢ ᠲᠥᠰᠥᠪ ᠤᠨ ᠥᠭᠡᠷᠡᠴᠢᠯᠡᠯᠲᠡ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠤᠪᠢᠶᠠᠷᠢᠯᠠᠯᠲᠠ ᠶᠢ ᠵᠢᠷᠤᠮᠵᠢᠭᠤᠯᠤᠨ᠎ᠠ᠃ ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠤᠯᠠᠮ ᠲᠣᠳᠣᠷᠬᠠᠢ ᠪᠣᠯᠭᠠᠨ᠎ᠠ᠃ ᠨᠡᠶᠢᠲᠡ ᠶᠢᠨ ᠬᠡᠷᠡᠭᠯᠡᠭᠡᠨ ᠤ ᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠷᠠᠳ ᠣᠯᠠᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠨᠡᠩ ᠶᠡᠭᠡ ᠡᠷᠴᠢᠮ ᠢᠶᠠᠷ ᠬᠤᠳᠠᠯᠳᠤᠭ᠎ᠠ ᠡᠷᠭᠢᠯᠡᠭᠦ ᠣᠷᠴᠢᠨ ᠢ ᠰᠢᠯᠢᠳᠡᠭᠵᠢᠭᠦᠯᠦᠨ᠎ᠡ᠃ ︽ᠨᠢᠭᠡ ᠶᠠᠪᠤᠳᠠᠯ ᠢ ᠥᠨᠳᠥᠷ ᠦᠷ᠎ᠡ ᠪᠦᠲᠦᠮᠵᠢᠲᠡᠢ ᠭᠦᠢᠴᠡᠳᠬᠡᠬᠦ︾᠂ ︽ᠨᠢᠭᠡ ᠴᠣᠩᠬᠤᠪᠴᠢ︾ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠣᠭᠠᠴᠢᠯᠠᠯ ᠤᠨ ᠠᠮᠤᠷ ᠲᠦᠪᠰᠢᠨ ᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ ᠴᠢᠩᠭᠠᠳᠬᠠᠨ᠎ᠠ᠃ ︽ᠮᠥᠩᠬᠡ ᠰᠤᠪᠠᠭ︾ ᠢ ᠪᠦᠭᠦ ᠲᠠᠯ᠎ᠠ ᠪᠠᠷ ᠬᠠᠮᠤᠷᠤᠭᠤᠯᠬᠤ ᠶᠢ ᠬᠡᠷᠡᠭᠵᠢᠭᠦᠯᠵᠦ᠂ ᠴᠠᠬᠢᠮ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠡᠷᠬᠡ ᠲᠡᠭᠰᠢ ᠨᠢᠭᠡᠳᠦᠯᠲᠡᠢ︾ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠣᠯᠠᠨ ᠰᠠᠯᠠᠭ᠎ᠠ ᠮᠥᠴᠢᠷ ᠬᠤᠯᠪᠤᠭᠠᠯᠠᠨ ᠵᠣᠬᠢᠴᠠᠭᠤᠯᠵᠤ ᠬᠢᠨᠠᠨ ᠵᠥᠪᠰᠢᠶᠡᠷᠡᠬᠦ ᠲᠣᠭᠲᠠᠴᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠭᠠᠷ ᠭᠦᠢᠴᠡᠳᠬᠡᠯ ᠢ ᠥᠨᠳᠥᠷ ᠦᠷ᠎ᠡ ᠪᠦᠲᠦᠮᠵᠢᠲᠡᠢ ᠭᠦᠢᠴᠡᠳᠬᠡᠵᠦ᠂ ᠠᠷᠠᠯᠵᠢᠶ᠎ᠠ ᠬᠤᠳᠠᠯᠳᠤᠭᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠬᠥᠭᠵᠢᠯᠲᠡ ᠶᠢ ᠲᠣᠭᠲᠠᠪᠤᠷᠢᠵᠢᠭᠤᠯᠵᠤ᠂ ︽ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ︾ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠪᠢ ᠶᠢᠨ ᠠᠵᠤ ᠠᠬᠤᠶᠢᠯᠠᠯ ᠳᠤ ᠥᠷᠢᠲᠦᠭᠰᠡᠨ ᠥᠷᠢ ᠥᠭᠴᠡᠭᠡ ᠶᠢ ᠴᠢᠷᠮᠠᠶᠢᠨ ᠲᠥᠯᠥᠵᠦ᠂ ᠲᠥᠪ ᠭᠤᠣᠯᠴᠢ ᠥᠨᠳᠥᠷ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠬᠦᠯᠢᠶᠡᠰᠦ ᠶᠢ ᠠᠯᠳᠠᠷᠠᠭᠠᠵᠤ ᠳᠠᠷᠤᠭᠠᠰᠤ ᠶᠢ ᠨᠢ ᠬᠥᠩᠭᠡᠷᠡᠭᠦᠯᠦᠨ᠎ᠡ᠃ ᠠᠵᠤ ᠠᠬᠤᠶᠢᠯᠠᠯ ᠤᠨ ᠬᠡᠷᠡᠭᠴᠡᠭᠡᠨ ᠳᠤ ᠢᠯᠡᠭᠦᠦ ᠬᠤᠷᠳᠤ ᠲᠠᠢ ᠪᠠᠷ ᠬᠠᠷᠢᠭᠤ ᠦᠵᠡᠭᠦᠯᠵᠦ ᠂ ᠰᠠᠭᠠᠳ ᠦᠭᠡᠢ ᠡᠷᠭᠢᠯᠲᠡ ᠲᠠᠢ  ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠪᠣᠷᠣᠯᠠᠭᠤᠯᠭ᠎ᠠ ᠶᠢ ᠨᠢ ᠳᠡᠮᠵᠢᠵᠦ᠂ ᠵᠠᠬ᠎ᠠ ᠳᠡᠯᠭᠡᠭᠦᠷ ᠢ ᠨᠢ ᠥᠷᠭᠡᠳᠬᠡᠨ᠎ᠡ᠃ ︽ᠨᠢᠭᠡᠳ ᠢᠶᠠᠷ ᠶᠡᠷᠦᠩᠬᠡᠶᠢᠯᠡᠨ ᠪᠠᠶᠢᠴᠠᠭᠠᠬᠤ︾ ᠬᠠᠮᠲᠤᠷᠠᠭᠰᠠᠨ ᠬᠢᠨᠠᠯᠲᠠ ᠶᠢᠨ ᠲᠣᠭᠲᠠᠴᠠ ᠶᠢ ᠬᠡᠷᠡᠭᠵᠢᠭᠦᠯᠵᠦ ᠂ ᠤᠷᠢᠳᠴᠢᠯᠠᠨ ᠦᠢᠯᠡᠴᠢᠯᠡᠬᠦ ᠶᠢᠨ ᠵᠡᠷᠭᠡᠴᠡᠭᠡ ᠠᠷᠤ ᠶᠢᠨ ᠳᠡᠮᠵᠢᠯᠡᠭᠡ ᠳᠤ ᠠᠩᠬᠠᠷᠴᠤ ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠠᠶᠢᠵᠢᠷᠠᠭᠤᠯᠬᠤ ᠂ ᠠᠷᠠᠯᠵᠢᠶ᠎ᠠ ᠪᠠᠨ ᠡᠷᠬᠢᠯᠡᠵᠦ ᠂ ᠬᠥᠭᠵᠢᠯ ᠤᠨ ᠲᠥᠯᠥᠪᠯᠡᠭᠡ ᠪᠠᠨ ᠬᠡᠷᠡᠭᠵᠢᠭᠦᠯᠬᠦ ᠳᠤ ᠬᠠᠩᠭᠠᠯᠲᠠ ᠲᠠᠢ ᠴᠠᠭ ᠭᠠᠷᠭᠠᠬᠤ ᠪᠣᠯᠣᠮᠵᠢ ᠶᠢ ᠣᠯᠭᠤᠨ᠎ᠠ ᠃ ᠨᠡᠩ ᠥᠷᠭᠡᠨ ᠬᠡᠪᠴᠢᠶ᠎ᠡ ᠪᠠᠷ ᠭᠠᠳᠠᠭᠰᠢ ᠨᠡᠭᠡᠭᠡᠯᠳᠡ ᠬᠢᠨ᠎ᠡ᠃ ᠥᠯᠵᠡᠢ ᠪᠣᠭᠤᠮᠲᠠ ᠶᠢᠨ ᠰᠢᠯᠭᠠᠨ ᠨᠡᠪᠳᠡᠷᠡᠭᠦᠯᠬᠦ᠂ ᠬᠢᠨᠠᠨ ᠬᠠᠮᠢᠶᠠᠷᠬᠤ ᠪᠦᠰᠡ ᠵᠢᠴᠢ ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠰᠡᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠮᠣᠩᠭᠤᠯ ᠤᠯᠤᠰ ᠯᠤᠭ᠎ᠠ ᠶᠢᠨ ᠵᠣᠬᠢᠴᠠᠯᠳᠤᠭ᠎ᠠ ᠪᠠᠨ ᠴᠢᠩᠭᠠᠳᠬᠠᠵᠤ᠂ ᠮᠣᠩᠭᠤᠯ ᠤᠯᠤᠰ ᠤᠨ ᠴᠠᠭᠠᠨ ᠳᠡᠯ ᠠᠭᠤᠯᠠ ᠪᠣᠭᠤᠮᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠵᠦ᠂ ᠥᠯᠵᠡᠢ ᠪᠣᠭᠤᠮᠲᠠ ᠶᠢ ᠵᠢᠯ ᠤᠨ ᠲᠤᠷᠰᠢ ᠲᠦᠷ ᠬᠤᠭᠤᠴᠠᠭᠠᠨ ᠳᠤ ᠨᠡᠭᠡᠭᠡᠬᠦ ᠪᠠᠷ ᠴᠢᠷᠮᠠᠶᠢᠨ᠎ᠠ᠃ ︽ᠪᠣᠭᠤᠮᠲᠠ + ᠬᠦᠷᠢᠶᠡᠯᠡᠩ ᠪᠦᠰᠡ + ᠠᠵᠤ ᠦᠢᠯᠡᠰ︾ ᠤᠨ ᠵᠠᠭᠪᠤᠷ ᠢᠶᠠᠷ᠂ ᠣᠷᠣᠨ ᠪᠦᠰᠡ ᠶᠢᠨ ᠬᠠᠮᠵᠢᠯᠴᠠᠭ᠎ᠠ ᠪᠠ ᠲᠦᠷᠦᠯ ᠵᠦᠢᠯ ᠢ ᠤᠷᠢᠬᠤ ᠠᠵᠢᠯ ᠢ ᠴᠢᠩᠭᠠᠳᠬᠠᠵᠤ᠂ ᠨᠡᠭᠦᠷᠡᠰᠦᠨ ᠤ ᠦᠢᠯᠡᠰ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠵᠡᠷᠭᠡ ᠭᠡᠷ᠎ᠡ ᠲᠣᠭᠲᠠᠭᠰᠠᠨ ᠠᠵᠤ ᠠᠬᠤᠶᠢᠯᠠᠯ ᠤᠨ ᠲᠥᠷᠥᠯ ᠵᠦᠢᠯ ᠢ 5 ᠰᠠᠭᠤᠷᠢᠰᠢᠭᠤᠯᠬᠤ ᠪᠠᠷ ᠬᠦᠴᠦᠯᠡᠨ ᠴᠢᠷᠮᠠᠶᠢᠵᠤ᠂ ︽ᠥᠩᠭᠡᠷᠡᠬᠦ ᠠᠵᠤ ᠠᠬᠤᠢ︾ ᠠᠴᠠ ︽ᠰᠠᠭᠤᠷᠢᠰᠢᠯᠠᠬᠰᠠᠨ ᠠᠵᠤ ᠠᠬᠤᠢ︾ ᠲᠠᠶᠢᠰᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠦᠨ᠎ᠡ᠃ ᠨᠡᠩ ᠥᠨᠳᠥᠷ ᠪᠠᠷᠢᠮᠵᠢᠶ᠎ᠠ ᠪᠠᠷ ᠴᠡᠷᠢᠭ ᠠᠷᠠᠳ ᠤᠨ ᠤᠶᠠᠯᠳᠤᠭ᠎ᠠ ᠶᠢ ᠠᠬᠢᠭᠤᠯᠤᠨ᠎ᠠ᠃ ᠴᠡᠷᠢᠭ ᠠᠩᠭᠢ ᠪᠠ ᠣᠷᠣᠨ ᠨᠤᠲᠤᠭ ᠤᠨ ᠡᠬᠢ ᠪᠠᠶᠠᠯᠢᠭ ᠢᠶᠠᠨ ᠬᠠᠮᠲᠤᠪᠠᠷ ᠡᠳ᠋ᠯᠡᠬᠦ᠂ ᠬᠦᠴᠦ ᠪᠠᠨ ᠬᠠᠮᠲᠤᠪᠠᠷ ᠬᠡᠷᠡᠭᠯᠡᠬᠦ᠂ ᠲᠥᠷᠥᠯ ᠵᠦᠢᠯ ᠢᠶᠠᠨ ᠬᠠᠮᠲᠤᠪᠠᠷ ᠪᠠᠶᠢᠭᠤᠯᠬᠤ᠂ ᠦᠷ᠎ᠡ ᠪᠦᠲᠦᠭᠡᠯ ᠢᠶᠠᠨ ᠬᠠᠮᠲᠤᠪᠠᠷ ᠡᠳ᠋ᠯᠡᠬᠦ ᠶᠢ ᠦᠷᠭᠦᠯᠵᠢᠯᠡᠨ ᠠᠬᠢᠭᠤᠯᠵᠤ᠂ ᠪᠦᠭᠦ ᠡᠯᠧᠮᠧᠨ᠋ᠲ᠂ ᠣᠯᠠᠨ ᠬᠦᠷᠢᠶ᠎ᠡ ᠬᠡᠪᠴᠢᠶ᠎ᠡ᠂ ᠥᠨᠳᠥᠷ ᠦᠷ᠎ᠡ ᠠᠰᠢᠭ ᠪᠦᠬᠦᠢ ᠭᠦᠨ ᠠᠭᠤᠰᠤᠯᠴᠠᠭᠰᠠᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠤᠢ ᠪᠣᠯᠭᠠᠨ᠎ᠠ᠃ ᠴᠡᠷᠢᠭ ᠤᠨ ᠲᠥᠬᠦᠭᠡᠷᠦᠮᠵᠢ ᠶᠢ ᠬᠠᠮᠠᠭᠠᠯᠠᠬᠤ ᠲᠥᠪ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠢᠳᠡᠪᠬᠢᠲᠡᠢ ᠪᠠᠷ ᠲᠡᠮᠡᠴᠡᠨ ᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠷᠢᠶᠡᠨ ᠳᠠᠬᠢ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠤᠨ ᠭᠡᠷ ᠪᠦᠯᠢ ᠳᠤ ᠬᠠᠷᠠᠭᠠᠯᠵᠠᠯ ᠬᠦᠷᠲᠡᠭᠡᠬᠦ ᠪᠠ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠪᠠᠬᠢᠵᠢᠭᠦᠯᠦᠨ᠎ᠡ᠃ ᠨᠡᠩ ᠴᠢᠨᠠᠷᠯᠢᠭ ᠦᠷ᠎ᠡ ᠠᠰᠢᠭ ᠢᠶᠠᠷ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ᠎ᠡ᠃ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ ᠠᠵᠢᠯᠯᠠᠭ᠎ᠠ ᠶᠢ ᠠᠬᠢᠭᠤᠯᠵᠤ᠂ ᠰᠢᠨᠵᠢᠯᠡᠭᠡ ᠮᠡᠷᠭᠡᠵᠢᠯ ᠤᠨ ︽ᠰᠢᠪᠲᠤᠯᠤᠯᠲᠠ︾ ᠶᠢ ᠨᠠᠷᠢᠯᠢᠭ ᠣᠨᠣᠪᠴᠢᠲᠠᠢ ᠥᠷᠨᠢᠭᠦᠯᠵᠦ᠂ ᠭᠠᠶᠢᠯᠢ ᠲᠠᠲᠠᠪᠤᠷᠢ ᠶᠢ ᠰᠠᠭᠤᠯᠭᠠᠨ ᠠᠪᠬᠤ᠂ ᠠᠰᠢᠭ ᠬᠤᠨᠵᠢᠪᠤᠷᠢ ᠶᠢ ᠡᠭᠡᠭᠦᠯᠦᠨ ᠪᠤᠴᠠᠭᠠᠬᠤ ᠵᠡᠷᠭᠡ ᠲᠣᠭᠲᠠᠴᠠ ᠶᠢ ᠨᠠᠶᠢᠳᠠᠪᠤᠷᠢᠵᠢᠭᠤᠯᠵᠤ᠂ ᠰᠢᠨᠵᠢᠯᠡᠭᠡ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠶᠢ ᠲᠦᠷᠭᠡᠳᠬᠡᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠰᠢᠨ᠎ᠡ ᠪᠠᠷ 1 ᠨᠡᠮᠡᠵᠦ᠂ ᠨᠡᠩ ᠣᠯᠠᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠭᠦᠯᠵᠦ᠂ ᠰᠢᠨ᠎ᠡ ᠦᠢᠯᠡᠳᠪᠦᠷᠢᠯᠡᠯ ᠤᠨ ᠬᠦᠴᠦᠨ ᠢ ᠪᠤᠢ ᠪᠣᠯᠭᠠᠬᠤ ᠲᠡᠶᠢᠰᠢ ᠬᠤᠪᠢᠷᠠᠭᠤᠯᠤᠨ ᠠᠬᠢᠭᠤᠯᠤᠨ᠎ᠠ᠃       ᠲᠠᠪᠤ᠂ ᠪᠣᠬᠢᠷᠲᠤᠯ ᠦᠭᠡᠢ ᠬᠥᠭᠵᠢᠯᠲᠡ ᠪᠠᠷ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠤᠰᠤ ᠬᠡᠮᠨᠡᠬᠦ ᠠᠵᠢᠯᠯᠠᠭ᠎ᠠ ᠶᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠬᠦ ᠪᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ       ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠡᠭᠷᠢ ᠡᠯᠡᠰᠦ᠂ ᠤᠯᠠᠭᠠᠨᠪᠤᠬ᠎ᠠ ᠡᠯᠡᠰᠦ ᠮᠠᠩᠬ᠎ᠠ ᠶᠢᠨ ᠭᠦᠪᠡᠭᠡ ᠬᠢᠵᠠᠭᠠᠷ ᠢ ᠵᠠᠰᠠᠬᠤ ᠶᠠᠪᠤᠳᠠᠯ ᠢ ᠦᠷᠭᠦᠯᠵᠢᠯᠡᠨ ᠬᠡᠷᠡᠭᠵᠢᠭᠦᠯᠵᠦ᠂ ︽ᠥᠪᠥᠷ ᠮᠣᠩᠭᠤᠯ ᠭᠠᠨᠰᠤ ᠨᠢᠩᠰᠢᠶᠠ︾ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠤᠷᠤᠭᠰᠢ ᠠᠬᠢᠭᠤᠯᠤᠨ᠎ᠠ᠃ ᠨᠡᠶᠢᠭᠡᠮ ᠤᠨ ᠬᠦᠴᠦᠨ ᠣᠷᠤᠯᠴᠠᠬᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠬᠤᠶᠢᠨᠠᠬᠢ ᠶᠢ ᠨᠢ ᠬᠠᠮᠢᠶᠠᠷᠴᠤ ᠬᠠᠮᠠᠭᠠᠯᠠᠬᠤ ᠵᠡᠷᠭᠡ ᠠᠵᠢᠯ ᠤᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠥᠯᠵᠡᠢ ᠰᠤᠮᠤᠨ ᠤ ᠴᠥᠯᠡᠷᠬᠡᠭᠵᠢᠯ ᠢ ᠰᠡᠷᠭᠡᠶᠢᠯᠡᠨ ᠴᠥᠯᠡᠷᠬᠡᠭᠵᠢᠯ ᠢ ᠵᠠᠰᠠᠬᠤ ᠪᠠ ᠰᠠᠯᠬᠢ ᠪᠣᠯᠣᠨ ᠨᠠᠷᠠᠨ ᠤ ᠡᠨᠧᠷᠭᠢ ᠶᠢ ᠤᠶᠠᠯᠳᠤᠭᠤᠯᠤᠭᠰᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢ ᠨᠤᠲᠤᠭ ᠳᠡᠪᠢᠰᠬᠡᠷ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ᠂ ᠴᠥᠯᠡᠷᠬᠡᠭᠵᠢᠯ ᠢ ᠰᠡᠷᠭᠡᠶᠢᠯᠡᠨ ᠴᠥᠯᠡᠷᠬᠡᠭᠵᠢᠯ ᠢ ᠵᠠᠰᠠᠬᠤ ᠡᠮᠦᠨ᠎ᠡ ᠹᠷᠣᠨᠲ ᠲᠠᠶᠢᠰᠢ ᠪᠠᠶᠢᠷᠢᠰᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠬᠢᠭᠡᠳ ᠠᠯᠠᠱᠠ ᠠᠭᠤᠯᠠ ᠶᠢ ᠴᠣᠭᠴᠠᠵᠢᠭᠤᠯᠤᠨ ᠬᠠᠮᠢᠶᠠᠷᠴᠤ ᠬᠠᠮᠠᠭᠠᠯᠠᠬᠤ ᠶᠢ ᠲᠥᠯᠥᠪᠯᠡᠨ ᠠᠬᠢᠭᠤᠯᠵᠤ᠂ ᠠᠯᠠᠱᠠ ᠠᠭᠤᠯᠠ ᠶᠢᠨ ᠡᠬᠡ ᠬᠠᠭᠤᠷᠠᠢ ᠶᠢᠨ ᠵᠡᠷᠯᠢᠭ ᠠᠮᠢᠲᠠᠳ ᠢ ᠬᠠᠮᠠᠭᠠᠯᠠᠵᠤ ᠠᠪᠤᠷᠠᠨ ᠲᠤᠰᠠᠯᠠᠬᠤ ᠲᠥᠪ ᠢ ᠪᠦᠲᠦᠭᠡᠨ ᠪᠠᠶᠢᠭᠤᠯᠵᠤ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠢ ᠬᠠᠮᠵᠢᠯᠴᠠᠨ ᠡᠭᠦᠳᠦᠨ ᠪᠠᠶᠢᠭᠤᠯᠤᠨ᠎ᠠ᠃ ᠬᠥᠮᠥᠨ ᠤ ᠬᠦᠴᠦ ᠪᠠᠷ ᠣᠶᠢᠵᠢᠭᠤᠯᠤᠭᠰᠠᠨ ᠤ ᠡᠳᠡᠭᠡᠷᠡᠯᠲᠡ ᠶᠢᠨ ᠨᠣᠷᠮ᠎ᠠ ᠶᠢᠨ ᠪᠠᠶᠢᠴᠠᠭᠠᠯᠲᠠ ᠶᠢ ᠥᠷᠨᠢᠭᠦᠯᠵᠦ᠂ ᠣᠶᠢᠵᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠪᠠ ᠨᠥᠬᠦᠵᠦ ᠳᠠᠷᠢᠬᠤ ᠶᠢ ᠴᠢᠩᠭᠠᠳᠬᠠᠨ᠎ᠠ᠃ ︽ᠣᠢ ᠶᠢᠨ ᠳᠠᠷᠤᠭ᠎ᠠ ᠶᠢᠨ ᠳᠦᠷᠢᠮ︾ ᠂ ︽ᠭᠤᠣᠯ ᠨᠠᠭᠤᠷ ᠤᠨ ᠳᠠᠷᠤᠭ᠎ᠠ ᠶᠢᠨ ᠳᠦᠷᠢᠮ︾ ᠤᠨ ᠦᠷ᠎ᠡ ᠪᠦᠲᠦᠮᠵᠢ ᠶᠢ ᠪᠠᠬᠢᠵᠢᠭᠦᠯᠵᠦ᠂ ᠪᠡᠯᠴᠢᠭᠡᠷᠯᠡᠭᠦᠯᠬᠦ  ᠶᠢ ᠬᠤᠷᠢᠭᠯᠠᠨ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠢ ᠶᠢᠨ ᠡᠬᠢ ᠪᠠᠶᠠᠯᠢᠭ ᠢ ︽ᠬᠤᠯᠠᠭᠠᠶᠢᠯᠠᠨ ᠮᠠᠯᠲᠠᠵᠤ ᠳᠤᠷ᠎ᠠ ᠪᠠᠷ ᠤᠬᠤᠬᠤ ︾ ᠪᠠ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠣᠯᠠᠨ ᠠᠷᠭ᠎ᠠ ᠪᠠᠷᠢᠯ ᠢ ᠵᠡᠷᠭᠡ ᠪᠠᠷ ᠬᠡᠷᠡᠭᠯᠡᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ ᠤᠯᠤᠰ ᠤᠨ ︽ᠬᠤᠶᠠᠷ ᠴᠢᠬᠤᠯᠠ︾ ᠲᠥᠷᠥ ᠶᠢᠨ ᠪᠣᠳᠣᠯᠭ᠎ᠠ ᠶᠢᠨ ᠠᠰᠢᠭ ᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠥᠭᠡᠷᠡᠴᠢᠯᠡᠯᠲᠡ ᠪᠣᠯᠣᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠤᠨ᠎ᠠ᠃ ᠣᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠬᠠᠳᠠᠭᠠᠯᠠᠬᠤ ᠠᠷᠭ᠎ᠠ ᠠᠪᠴᠠᠯ ᠢ ᠬᠠᠶᠢᠨ ᠰᠦᠪᠡᠭᠴᠢᠯᠡᠵᠦ᠂ ᠤᠯᠤᠰ ᠤᠨ CCER ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠠᠷᠠᠯᠵᠢᠶᠠᠯᠠᠬᠤ ᠲᠥᠷᠥᠯ ᠵᠦᠢᠯ ᠢ ᠢᠳᠡᠪᠬᠢᠲᠡᠢ ᠮᠡᠳᠡᠭᠦᠯᠦᠨ᠎ᠡ᠃ ᠡᠨᠧᠷᠭᠢ ᠶᠢᠨ ᠠᠰᠢᠭᠯᠠᠮᠵᠢ ᠶᠢᠨ ᠪᠣᠭᠤᠮᠲᠠ ᠶᠢ ᠴᠢᠩᠭ᠎ᠠ ᠠᠳᠬᠤᠵᠤ᠂ ᠤᠯᠤᠰ ᠤᠨ ᠳᠡᠰ ᠤᠨ ᠪᠣᠬᠢᠷᠳᠣᠯ ᠦᠭᠡᠢ ᠴᠠᠬᠢᠯᠭᠠᠨ ᠢ ᠪᠠᠭᠲᠠᠭᠠᠨ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ︽ᠪᠣᠬᠢᠷᠳᠣᠯ ᠦᠭᠡᠢ ᠴᠠᠭᠢᠯᠭᠠᠨ︾ ᠢᠶᠠᠷ ᠠᠵᠤ ᠦᠢᠯᠡᠰ ᠤᠨ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠵᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠰᠢᠯ ᠲᠠᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠣᠷᠴᠢᠨ ᠲᠣᠭᠤᠷᠢᠨ ᠤ ᠪᠣᠬᠢᠷᠳᠤᠯ ᠢ ᠬᠦᠴᠦᠯᠡᠨ ᠰᠡᠷᠭᠡᠶᠢᠯᠡᠨ ᠵᠠᠰᠠᠨ᠎ᠠ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠡᠷᠴᠢᠮ ᠢ ᠨᠡᠮᠡᠭᠳᠡᠭᠦᠯᠦᠨ᠎ᠡ᠃ ᠶᠢᠨ ᠪᠤᠯᠠᠭ ᠪᠣᠬᠢᠷᠳᠤᠯ ᠦᠭᠡᠢ ᠠᠭᠤᠷᠬᠠᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠨ᠂ ᠣᠯᠠᠨᠪᠤᠯᠠᠭ ᠪᠠᠯᠭᠠᠰᠤ ᠶᠢᠨ ᠡᠷᠭᠢᠨ ᠲᠣᠭᠤᠷᠢᠨ᠂ ᠬᠠᠷ᠎ᠠ ᠶᠢᠨ ᠠᠭᠤᠯᠠ ᠠᠭᠤᠷᠬᠠᠢ ᠶᠢᠨ ᠪᠦᠰᠡ ᠶᠢᠨ ᠬᠤᠶᠠᠳᠤᠭᠠᠷ ᠬᠤᠭᠤᠴᠠᠭᠠᠨ ᠤ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠦᠨ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ 9300 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠶᠠᠨᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠠᠰᠢᠭᠯᠠᠵᠤ ᠰᠢᠢᠳᠪᠦᠷᠢᠯᠡᠬᠦ᠂ ᠪᠤᠵᠠᠷ ᠤᠰᠤ ᠶᠢ ᠰᠢᠢᠳᠪᠦᠷᠢᠯᠡᠵᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠪᠤᠶᠢᠳᠠ ᠪᠥᠭᠯᠡᠭᠦᠦ ᠰᠤᠮᠤ ᠪᠠᠯᠭᠠᠰᠤ ᠵᠢᠴᠢ ᠣᠶᠢᠷ᠎ᠠ ᠬᠠᠪᠢ ᠶᠢᠨ ᠭᠠᠵᠠᠷ ᠣᠷᠣᠨ ᠤ ᠪᠤᠵᠠᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠶᠠᠪᠤᠳᠠᠯ ᠢ ᠴᠢᠩᠭᠠᠳᠬᠠᠨ᠂ ᠤᠰᠤᠯᠠᠯᠲᠠ ᠶᠢᠨ ᠲᠠᠯᠠᠪᠠᠢ ᠪᠠ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠡᠵᠡᠮᠳᠡᠵᠦ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠤᠰᠤ ᠬᠡᠮᠨᠡᠬᠦ ᠲᠠᠷᠢᠮᠠᠯ ᠤᠨ ᠲᠠᠯᠠᠪᠠᠢ ᠶᠢ 30 % ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠤᠰᠤ ᠲᠠᠲᠠᠬᠤ ᠬᠡᠮᠵᠢᠯᠳᠡ ᠶᠢᠨ ᠨᠡᠶᠢᠳᠡᠮ ᠬᠠᠮᠤᠷᠬᠤ ᠠᠵᠢᠯ ᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠡᠮᠬᠢ ᠵᠢᠷᠤᠮ ᠲᠠᠢ ᠪᠠᠷ ᠬᠥᠲᠥᠯᠥᠨ ᠵᠢᠯᠤᠭᠤᠳᠴᠤ ᠤᠰᠤ ᠬᠡᠮᠨᠡᠬᠦ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠵᠦ᠂ ᠤᠰᠤ ᠬᠡᠮᠨᠡᠬᠦ ᠭᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ ᠪᠠᠶᠠᠨᠬᠤᠲᠠ ᠶᠢᠨ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠲᠦᠷᠭᠡᠳᠬᠡᠨ ᠰᠢᠨᠡᠴᠢᠯᠡᠵᠤ᠂ ᠡᠯ᠎ᠡ ᠲᠥᠷᠥᠯ ᠤᠨ ︽ᠴᠣᠭᠤᠷᠠᠵᠤ ᠭᠤᠭᠤᠵᠢᠬᠤ︾ ᠪᠠᠶᠢᠳᠠᠯ ᠢ ᠬᠤᠷᠢᠭᠯᠠᠵᠤ᠂ ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠬᠤᠬᠢᠷᠠᠭᠰᠠᠨ ᠨᠣᠷᠮ᠎ᠠ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠶᠢᠨ ᠳᠣᠲᠣᠷ᠎ᠠ ᠡᠷᠲᠡᠬᠡᠨ ᠬᠢᠵᠠᠭᠠᠷᠯᠠᠬᠤ ᠪᠠᠷ ᠴᠢᠷᠮᠠᠶᠢᠨ᠎ᠠ᠃ ᠤᠰᠤ ᠬᠡᠮᠨᠡᠬᠦ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ᠂ ᠤᠰᠤ ᠬᠡᠮᠨᠡᠬᠦ ᠬᠥᠮᠦᠵᠢᠯ ᠢ ᠴᠢᠩᠭᠠᠳᠬᠠᠨ᠂ ᠤᠰᠤ ᠬᠡᠮᠨᠡᠬᠦ ᠪᠣᠯᠵᠣᠰᠢ ᠦᠭᠡᠢ ᠬᠦᠴᠦᠨ ᠢ ᠭᠦᠨᠵᠡᠭᠡᠢ ᠠᠭᠤᠳᠠᠯᠵᠤ᠂ ᠪᠣᠷᠣᠭᠠᠨ ᠤ ᠤᠰᠤ᠂ ᠴᠡᠪᠡᠷᠰᠢᠭᠦᠯᠦᠭᠰᠡᠨ ᠤᠰᠤ᠂ ᠠᠭᠤᠷᠬᠠᠢ ᠶᠢᠨ ᠬᠠᠶᠠᠭᠳᠠᠮᠠᠯ ᠤᠰᠤ᠂ ᠱᠣᠷᠪᠣᠭ ᠤᠰᠤ ᠵᠡᠷᠭᠡ ᠵᠤᠷᠰᠢᠯ ᠤᠨ ᠪᠤᠰᠤ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠷᠠᠭᠤᠯᠤᠨ᠂ ᠬᠤᠰᠢᠭᠤᠨ ᠤ ᠬᠡᠪᠴᠢᠶᠡᠨ ᠤ ᠤᠰᠤ ᠬᠡᠮᠨᠡᠬᠦ ᠮᠠᠶ᠋ᠢᠭ ᠤᠨ ᠨᠡᠶᠢᠭᠡᠮ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃       ᠵᠢᠷᠭᠤᠭ᠎ᠠ᠂ ᠲᠦᠭᠡᠮᠡᠯ ᠠᠰᠢᠭ ᠬᠦᠷᠲᠡᠭᠡᠬᠦ ᠶᠢ ᠠᠬᠢᠭᠤᠯᠤᠨ ᠬᠠᠮᠲᠤᠪᠠᠷ ᠡᠳ᠋ᠯᠡᠬᠦ ᠶᠢ ᠬᠡᠷᠡᠭᠵᠢᠭᠦᠯᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠶᠢᠨ ᠭᠤᠷᠪᠠᠨ ᠳᠤᠳᠠᠭᠤᠳᠠᠯ ᠢ ᠪᠦᠭᠦ ᠬᠦᠴᠦᠨ ᠢᠶᠠᠷ ᠨᠥᠬᠦᠪᠦᠷᠢᠯᠡᠵᠦ᠂ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ       ᠠᠵᠢᠯ ᠣᠯᠭᠤᠬᠤ ᠦᠢᠯᠡᠴᠢᠯᠡᠭᠡᠨ ᠤ ᠦᠢᠯᠡᠰ ᠪᠣᠰᠬᠠᠬᠤ ᠶᠢ ᠦᠷᠭᠦᠯᠵᠢᠯᠡᠨ ᠠᠬᠢᠭᠤᠯᠤᠨ᠎ᠠ᠃ ᠠᠵᠢᠯ ᠣᠯᠭᠤᠬᠤ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠣᠨᠣᠪᠴᠢᠲᠠᠢ ᠪᠠᠶᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠢ ᠪᠠᠷ ᠮᠥᠷᠳᠡᠨ ᠳᠠᠭᠠᠵᠤ᠂ ᠠᠵᠤ ᠦᠢᠯᠡᠳᠪᠦᠷᠢ ᠶᠢᠨ ᠠᠵᠢᠯᠴᠢᠨ ᠬᠡᠷᠡᠭᠯᠡᠬᠦ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠭᠡᠷ ᠪᠦᠯᠢ ᠪᠠᠷ ᠢᠶᠠᠨ ᠠᠵᠢᠯ ᠦᠭᠡᠢ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ  ᠠᠬᠢᠭᠤᠯᠵᠤ᠂ 2025 ᠣᠨ ᠳᠤ ᠬᠤᠲᠠ ᠪᠠᠯᠭᠠᠰᠤ ᠶᠢᠨ 1000 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ 1800 ᠬᠥᠮᠥᠨ ᠳᠤ ᠠᠵᠢᠯ ᠣᠯᠭᠤᠵᠤ᠂ ︽ᠨᠢᠭᠡ ᠯᠡ ᠳᠡᠭᠡᠷ᠎ᠡ︾ ᠠᠵᠢᠯ ᠣᠯᠭᠤᠭᠤᠯᠬᠤ ᠪᠠᠷ ᠴᠢᠷᠮᠠᠶᠢᠵᠤ᠂ ᠬᠥᠯᠥᠰᠦᠯᠡᠭᠴᠢ ᠶᠢ ᠴᠤ ︽ᠬᠠᠨᠤᠮᠵᠢᠲᠠᠢ︾ ᠪᠠᠶᠢᠬᠤ ᠶᠢ ᠪᠡᠶᠡᠯᠡᠭᠦᠯᠦᠨ᠎ᠡ᠃ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠪᠥᠭᠡᠳ ᠠᠮᠢᠳᠤᠯᠢᠭ ᠬᠡᠷᠡᠭᠯᠡᠵᠦ᠂ ᠠᠳᠠᠯ ᠦᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠬᠤ ᠦᠢᠯᠡᠴᠢᠯᠡᠭᠡ ᠪᠠ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠲᠠᠬᠢᠨ ᠶᠠᠳᠠᠭᠤᠷᠠᠬᠤ ᠶᠢ ᠬᠢᠨᠠᠵᠤ ᠬᠠᠪᠰᠤᠷᠤᠨ ᠲᠡᠳᠬᠦᠬᠦ ᠲᠣᠭᠲᠠᠴᠠ ᠶᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠡᠶᠢᠬᠡᠮ ᠤᠨ ᠠᠪᠣᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠥᠷᠭᠡᠳᠭᠡᠨ᠂ ᠦᠷ᠎ᠡ ᠠᠰᠢᠭ ᠢ ᠨᠡᠮᠡᠭᠳᠡᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠡᠷᠳᠡᠬᠡᠨ ᠠᠪᠤᠷᠠᠨ ᠲᠤᠰᠠᠯᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠦᠷᠢᠶᠡᠰᠦᠯᠡᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠨ᠂ ᠣᠷᠣᠯᠭ᠎ᠠ ᠪᠠᠭᠠᠲᠠᠢ ᠬᠥᠮᠥᠰ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ᠎ᠠ᠃ ︽ᠨᠠᠰᠤᠲᠠᠶᠢᠴᠤᠳ ᠪᠣᠯᠣᠨ ᠨᠢᠯᠬᠠᠰ︾ ᠢ ᠬᠠᠯᠠᠮᠵᠢᠯᠠᠵᠤ᠂ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ︽ᠨᠠᠰᠤᠲᠠᠶᠢᠴᠤᠳ ᠲᠤ ᠬᠠᠨᠳᠤᠭᠤᠯᠤᠭᠰᠠᠨ ᠠᠵᠤ ᠠᠬᠤᠢ︾ ᠶᠢ ᠬᠥᠭᠵᠢᠭᠦᠯᠦᠨ ᠪᠤᠵᠠᠭᠠᠶᠢᠷᠠᠭᠤᠯᠵᠤ᠂ ᠪᠦᠭᠦ ᠨᠠᠰᠤᠨ ᠤ ᠬᠥᠮᠥᠰ ᠲᠤ ᠲᠠᠭᠠᠲᠠᠢ ᠦᠢᠯᠡᠴᠢᠯᠡᠭᠡᠨ ᠤ ᠰᠢᠰᠲ᠋ᠧᠮ ᠢ ᠬᠠᠩᠭᠠᠨ᠎ᠠ᠃ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠦᠷᠭᠦᠯᠵᠢᠯᠡᠨ ᠰᠠᠶᠢᠲᠤᠷ ᠡᠷᠭᠢᠯᠡᠨ᠎ᠡ᠃ 9500 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠤᠷᠪᠠᠨ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠂ ᠬᠡᠦᠬᠡᠳ ᠤᠨ ᠲᠠᠪᠤᠳᠤᠭᠠᠷ ᠴᠡᠴᠡᠷᠯᠢᠭ᠂ ᠬᠡᠦᠬᠡᠳ ᠤᠨ ᠨᠠᠢᠮᠠᠳᠤᠭᠠᠷ ᠴᠡᠴᠡᠷᠯᠢᠭ᠂ ᠣᠨᠴᠠᠭᠠᠢ ᠬᠦᠮᠦᠵᠢᠯ ᠤᠨ ᠰᠤᠷᠭᠠᠭᠤᠯᠢ ᠶᠢᠨ ᠪᠠᠶᠢᠷᠢ ᠪᠣᠯᠣᠨ ᠲᠠᠮᠢᠷ ᠤᠨ ᠲᠠᠯᠠᠪᠠᠢ ᠶᠢ ᠰᠡᠯᠪᠢᠨ ᠵᠠᠰᠠᠵᠤ ᠥᠭᠡᠷᠡᠴᠢᠯᠡᠬᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠵᠡᠷᠭᠡ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠭᠤᠷᠪᠠᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠦᠷᠭᠦᠯᠵᠢᠯᠡᠨ ᠪᠠᠶᠢᠭᠤᠯᠬᠤ ᠠᠵᠢᠯ ᠢ ᠳᠠᠭᠤᠰᠬᠠᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠠᠮᠤᠷ ᠢ ᠬᠠᠮᠠᠭᠠᠯᠠᠬᠤ ᠠᠵᠢᠯᠲᠠᠨ ᠤ ᠣᠯᠭᠤᠮᠵᠢ ᠶᠢ ᠰᠠᠶᠢᠵᠢᠷᠠᠭᠤᠯᠤᠨ᠎ᠠ᠃ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠵᠦ᠂ ᠰᠤᠷᠭᠠᠭᠤᠯᠢ᠂ ᠭᠡᠷ ᠪᠦᠯᠢ᠂ ᠨᠠᠶᠢᠬᠡᠮ ᠬᠠᠮᠲᠤᠷᠠᠵᠤ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠰᠯᠡᠯ᠂ ᠲᠥᠪ ᠬᠤᠲᠠ ᠵᠢᠴᠢ ᠡᠷᠭᠢᠨ ᠲᠣᠭᠤᠷᠢᠨ ᠤ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠰᠢᠨ᠎ᠡ ᠳᠡᠭᠲᠡᠷ ᠲᠤ ᠭᠠᠷᠭᠠᠨ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢ ᠲᠠᠢ ᠬᠥᠭᠵᠢᠯᠲᠡ ᠲᠠᠢ ᠬᠤᠰᠢᠭᠤᠨ ᠤ ᠳᠡᠰ ᠤᠨ ᠦᠨᠡᠯᠡᠭᠡᠨ ᠤ ᠰᠢᠯᠭᠠᠯᠲᠠ ᠳᠤ ᠬᠢᠷᠢ ᠲᠡᠩᠴᠡᠭᠦᠯᠬᠦ ᠶᠢ ᠪᠠᠲᠣᠯᠠᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠢᠭᠲᠠᠷᠠᠭᠰᠠᠨ ᠭᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠭᠤᠷᠪᠠᠨ ᠡᠮᠴᠢᠯᠡᠭᠡ︾ ᠶᠢᠨ ᠬᠠᠮᠲᠤᠷᠠᠨ ᠬᠥᠳᠡᠯᠦᠯᠴᠡᠬᠦ ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠤᠯᠠᠭ᠎ᠠ ᠥᠷᠲᠡᠭᠡ ᠶᠢᠨ ᠦᠢᠯᠡᠴᠢᠯᠡᠭᠡᠨ ᠤ ᠵᠠᠭᠪᠤᠷ ᠢ ᠥᠷᠭᠡᠳᠬᠡᠨ ᠬᠥᠭᠵᠢᠭᠦᠯᠦᠨ᠎ᠡ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ᠂ ᠰᠢᠨ᠎ᠡ ᠮᠡᠷᠭᠡᠵᠢᠯ ᠤᠨ ᠲᠥᠷᠥᠯ ᠵᠦᠢᠯ ᠤᠨ ᠪᠡᠶ᠎ᠡ ᠪᠠᠨ ᠳᠠᠭᠠᠭᠠᠨ ᠥᠷᠨᠢᠭᠦᠯᠬᠦ ᠴᠢᠳᠠᠪᠤᠷᠢ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠣᠭᠤᠯᠤᠨ᠎ᠠ᠃ ᠡᠮᠴᠢᠯᠡᠭᠡ ᠪᠠ ᠰᠡᠷᠭᠡᠶᠢᠯᠡᠯᠭᠡ ᠶᠢᠨ ᠤᠶᠠᠯᠳᠤᠨ ᠬᠥᠭᠵᠢᠬᠦ ᠶᠢ ᠠᠬᠢᠭᠤᠯᠵᠤ᠂ ᠬᠠᠭᠤᠴᠢᠷᠠᠭᠰᠠᠨ ᠡᠮᠴᠢᠯᠡᠭᠡᠨ ᠤ ᠲᠥᠬᠦᠭᠡᠷᠦᠮᠵᠢ ᠶᠢ ᠰᠢᠨᠡᠳᠬᠡᠵᠦ᠂ ᠡᠮᠴᠢᠯᠡᠭᠡᠨ ᠤ ᠪᠠᠲᠤᠯᠠᠭ᠎ᠠ᠂ ᠬᠢᠲᠠᠳ ︵ᠮᠣᠩᠭᠤᠯ ︶ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ︽ᠤᠮᠠᠷᠠᠲᠤ ᠬᠢᠯᠢ ᠶᠢᠨ ᠰᠣᠶᠣᠯ︾ ᠢ ᠦᠷᠭᠦᠯᠵᠢᠯᠡᠨ ᠪᠠᠳᠠᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ ︾ ᠠᠵᠢᠯᠯᠠᠭ᠎ᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠲᠡᠦᠬᠡ ᠰᠣᠶᠣᠯ ᠪᠠ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ᠂ ᠦᠨᠳᠦᠰᠦᠨ ᠱᠠᠲᠤᠨ ᠤ ᠦᠯᠢᠭᠡᠷ ᠳᠠᠭᠤᠷᠢᠶᠠᠯ ᠢ ᠪᠤᠢ ᠪᠤᠯᠭᠠᠵᠤ᠂ ᠳᠡᠷᠭᠡᠳᠡᠬᠢ ᠬᠥᠮᠥᠰ ᠤᠨ ᠵᠢᠱᠢᠶᠡᠴᠢ ᠠᠵᠢᠯᠯᠠᠭ᠎ᠠ ᠶᠢ ᠰᠤᠷᠲᠠᠯᠴᠢᠯᠠᠨ᠎ᠠ᠃ ᠭᠤᠣᠯᠳᠠᠯᠭ᠎ᠠ ᠲᠠᠢ ᠪᠠᠷ ᠪᠦᠲᠦᠭᠡᠨ ᠪᠠᠶᠢᠭᠤᠯᠵᠤ ᠪᠠᠶᠢᠭ᠎ᠠ ᠵᠡᠭᠡᠭᠲᠦ ᠨᠠᠭᠠᠮᠠᠯ ᠤᠨ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠵᠤ ᠬᠥᠭᠵᠢᠭᠦᠯᠦᠨ᠎ᠡ᠃ ︽ᠬᠤᠨ ᠤ ᠳᠠᠭᠤᠨ︾ ᠢᠷᠠᠭᠤ ᠤᠩᠰᠢᠯᠭ᠎ᠠ᠂ ᠤᠯᠠᠭᠠᠨᠮᠦᠴᠢᠷ ᠤᠨ ︽ᠰᠤᠷᠴᠦ ᠡᠭᠦᠳᠬᠦ ᠲᠣᠭᠯᠠᠬᠤ︾ ᠠᠵᠢᠯᠯᠠᠭ᠎ᠠ ᠶᠢ ᠪᠠᠶᠢᠩᠭᠤᠵᠢᠭᠤᠯᠵᠤ᠂ ᠰᠢᠯᠢᠳᠡᠭ ᠰᠣᠶᠣᠯ ᠢ ᠰᠢᠨ᠎ᠡ ᠴᠠᠭ ᠦᠶ᠎ᠡ ᠲᠠᠢ ᠵᠣᠬᠢᠴᠠᠭᠤᠯᠤᠨ ᠬᠥᠭᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠲᠥᠯᠥᠪᠦᠷᠢ ᠦᠭᠡᠢ ᠪᠠᠷ ᠨᠡᠭᠡᠭᠡᠬᠦ ᠡᠷᠴᠢᠮ ᠢᠶᠠᠨ ᠨᠡᠮᠡᠭᠳᠡᠭᠦᠯᠵᠦ᠂ ᠷᠠᠳᠢᠣ᠋ ᠨᠡᠪᠲᠡᠷᠡᠭᠦᠯᠭᠡ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠬᠥᠳᠡᠭᠡ ᠶᠢᠨ 1.8 ᠲᠦᠮᠡᠨ ᠡᠷᠦᠭᠡ ᠶᠢᠨ ᠰᠠᠭᠤᠭᠠᠯᠢ ᠠᠷᠠᠳ ᠲᠤ ᠲᠥᠯᠥᠪᠦᠷᠢ ᠦᠭᠡᠢ ᠪᠠᠷ ᠤᠲᠠᠰᠤᠲᠤ ᠲᠧᠯᠸᠢᠰ ᠤᠨ ᠫᠷᠣᠭ᠍ᠷᠠᠮ ᠢ ᠤᠭᠰᠠᠷᠠᠨ ᠨᠠᠪᠲᠠᠷᠡᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠪᠣᠯᠣᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠭᠦᠢᠴᠡᠳᠬᠡᠨ᠎ᠡ᠃ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠪᠢᠳᠡᠨ ᠤ ᠠᠵᠢᠯ ᠢᠶᠠᠨ ᠠᠬᠢᠭᠤᠯᠵᠤ ᠨᠠᠶᠢᠳᠠᠪᠤᠷᠢᠵᠢᠭᠤᠯᠬᠤ ᠶᠢᠨ ᠵᠣᠷᠢᠯᠲᠠ ᠪᠠ ᠲᠤᠰᠤᠯᠲᠠ ᠪᠣᠯᠬᠤ ᠪᠥᠭᠡᠳ ᠪᠠᠰᠠ ᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ ᠶᠢᠨ ︽ᠦᠨᠳᠦᠰᠦ︾ ᠪᠠ ︽ᠰᠦᠭ ᠰᠦᠨᠡᠰᠦ︾ ᠪᠣᠯᠤᠨ᠎ᠠ ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠮᠠᠨ ᠤ ᠬᠤᠰᠢᠭᠤ ᠶᠢ ᠶᠡᠬᠡᠪᠡᠷ ᠳᠡᠮᠵᠢᠭᠰᠡᠨ ᠠᠴᠠ᠂ ᠡᠨᠡ ᠵᠢᠯ ᠪᠢᠳᠡ 3.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠷ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠭᠦᠢᠴᠡᠳᠬᠡᠵᠦ᠂ ᠠᠷᠠᠳ ᠣᠯᠠᠨ ᠤ ︽ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ︾ ᠪᠣᠯᠣᠨ ︽ᠠᠩᠬᠠᠷᠤᠨ ᠬᠠᠯᠠᠮᠵᠢᠯᠠᠵᠤ ᠪᠠᠶᠢᠭ᠎ᠠ ᠪᠦᠬᠦ ᠠᠰᠠᠭᠤᠳᠠᠯ︾ ᠢ ᠰᠡᠳᠬᠢᠯ ᠲᠠᠯᠪᠢᠨ ᠰᠢᠢᠳᠪᠦᠷᠢᠯᠡᠵᠦ᠂ ᠮᠠᠨ ᠤ ︽ᠶᠠᠳᠠᠷᠠᠯ ᠵᠦᠳᠡᠷᠡᠯ ᠤᠨ ᠵᠢᠭᠠᠯᠲᠠ ᠲᠤᠭ᠎ᠠ︾ ᠶᠢ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠪᠣᠯᠭᠠᠨ ᠰᠣᠯᠢᠵᠤ᠂ ᠵᠠᠰᠠᠭ ᠤᠨ ᠣᠷᠳᠣᠨ ᠳᠤ ᠲᠠᠯᠪᠢᠵᠤ ᠪᠠᠶᠢᠭ᠎ᠠ ᠠᠷᠠᠳ ᠣᠯᠠᠨ ᠤ ᠢᠲᠡᠭᠡᠯ ᠪᠣᠯᠣᠨ ᠬᠦᠰᠡᠯ ᠡᠷᠡᠮᠡᠯᠵᠡᠯ ᠢ ᠲᠤᠤᠱᠲᠠᠢ ᠪᠡᠶᠡᠯᠡᠭᠦᠯᠦᠨ᠎ᠡ᠃       ᠳᠣᠯᠤᠭ᠎ᠠ᠂ ᠬᠤᠷᠢᠭ᠎ᠠ ᠱᠤᠭᠤᠮ ᠤᠨ ᠰᠡᠳᠬᠢᠬᠦᠢ ᠪᠠᠷ ᠲᠣᠭᠲᠠᠪᠤᠷᠢᠲᠠᠢ ᠪᠠᠶᠢᠯᠭᠠᠬᠤ ᠰᠠᠭᠤᠷᠢ ᠶᠢ ᠪᠤᠢ ᠪᠤᠯᠭᠠᠵᠤ᠂ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠴᠢᠨᠠᠷᠯᠢᠭ ᠬᠥᠭᠵᠢᠯᠲᠡ ᠪᠠ ᠥᠨᠳᠥᠷ ᠲᠦᠪᠰᠢᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ       ᠮᠥᠩᠭᠦᠨ ᠭᠦᠢᠯᠭᠡᠭᠡᠨ ᠤ ᠡᠷᠡᠰᠳᠡᠯ ᠢ ᠦᠷᠭᠦᠯᠵᠢᠯᠡᠨ ᠰᠡᠷᠭᠡᠶᠢᠯᠡᠨ ᠰᠢᠢᠳᠪᠦᠷᠢᠯᠡᠨ᠎ᠡ᠃ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠂ ᠡᠩ ᠤᠨ ᠴᠢᠨᠠᠷᠲᠠᠢ ᠵᠠᠷᠤᠯᠭ᠎ᠠ ᠪᠠ ᠵᠠᠶᠢᠯᠠᠰᠢ ᠦᠭᠡᠢ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠ ᠶᠢ ᠪᠠᠲᠣᠯᠠᠬᠤ︾ ᠬᠤᠷᠢᠭ᠎ᠠ ᠱᠤᠭᠤᠮ ᠢ ᠦᠨᠡᠨᠬᠦ ᠰᠠᠶᠢᠲᠤᠷ ᠰᠠᠬᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠡᠬᠢ ᠡᠭᠦᠰᠦᠯ ᠠᠴᠠ ᠨᠢ ᠡᠵᠡᠮᠳᠡᠨ ᠵᠣᠬᠢᠴᠠᠭᠤᠯᠵᠤ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ ᠢᠶᠠᠷ ᠰᠢᠢᠳᠪᠦᠷᠢᠯᠡᠨ᠂ ᠥᠷᠢ ᠥᠭᠴᠡᠭᠡ ᠶᠢ ᠨᠢᠭᠡᠳ ᠨᠢᠭᠡ ᠪᠠᠷ ᠰᠢᠢᠳᠪᠦᠷᠢᠯᠡᠵᠦ ᠪᠠᠶᠢᠭᠰᠠᠨ ᠠᠴᠠ ᠪᠦᠬᠦᠯᠢ ᠴᠣᠭᠴᠠ ᠪᠠᠷ ᠨᠢ ᠴᠢᠨᠠᠷᠯᠢᠭ ᠰᠢᠢᠳᠪᠦᠷᠢᠯᠡᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠷᠢ ᠥᠭᠴᠡᠭᠡ ᠶᠢᠨ ᠡᠷᠡᠰᠳᠡᠯ ᠢ ᠴᠢᠩᠭ᠎ᠠ ᠰᠡᠷᠭᠡᠶᠢᠯᠡᠨ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠰᠳᠡᠯ ᠢ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠤᠨ᠎ᠠ᠃ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠪᠠᠷ ᠠᠶᠤᠯ ᠡᠷᠡᠰᠳᠡᠯ ᠢ ᠰᠡᠷᠭᠡᠶᠢᠯᠡᠨ ᠡᠵᠡᠮᠳᠡᠬᠦ ᠶᠢᠨ ᠦᠨᠳᠦᠰᠦᠨ ᠠᠷᠭ᠎ᠠ ᠬᠡᠮᠵᠢᠶ᠎ᠡ ᠪᠣᠯᠭᠠᠵᠤ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠡᠷᠡᠰᠳᠡᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠮᠤᠷ ᠲᠦᠪᠰᠢᠨ ᠲᠣᠭᠲᠠᠪᠤᠷᠢᠲᠠᠢ ᠪᠠᠶᠢᠳᠠᠯ ᠤᠨ ᠰᠠᠭᠤᠷᠢ ᠶᠢ ᠪᠠᠲᠤᠳᠬᠠᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠲᠤᠰᠬᠠᠢ ᠲᠥᠷᠥᠯ ᠤᠨ ᠴᠡᠭᠴᠡᠯᠡᠯᠲᠡ ᠶᠢ ᠠᠬᠢᠭᠤᠯᠵᠤ᠂ ︽ᠨᠠᠢᠮᠠᠨ ᠠᠷᠭ᠎ᠠ ᠬᠡᠮᠵᠢᠶ᠎ᠡ︾ ᠶᠢᠨ ᠬᠠᠲᠠᠭᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠬᠢᠭᠤᠯᠵᠤ᠂ ︽ᠶᠢᠰᠦᠨ ᠵᠢᠵᠢᠭ ᠲᠠᠯᠠᠪᠤᠷ︾᠂ ︽ᠠᠮᠢ ᠨᠠᠰᠣᠨ ᠤ ᠵᠠᠮ︾ ᠵᠡᠷᠭᠡ ᠭᠠᠯ ᠤᠨᠲᠠᠷᠠᠭᠠᠬᠤ ᠠᠮᠤᠷ ᠲᠥᠪᠰᠢᠨ ᠤ ᠳᠠᠯᠳᠠ ᠭᠡᠮ ᠢ ᠴᠢᠩᠭ᠎ᠠ ᠬᠠᠮᠢᠶᠠᠷᠤᠨ ᠴᠢᠩᠭ᠎ᠠ ᠰᠡᠷᠭᠡᠶᠢᠯᠡᠵᠦ᠂ ᠬᠦᠨᠳᠦ ᠶᠡᠭᠡ ᠣᠨᠴᠠ ᠨᠣᠴᠢᠲᠠᠢ ᠠᠳᠠᠯ ᠭᠠᠷᠬᠤ ᠶᠢ ᠪᠦᠭᠦ ᠬᠦᠴᠦᠨ ᠢᠶᠠᠷ ᠰᠡᠷᠭᠡᠶᠢᠯᠡᠨ᠎ᠡ᠃ ︽ᠳᠥᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠤᠨ ᠳᠣᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠶᠢ ᠰᠢᠨ᠎ᠡ ᠪᠠᠷ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠡᠶᠢᠭᠡᠮ ᠤᠨ ᠶᠡᠷᠦᠩᠬᠡᠶᠢᠯᠡᠨ ᠵᠠᠰᠠᠬᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠳᠦᠷᠢᠮᠵᠢᠭᠰᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠵᠤ᠂ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠴᠠᠬᠢᠮ ᠮᠡᠬᠡᠯᠡᠯ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠠᠮᠲᠤᠷᠠᠭᠰᠠᠨ ᠬᠦᠴᠦᠨ ᠢ ᠥᠷᠭᠡᠳᠬᠡᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠨ ᠬᠠᠮᠠᠭᠠᠯᠠᠬᠤ ᠲᠣᠭᠲᠠᠴᠠ ᠶᠢ ᠴᠢᠩᠭᠠᠳᠬᠠᠨ ᠥᠷᠭᠡᠳᠬᠡᠵᠦ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠢ ᠦᠨᠡᠨᠬᠦ ᠬᠠᠮᠠᠭᠠᠯᠠᠨ᠎ᠠ᠃             ᠵᠠᠰᠠᠭ ᠤᠨ ᠣᠷᠳᠣᠨ ᠤ ᠥᠪᠡᠷ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠎ᠠ             ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠰᠢᠨ᠎ᠡ ᠠᠶᠠᠨ ᠳᠤ ᠠᠷᠠᠨᠵᠠᠯ ᠢᠶᠠᠨ ᠰᠣᠶᠢᠵᠤ᠂ ᠠᠴᠢᠶ᠎ᠠ ᠪᠠᠨ ᠲᠥᠬᠦᠭᠡᠷᠦᠭᠰᠡᠨ ᠪᠠᠶᠢᠨᠠᠮ᠃ ᠪᠢᠳᠡ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠬᠦᠴᠦᠯᠡᠨ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ︽ᠮᠣᠩᠭᠤᠯ ᠮᠣᠷᠢ︾ ᠲᠠᠢ ᠠᠳᠠᠯᠢ ᠪᠠᠷ ᠵᠣᠷᠢᠭᠲᠠᠢ ᠪᠠᠷ ᠲᠡᠮᠡᠴᠡᠵᠦ᠂ ᠣᠯᠣᠯᠲᠠ ᠠᠮᠵᠢᠯᠲᠠ ᠶᠢ ᠲᠡᠷᠢᠭᠦᠨ ᠳᠤ ᠪᠠᠶᠢᠵᠤ᠂ ᠨᠠᠶᠢᠳᠠᠪᠤᠷᠢᠵᠢᠭᠤᠯᠤᠯᠲᠠ ᠶᠢᠨ ᠴᠢᠬᠤᠯᠠ ᠡᠭᠦᠷᠭᠡ ᠪᠠᠨ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠨ᠂ ᠡᠯᠢᠭᠡ ᠨᠢᠭᠡᠲᠡᠢ ᠪᠠᠷ ᠠᠯᠠᠱᠠ ᠵᠡᠭᠦᠨ ᠬᠤᠰᠢᠭᠤᠨ ᠤ ᠠᠵᠤ ᠠᠬᠤᠢ ᠪᠠ ᠨᠡᠶᠢᠭᠡᠮ ᠤᠨ ᠴᠢᠨᠠᠷᠯᠢᠭ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠤᠨ᠎ᠠ᠃       ᠤᠯᠤᠰ ᠲᠥᠷᠥ ᠶᠢᠨ ᠵᠣᠭᠰᠣᠯᠲᠠ ᠪᠠᠨ ᠪᠠᠲᠤ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠭᠦ ᠶᠠᠪᠤᠴᠠ᠂ ᠡᠯ᠎ᠡ ᠬᠦᠷᠢᠶᠡᠨ ᠳᠤ ᠲᠤᠤᠱᠯᠠᠭᠤᠯᠬᠤ ᠶᠢ ᠪᠠᠷᠢᠮᠲᠠᠯᠠᠵᠤ᠂ ︽ᠤᠷᠲᠤ ᠬᠤᠭᠤᠴᠠᠭ᠎ᠠ ᠪᠠᠷ ᠪᠠᠷᠢᠮᠲᠠᠯᠠᠬᠤ︾ ᠣᠪᠣᠷ ᠢᠶᠠᠷ ᠬᠦᠰᠡᠯ ᠮᠥᠷᠥᠭᠡᠳᠦᠯ ᠢᠶᠠᠨ ᠪᠡᠶᠡᠯᠡᠭᠦᠯᠬᠦ ᠬᠤᠷᠳᠤᠴᠠ ᠪᠠᠨ ᠲᠦᠷᠭᠡᠳᠬᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠪᠦᠭᠦ ᠨᠡᠶᠢᠭᠡᠮ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠶᠢ ᠢᠳᠡᠪᠬᠢᠲᠡᠢ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠡᠩ ᠥᠷᠭᠡᠨ ᠢᠶᠠᠷ ᠰᠣᠨᠣᠰᠴᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠣᠳᠠᠲᠠᠢ ᠪᠠᠶᠢᠳᠠᠯ ᠳᠤ ᠨᠡᠶᠢᠴᠡᠭᠦᠯᠵᠦ᠂ ᠲᠥᠷᠥ ᠶᠢᠨ ᠪᠣᠳᠣᠯᠭ᠎ᠠ ᠶᠢ ᠨᠡᠩ ᠰᠠᠶᠢᠨ ᠢᠶᠠᠷ ᠨᠠᠶᠢᠳᠠᠪᠤᠷᠢᠵᠢᠭᠤᠯᠵᠤ᠂ ︽ᠬᠠᠤᠯᠢ ᠪᠠᠷ ᠵᠠᠰᠠᠬᠤ ᠪᠠᠶᠢᠭᠤᠯᠤᠯᠲᠠ︾  ᠶᠢᠨ ᠭᠦᠨᠴᠡ ᠪᠠᠷ ︽ᠣᠯᠠᠨ ᠲᠦᠮᠡᠨ ᠤ ᠮᠡᠳᠡᠷᠡᠭᠰᠡᠨ︾ ᠬᠡᠮᠵᠢᠶ᠎ᠡ ᠶᠢ ᠰᠣᠯᠢᠵᠤ ᠣᠯᠣᠨ᠎ᠠ᠃ ᠬᠠᠷᠢᠭᠤᠴᠠᠯᠭ᠎ᠠ ᠪᠠᠨ ᠡᠭᠦᠷᠭᠡᠯᠡᠨ ᠪᠠᠷᠢᠮᠲᠠᠯᠠᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠡᠷᠡᠰ ᠵᠠᠯᠠᠷᠠᠭᠤᠯᠤᠨ ᠵᠠᠰᠠᠵᠤ᠂ ︽ᠭᠤᠷᠪᠠ ᠠᠷᠪᠢᠨ᠂ ᠭᠤᠷᠪᠠ ᠴᠥᠭᠡᠨ᠂ ᠭᠤᠷᠪᠠ ᠤᠳᠠᠭᠠᠨ︾ ︽ᠠᠯᠵᠠᠭᠤ ᠬᠤᠶᠢᠷᠭᠤ᠂ ᠰᠠᠯᠠᠩ ᠵᠠᠳᠠᠭᠠᠢ᠂ ᠬᠠᠭᠤᠳᠠᠮᠴᠢ︾ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ᠃ ᠵᠥᠪ ᠢ ᠪᠠᠷᠢᠮᠳᠠᠯᠠᠨ ᠰᠢᠨ᠎ᠡ ᠶᠢ ᠡᠭᠦᠳᠴᠦ᠂ ᠵᠣᠷᠢᠭᠲᠠᠢ ᠪᠠᠷ ᠡᠭᠦᠷᠭᠡ ᠪᠠᠨ ᠡᠭᠦᠷᠭᠡᠯᠡᠨ᠂ ᠪᠡᠷᠬᠡᠰᠢᠶᠡᠯ ᠢ ᠳᠠᠪᠠᠨ ᠲᠤᠭᠤᠯᠵᠤ ᠂ ᠬᠠᠮᠤᠭ ᠣᠬᠤᠷᠬᠠᠨ ᠬᠤᠭᠤᠴᠠᠭᠠᠨ ᠳᠤ ᠡᠯ᠎ᠡ ᠵᠦᠢᠯ ᠤᠨ ᠠᠵᠢᠯ ᠳᠠᠭᠠᠨ ᠦᠷ᠎ᠡ ᠪᠦᠲᠦᠮᠵᠢ ᠣᠯᠵᠤ᠂ ︽ᠳᠦᠷᠭᠡᠨ ᠰᠢᠭᠤᠷᠬᠠᠢ︾ ᠡᠷᠴᠢᠮ ᠢᠶᠠᠷ ︽ᠬᠤᠷᠳᠤᠨ ᠬᠥᠭᠵᠢᠯ︾ ᠤᠨ ᠠᠬᠢᠴᠠ ᠶᠢ ᠣᠯᠬᠤ ᠪᠠᠷ ᠴᠢᠷᠮᠠᠶᠢᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠭᠤᠷᠢ ᠶᠢ ᠪᠠᠲᠤ ᠪᠠᠬᠢ ᠪᠠᠶᠢᠭᠤᠯᠤᠨ᠎ᠠ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠬᠢᠵᠠᠭᠠᠷᠯᠠᠵᠤ᠂ ︽ᠠᠷᠪᠢᠴᠢ ᠭᠠᠮᠲᠠᠢ︾ ᠪᠠᠶᠢᠬᠤ ᠶᠢ ᠰᠤᠷᠲᠠᠯᠴᠢᠯᠠᠵᠤ᠂ ᠺᠠᠳ᠋ᠷ ᠨᠢ ᠲᠥᠪ ᠭᠤᠣᠯᠴᠢ᠂ ᠵᠠᠰᠠᠭ ᠤᠨ ᠣᠷᠳᠣᠨ ᠨᠢ ᠠᠷᠢᠭᠤᠨ ᠴᠢᠬᠡᠴᠢ᠂ ᠤᠯᠤᠰ ᠲᠥᠷᠥ ᠨᠢ ᠢᠯᠡ ᠲᠣᠳᠣᠷᠬᠠᠢ ᠪᠠᠶᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠵᠤ᠂ ︽ᠲᠥᠪ ᠭᠤᠣᠯᠴᠢ ᠠᠷᠢᠭᠤᠨ ᠴᠢᠬᠡᠴᠢ︾ ᠬᠠᠨᠳᠤᠯᠭ᠎ᠠ ᠪᠠᠷ ︽ᠠᠷᠠᠳ ᠲᠦᠮᠡᠨ ᠤ ᠬᠠᠨᠤᠮᠵᠢ ᠶᠢᠨ ᠲᠥᠪᠰᠢᠨ︾ ᠢ ᠳᠡᠭᠡᠭᠰᠢᠯᠡᠭᠦᠯᠦᠨ᠎ᠡ᠃       ᠲᠥᠯᠥᠭᠡᠯᠡᠭᠴᠢᠳ ᠠ᠋᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠤᠨ ᠡᠷᠴᠢ ᠲᠠᠢ᠂ ᠠᠴᠢ ᠶᠢᠨ ᠬᠠᠷᠢᠭᠤ ᠲᠠᠢ᠂ ᠢᠳᠡᠷᠡᠭᠦᠨ ᠠᠯᠬᠤᠭ᠎ᠠ ᠲᠠᠢ᠂ ᠳᠠᠭᠠᠭᠠᠴᠠ ᠰᠠᠶᠢᠲᠠᠢ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ ︽ᠵᠢᠷᠭᠤᠭᠠᠨ ᠠᠵᠢᠯᠯᠠᠭ᠎ᠠ︾ ᠶᠢ ᠱᠠᠭᠰᠢᠷᠠᠲᠠᠯ᠎ᠠ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠳᠤᠷᠠᠳᠤᠭᠰᠠᠨ ︽157︾ ᠶᠢᠨ ᠰᠡᠳᠬᠢᠴᠡ ᠶᠢ ᠪᠣᠳᠠᠲᠠᠢ ᠪᠠᠷ ᠲᠤᠤᠱᠯᠠᠭᠤᠯᠵᠤ᠂ ︽ᠵᠢᠷᠭᠤᠭᠠᠨ ᠭᠤᠷᠪᠠ︾ ᠶᠢᠨ ᠪᠣᠳᠠᠳᠣ ᠠᠷᠭ᠎ᠠ ᠬᠡᠮᠵᠢᠶ᠎ᠡ ᠶᠢ ᠥᠩᠭᠡ ᠲᠠᠢ ᠥᠭᠡᠳᠡ ᠲᠠᠢ ᠪᠡᠶᠡᠯᠡᠭᠦᠯᠵᠦ᠂ ᠰᠠᠭᠠᠳᠠᠭ ᠢᠶᠠᠨ ᠠᠭᠰᠠᠵᠤ᠂ ᠱᠠᠯᠠᠪᠬᠠᠨ ᠮᠣᠷᠳᠠᠵᠤ᠂ ᠲᠦᠪᠡᠭ ᠠᠴᠠ ᠮᠤᠯᠲᠤᠷᠠᠨ ᠲᠡᠷᠢᠭᠦᠨ ᠢᠶᠠᠨ ᠡᠷᠭᠦᠵᠦ᠂ ᠠᠮᠢ ᠠᠬᠤᠶ ᠨᠢ ᠭᠤᠶᠢᠳᠠ ᠰᠠᠶᠢᠬᠠᠨ᠂ ᠠᠵᠤ ᠦᠢᠯᠡᠰ ᠨᠢ ᠪᠠᠳᠠᠷᠠᠨ ᠬᠥᠭᠵᠢᠭᠰᠡᠨ᠂ ᠠᠷᠠᠳ ᠲᠦᠮᠡᠨ ᠨᠢ ᠪᠠᠶᠠᠨ ᠴᠢᠨᠡᠭᠡᠯᠢᠭ᠂ ᠬᠢᠯᠢ ᠬᠢᠵᠠᠭᠠᠷ ᠨᠢ ᠠᠮᠤᠷ ᠠᠮᠤᠭᠤᠯᠠᠩ ᠡᠶ᠎ᠡ ᠵᠣᠬᠢᠴᠠᠯ ᠲᠠᠢ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠪᠦᠳᠦᠭᠡᠨ ᠪᠠᠶᠢᠭᠤᠯᠬᠤ ᠶᠢᠨ ᠲᠥᠯᠥᠭᠡ ᠵᠢᠳᠬᠦᠨ ᠲᠡᠮᠡᠴᠡᠰᠦᠭᠡᠢ︕      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号