| | ᠨᠡᠷᠡᠰ ᠤᠨ ᠲᠠᠶᠢᠯᠪᠤᠷᠢ | | 1. ᠬᠤᠶᠠᠷ ᠢ ᠲᠣᠭᠲᠠᠭᠠᠬᠤ᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ | ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠬᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ | ᠪᠠᠶᠢᠷᠢ ᠰᠠᠭᠤᠷᠢ ᠶᠢ ᠲᠣᠭᠲᠠᠭᠠᠬᠤ ᠶᠢ ᠬᠡᠯᠡᠨ᠎ᠡ᠃ | 2. ᠬᠤᠶᠠᠷ ᠢ ᠬᠠᠮᠠᠭᠠᠯᠠᠬᠤ᠄ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ ᠨᠠᠮ ᠤᠨ ᠲᠥᠪ | ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠬᠡᠯᠡᠨ᠎ᠡ᠃ | | 3. ᠳᠥᠷᠪᠡᠨ ᠤᠬᠠᠮᠰᠠᠷ᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ | ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ᠃ | 4. ᠲᠦᠷᠪᠡᠨ ᠢᠲᠡᠭᠡᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ | ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠬᠡᠯᠡᠨ᠎ᠡ᠃ | 5. ᠬᠤᠶᠠᠷ ᠶᠡᠭᠡ ᠶᠠᠪᠤᠳᠠᠯ᠄ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ︽ᠲᠠᠪᠤᠨ ᠶᠡᠭᠡ ᠡᠭᠦᠷᠭᠡ︾ ᠶᠢ ᠴᠢᠷᠮᠠᠶᠢᠨ ᠪᠡᠶᠡᠯᠡᠭᠦᠯᠦᠨ᠎ᠡ︔ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠬᠡᠯᠡᠨ᠎ᠡ᠃ | 6. ᠨᠢᠭᠡ ᠭᠤᠣᠯ ᠰᠢᠵᠢᠮ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠠᠵᠢᠯ ᠤᠨ ᠭᠤᠣᠯ ᠰᠢᠵᠢᠮ ᠢ ᠪᠠᠲᠤ ᠴᠣᠭᠴᠠᠯᠠᠬᠤ ᠶᠢ ᠬᠡᠯᠡᠨ᠎ᠡ᠃ | 7. ᠭᠤᠷᠪᠠᠨ ᠰᠠᠯᠤᠰᠢ ᠦᠭᠡᠢ᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ | ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ | ᠴᠥᠭᠡᠨ ᠲᠣᠭᠠᠲᠤ ᠡᠯ᠎ᠡ ᠦᠨᠳᠦᠰᠦᠲᠡᠨ ᠬᠤᠭᠤᠷᠣᠨᠳᠣ ᠪᠠᠨ ᠰᠠᠯᠵᠤ ᠴᠢᠳᠠᠬᠤ ᠦᠭᠡᠢ ᠶᠢ ᠬᠡᠯᠡᠨ᠎ᠡ᠃ | 8. ᠲᠦᠷᠪᠡᠨ ᠬᠠᠮᠲᠤᠪᠠᠷ᠄ ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠪᠣᠯ ᠡᠯ᠎ᠡ ᠦᠨᠳᠦᠰᠦᠲᠡᠨ | ᠬᠠᠮᠲᠤ ᠪᠠᠷ ᠨᠡᠭᠡᠭᠡᠭᠰᠡᠨ ᠶᠤᠮ᠂ ᠮᠠᠨ ᠤ ᠥᠨᠢ ᠤᠳᠠᠭᠠᠨ ᠲᠡᠦᠬᠡ ᠶᠢ ᠪᠣᠯ ᠡᠯ᠎ᠡ ᠦᠨᠳᠦᠰᠦᠲᠡᠨ ᠬᠠᠮᠲᠤ ᠪᠠᠷ | ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠣᠶᠣᠯ ᠢ ᠪᠣᠯ ᠡᠯ᠎ᠡ ᠦᠨᠳᠦᠰᠦᠲᠡᠨ ᠬᠠᠮᠲᠤ ᠪᠠᠷ ᠡᠭᠦᠳᠦᠨ | ᠪᠦᠲᠦᠭᠡᠭᠰᠡᠨ ᠶᠤᠮ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠪᠣᠯ ᠡᠯ᠎ᠡ ᠦᠨᠳᠦᠰᠦᠲᠡᠨ ᠬᠠᠮᠲᠤ ᠪᠠᠷ | ᠪᠣᠶᠢᠵᠢᠭᠤᠯᠤᠭᠰᠠᠨ ᠶᠤᠮ᠃ | 9. ᠲᠦᠷᠪᠡ ᠶᠢ ᠬᠠᠮᠲᠤᠳᠬᠠᠬᠤ᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ | ᠭᠤᠳᠤᠮᠰᠢᠭ ᠢᠶᠠᠨ ᠬᠠᠮᠳᠣᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠬᠡᠯᠡᠨ᠎ᠡ᠃ | 10. ᠲᠠᠪᠤᠨ ᠬᠠᠮᠲᠤ ᠶᠢᠨ ᠲᠠᠨᠢᠯᠲᠠ᠄ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠵᠠᠮ ᠢ ᠮᠡᠳᠡᠷᠡᠨ ᠵᠥᠪᠰᠢᠶᠡᠷᠡᠬᠦ ᠶᠢ ᠬᠡᠯᠡᠨ᠎ᠡ᠃ | 11. ᠲᠠᠪᠤᠨ ᠦᠵᠡᠯᠲᠡ᠄ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ | ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠬᠡᠯᠡᠨ᠎ᠡ᠃ | 12. ᠳᠣᠯᠣᠭᠠᠨ ᠵᠢᠱᠢᠶᠡᠴᠢ᠄ ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠬᠤ ᠲᠠᠯ᠎ᠠ ᠪᠠᠷ | ᠵᠢᠱᠢᠶᠡᠴᠢ ᠪᠣᠯᠬᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠳᠠᠭᠠᠵᠤ ᠰᠢᠨ᠎ᠡ ᠠᠶᠠᠨ ᠵᠠᠮ ᠳᠤ | ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠬᠤ᠂ ᠦᠨᠳᠦᠰᠦᠲᠡᠨ ᠤ ᠭᠠᠵᠠᠷ ᠣᠷᠣᠨ ᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠤᠷᠤᠭᠰᠢ ᠠᠬᠢᠭᠤᠯᠬᠤ | ᠠᠵᠢᠯ ᠤᠨ ᠳᠤᠮᠳᠠ ᠵᠢᠱᠢᠶᠡᠴᠢ ᠪᠣᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ | ᠴᠢᠨᠡᠭᠡᠯᠢᠭᠵᠢᠬᠦ ᠵᠠᠮ ᠢᠶᠠᠷ ᠵᠢᠱᠢᠶᠡᠴᠢ ᠪᠣᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠲᠣᠭᠲᠠᠪᠤᠷᠢᠲᠠᠢ | ᠪᠠᠶᠢᠯᠭᠠᠬᠤ ᠶᠢᠨ ᠳᠠᠭᠠᠤ ᠬᠢᠯᠢ ᠬᠢᠵᠠᠭᠠᠷ ᠣᠷᠣᠨ ᠢ ᠪᠠᠬᠢᠵᠢᠭᠦᠯᠬᠦ ᠶᠢᠨ ᠲᠥᠯᠥᠭᠡ ᠵᠢᠱᠢᠶᠡᠴᠢ ᠪᠣᠯᠬᠤ᠂ ᠬᠢᠯᠢ ᠬᠢᠵᠠᠭᠠᠷ | ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ ᠲᠠᠯ᠎ᠠ ᠪᠠᠷ ᠵᠢᠱᠢᠶᠡᠴᠢ ᠪᠣᠯᠬᠤ᠂ | ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠬᠡᠯᠡᠨ᠎ᠡ᠃ | 13. ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ᠄ ᠳᠤᠮᠳᠠᠳᠤ ᠤᠯᠤᠰ ᠤᠨ ᠪᠠᠷᠠᠭᠤᠨ ᠬᠤᠶᠢᠲᠤ | ᠣᠷᠣᠨ᠂ ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ᠃ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ | ᠪᠣᠯ ᠭᠤᠷᠪᠠᠨ ᠤᠮᠠᠷᠠᠲᠤ ᠶᠢᠨ ᠬᠠᠯᠬᠠᠪᠴᠢ ᠣᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠯᠡᠨ᠎ᠡ᠃ | | 14. ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ᠄ ᠲᠡᠰᠪᠦᠷᠢ ᠬᠠᠲᠠᠭᠤᠵᠢᠯᠲᠠᠢ ᠪᠠᠷ ᠲᠡᠮᠡᠴᠡᠨ᠂ | ᠭᠤᠶᠠᠴᠢ ᠦᠭᠡᠢ ᠪᠠᠷ ᠵᠢᠳᠬᠦᠵᠦ᠂ ᠰᠢᠨᠳᠠᠷᠠᠨ ᠴᠥᠬᠦᠷᠥᠯ ᠦᠭᠡᠢ ᠪᠠᠷ ᠮᠡᠷᠡᠶᠢᠵᠦ᠂ ᠥᠨᠢ ᠤᠳᠠᠭᠠᠨ ᠭᠠᠪᠢᠶ᠎ᠠ | ᠵᠢᠳᠬᠦᠯ ᠲᠠᠢ ᠪᠠᠶᠢᠬᠤ ᠶᠢ ᠬᠡᠯᠡᠨ᠎ᠡ᠃ | 15. ᠮᠣᠩᠭᠤᠯ ᠮᠣᠷᠢᠨ ᠤ ᠵᠣᠷᠢᠭ ᠰᠠᠨᠠᠭ᠎ᠠ᠄ ᠵᠣᠪᠠᠭᠤᠷᠢ ᠵᠦᠳᠡᠭᠦᠷᠢ ᠶᠢ ᠲᠡᠰᠪᠦᠷᠢᠯᠡᠨ᠂ ᠪᠤᠴᠠᠯᠲᠠ ᠦᠭᠡᠢ | ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠴᠥᠬᠦᠷᠡᠬᠦ ᠦᠭᠡᠢ ᠶᠢ ᠬᠡᠯᠡᠨ᠎ᠡ᠃ | 16. ᠬᠤᠶᠠᠷ ᠭᠤᠣᠯᠳᠠᠯᠭ᠎ᠠ᠄ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ | ᠭᠤᠣᠯᠳᠠᠯᠭ᠎ᠠ ᠲᠠᠢ ᠴᠠᠷᠠᠭ᠎ᠠ ᠬᠦᠷᠢᠶᠡᠨ ᠳᠠᠬᠢ ᠠᠶᠤᠯᠭᠦᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠡᠯᠡᠨ᠎ᠡ᠃ | 17. ᠬᠤᠶᠠᠷ ᠰᠢᠨ᠎ᠡ᠄ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠳᠬᠡᠯ ᠪᠠ ᠬᠡᠷᠡᠭᠯᠡᠭᠡᠨ ᠤ | ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠡᠯᠡᠨ᠎ᠡ᠃ | 18. ᠵᠢᠷᠭᠤᠭᠠᠨ ᠢᠨᠵᠧᠨᠧᠷᠢᠩ᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠴᠥᠯᠡᠷᠬᠡᠭᠵᠢᠯ ᠢ ᠰᠡᠷᠭᠡᠶᠢᠯᠡᠨ ᠴᠥᠯᠡᠷᠬᠡᠭᠵᠢᠯ ᠢ ᠵᠠᠰᠠᠬᠤ ᠪᠠ ᠰᠠᠯᠬᠢ ᠨᠠᠷᠠᠨ ᠤ ᠡᠨᠧᠷᠭᠢ ᠶᠢ ᠤᠶᠠᠯᠳᠤᠭᠤᠯᠤᠨ | ᠬᠥᠭᠵᠢᠭᠦᠯᠬᠦ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠢᠲᠡᠭᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠭᠡ ᠮᠡᠷᠭᠡᠵᠢᠯ ᠢᠶᠠᠷ ︽ᠳᠠᠪᠠᠨ ᠲᠤᠭᠤᠯᠬᠤ︾ ᠢᠨᠵᠧᠨᠧᠷᠢᠩ᠂ | ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠯᠡᠨ᠎ᠡ᠃ | 19. ᠵᠢᠷᠭᠤᠭᠠᠨ ᠠᠵᠢᠯᠯᠠᠭ᠎ᠠ᠄ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ | ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠰᠠᠶᠢᠵᠢᠷᠠᠭᠤᠯᠬᠤ ᠠᠵᠢᠯᠯᠠᠭ᠎ᠠ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠯᠡᠨ᠎ᠡ᠃ | 20. ᠠᠶᠢᠮᠠᠭ ᠤᠨ ᠨᠠᠮ ᠤᠨ ᠬᠤᠷᠢᠶ᠎ᠠ ᠶᠢᠨ ︽157︾ ᠶᠢᠨ ᠰᠡᠳᠬᠢᠴᠡ᠄ ᠨᠢᠭᠡ ᠵᠢᠱᠢᠶᠡᠴᠢ ᠠᠶᠢᠮᠠᠭ ︵ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶᠡᠴᠢ ᠠᠶᠢᠮᠠᠭ︶ | ᠂ ᠲᠠᠪᠤᠨ ᠶᠡᠭᠡ ᠰᠠᠭᠤᠷᠢᠨ ᠭᠠᠵᠠᠷ ︵ᠴᠥᠯᠡᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶᠡᠴᠢ ᠰᠠᠭᠤᠷᠢᠨ | ᠭᠠᠵᠠᠷ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ᠂ ᠳᠠᠪᠤᠰᠤ ᠬᠤᠵᠢᠷ ᠤᠨ ᠬᠢᠮᠢ ᠶᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ᠂ ᠲᠡᠮᠡᠭᠡᠨ ᠤ ᠠᠵᠤ ᠦᠢᠯᠡᠰ ᠤᠨ ᠵᠢᠱᠢᠶᠡᠴᠢ ᠰᠠᠭᠤᠷᠢᠨ ᠭᠠᠵᠠᠷ᠂ ᠠᠮᠢ | ᠠᠬᠤᠢ ᠶᠢᠨ ᠡᠯᠡᠰᠦᠨ ᠤ ᠠᠵᠤ ᠦᠢᠯᠡᠰ ᠤᠨ ᠵᠢᠱᠢᠶᠡᠴᠢ ᠰᠠᠭᠤᠷᠢᠨ ᠭᠠᠵᠠᠷ︶᠂ ᠳᠣᠯᠣᠭᠠᠨ ᠶᠡᠭᠡ ᠢᠨᠵᠧᠨᠧᠷᠢᠩ ︵ | ᠴᠥᠯᠡᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠢᠨᠵᠧᠨᠧᠷᠢᠩ᠂ ᠬᠢᠯᠢ ᠬᠢᠵᠠᠭᠠᠷ ᠢ | ᠰᠠᠬᠢᠨ ᠬᠠᠮᠠᠭᠠᠯᠠᠵᠤ ᠬᠢᠯᠢ ᠬᠢᠵᠠᠭᠠᠷ ᠢ ᠴᠣᠭᠴᠠᠵᠢᠭᠤᠯᠬᠤ ᠢᠨᠵᠧᠨᠧᠷᠢᠩ︔ ᠬᠦᠷᠢᠶᠡᠯᠡᠩ ᠪᠦᠰᠡ ᠪᠠ ᠠᠵᠤ | ᠦᠢᠯᠡᠰ ᠢ ᠳᠡᠰ ᠳᠡᠪᠰᠢᠭᠦᠯᠬᠦ ᠢᠨᠵᠧᠨᠧᠷᠢᠩ︔ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ | ᠢᠨᠵᠧᠨᠧᠷᠢᠩ︔ ᠬᠠᠯᠠᠮᠵᠢ ᠶᠢᠨ ᠢᠨᠵᠧᠨᠧᠷᠢᠩ︔ ᠨᠡᠭᠡᠭᠡᠯᠲᠡ ᠲᠠᠢ ᠬᠠᠮᠲᠤᠷᠠᠨ ᠠᠵᠢᠯᠯᠠᠬᠤ ᠢᠨᠵᠧᠨᠧᠷᠢᠩ︔ | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠢᠨᠵᠧᠨᠧᠷᠢᠩ︔ ᠴᠢᠳᠠᠪᠤᠷᠢᠲᠠᠨ᠂ ᠰᠢᠨᠵᠢᠯᠡᠭᠡ | ᠮᠡᠷᠭᠡᠵᠢᠯ ᠢᠶᠠᠷ ᠪᠠᠷᠲᠠᠭ᠎ᠠ ᠶᠢ ᠳᠠᠪᠠᠨ ᠲᠤᠭᠤᠯᠬᠤ ᠢᠨᠵᠧᠨᠧᠷᠢᠩ ᠢ ᠬᠡᠯᠡᠨ᠎ᠡ᠃ | 21. ︽ᠵᠢᠷᠭᠤᠭᠠᠨ ᠭᠤᠷᠪᠠ︾ ᠪᠣᠳᠠᠲᠤ ᠠᠵᠢᠯᠯᠠᠭ᠎ᠠ᠄ ᠭᠤᠷᠪᠠᠨ ᠪᠠᠶᠢᠭᠤᠯᠤᠯᠲᠠ᠂ ᠭᠤᠷᠪᠠᠨ ᠶᠡᠭᠡ | ᠪᠠᠶᠢᠯᠳᠤᠬᠤ ᠪᠣᠳᠣᠯᠭ᠎ᠠ᠂ ᠭᠤᠷᠪᠠ ᠶᠢ ᠴᠢᠬᠤᠯᠠᠴᠢᠯᠠᠬᠤ᠂ ᠭᠤᠷᠪᠠ ᠶᠢ ᠠᠬᠢᠭᠤᠯᠬᠤ᠂ ᠭᠤᠷᠪᠠ ᠶᠢ ᠬᠦᠴᠦᠯᠡᠬᠦ᠂ | ᠭᠤᠷᠪᠠ ᠶᠢ ᠴᠣᠭᠴᠠᠯᠠᠬᠤ ᠶᠢ ᠬᠡᠯᠡᠨ᠎ᠡ᠃ | 22᠂ ᠬᠤᠶᠠᠷ ᠢ ᠳᠠᠪᠠᠭᠤᠯᠬᠤ᠄ 2025 ᠣᠨ ᠪᠣᠯᠬᠤ ᠳᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠶᠢ ᠨᠡᠭᠦᠷᠡᠰᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠᠷ | ᠳᠠᠪᠠᠭᠤᠯᠵᠤ᠂ 2030 ᠣᠨ ᠪᠣᠯᠬᠤ ᠳᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠶᠢ | ᠨᠡᠭᠦᠷᠡᠰᠦ ᠪᠠᠷ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠪᠠᠷ ᠳᠠᠪᠠᠭᠤᠯᠬᠤ ᠶᠢ ᠬᠡᠯᠡᠨ᠎ᠡ᠃ | 23. ᠬᠤᠶᠠᠷ ᠢ ᠬᠥᠩᠭᠡᠷᠡᠭᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠬᠡᠲᠦ ᠣᠯᠠᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ | ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢ ᠬᠡᠯᠡᠨ᠎ᠡ᠃ | 24. ᠶᠢᠰᠦᠨ ᠵᠢᠵᠢᠭ ᠲᠠᠯᠠᠪᠤᠷ᠄ ᠪᠠᠭ᠎ᠠ ᠰᠤᠷᠭᠠᠭᠤᠯᠢ ᠪᠤᠶᠤ ᠬᠡᠦᠬᠡᠳ ᠤᠨ ᠴᠡᠴᠡᠷᠯᠢᠭ᠂ ᠪᠠᠭ᠎ᠠ ᠵᠡᠷᠭᠡ ᠶᠢᠨ | ᠡᠮᠨᠡᠯᠭᠡ ᠶᠢᠨ ᠬᠤᠷᠢᠶ᠎ᠠ᠂ ᠵᠢᠵᠢᠭ ᠳᠡᠯᠭᠡᠭᠦᠷ᠂ ᠪᠠᠭ᠎ᠠ ᠵᠡᠷᠭᠡ ᠶᠢᠨ ᠢᠳᠡᠭᠡᠨ ᠤᠮᠳᠠᠭᠠᠨ ᠤ ᠭᠠᠵᠠᠷ᠂ ᠪᠢᠴᠢᠬᠠᠨ | ᠪᠠᠭᠤᠳᠠᠯ᠂ ᠪᠠᠭ᠎ᠠ ᠵᠡᠷᠭᠡ ᠶᠢᠨ ᠳᠠᠭᠤᠤ ᠪᠥᠵᠢᠭ ᠤᠨ ᠨᠠᠭᠠᠳᠤᠮ ᠴᠡᠩᠭᠡᠯ ᠤᠨ ᠭᠠᠵᠠᠷ᠂ ᠪᠠᠭ᠎ᠠ ᠬᠡᠯᠪᠡᠷᠢ ᠶᠢᠨ | ᠰᠦᠯᠵᠢᠶᠡᠨ ᠤ ᠪᠠᠭᠠᠷ᠂ ᠪᠠᠭ᠎ᠠ ᠭᠡᠯᠪᠡᠷᠢ ᠶᠢᠨ ᠵᠢᠰᠦ ᠭᠤᠶᠣᠯᠠᠬᠤ ᠪᠡᠶ᠎ᠡ ᠤᠬᠢᠶᠠᠬᠤ ᠭᠠᠵᠠᠷ᠂ ᠪᠠᠭ᠎ᠠ ᠵᠡᠷᠭᠡ ᠶᠢᠨ | ᠦᠢᠯᠡᠳᠪᠦᠷᠢᠯᠡᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠶᠡᠷᠦᠩᠬᠡᠢ ᠨᠡᠷᠡᠶᠢᠳᠦᠯ ᠢ ᠬᠡᠯᠡᠨ᠎ᠡ᠃ | 25. ᠮᠠᠯᠵᠢᠬᠤ ᠲᠠᠷᠢᠶᠠᠯᠠᠬᠤ ᠣᠷᠣᠨ ᠤ ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ᠄ ᠡᠬᠢ ᠪᠠᠶᠠᠯᠢᠭ ᠢ | ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠪᠡᠯᠡ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ | ᠬᠤᠪᠢᠷᠠᠭᠤᠯᠵᠤ᠂ ᠮᠠᠯᠴᠢᠨ ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠬᠡᠯᠡᠨ᠎ᠡ᠃ | 26. ︽ᠨᠢᠭᠡ ᠴᠣᠩᠬᠤᠪᠴᠢ︾ ᠶᠢᠨ ᠥᠭᠡᠷᠡᠴᠢᠯᠡᠯᠲᠡ᠄ ᠠᠵᠢᠯ ᠶᠠᠪᠤᠳᠠᠯ ᠭᠦᠶᠴᠡᠳᠬᠡᠬᠦ ᠴᠣᠩᠬᠤᠪᠴᠢ ᠶᠢ | ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ︽ᠡᠮᠦᠨ᠎ᠡ ᠲᠠᠪᠴᠠᠩ ᠳᠤ ᠭᠥᠯᠢᠶᠡᠨ ᠠᠪᠴᠤ ᠰᠢᠶᠳᠪᠦᠷᠢᠯᠡᠬᠦ᠂ ᠠᠷᠤ | ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠮᠠᠲ᠋ᠧᠷᠢᠶᠠᠯ | ᠭᠠᠷᠭᠠᠬᠤ︾ ᠦᠶᠯᠡᠴᠢᠯᠡᠭᠡᠨ ᠤ ᠵᠠᠭᠪᠤᠷ ᠢ ᠪᠡᠶᠡᠯᠡᠭᠦᠯᠵᠦ᠂ ᠡᠭᠦᠨ ᠤ ᠤᠯᠠᠮ ᠢᠶᠠᠷ ᠠᠵᠢᠯ ᠶᠠᠪᠤᠳᠠᠯ ᠭᠦᠶᠴᠡᠳᠬᠡᠬᠦ | ᠴᠤᠪᠤᠷᠠᠯ ᠢ ᠳᠥᠭᠦᠮᠴᠢᠯᠡᠵᠦ᠂ ᠠᠵᠢᠯ ᠶᠠᠪᠤᠳᠠᠯ ᠭᠦᠶᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠡᠯᠡᠨ᠎ᠡ᠃ | 27. ᠠᠯᠪᠠᠨ ᠤ ᠭᠤᠷᠪᠠᠨ ᠵᠠᠷᠤᠳᠠᠯ᠄ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠠᠷᠤᠳᠠᠯ᠂ | ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠵᠠᠷᠤᠳᠠᠯ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠪᠠ | ᠠᠵᠢᠯᠯᠠᠭᠤᠯᠵᠤ ᠠᠷᠠᠴᠢᠯᠠᠬᠤ ᠵᠠᠷᠤᠳᠠᠯ ᠢ ᠬᠡᠯᠡᠨ᠎ᠡ᠃ | 28. ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ᠄ ᠢᠳᠡᠵᠦ ᠡᠮᠦᠰᠬᠦ ᠳᠤ ᠵᠣᠪᠠᠭ᠋ᠤ ᠦᠭᠡᠢ︔ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ᠂ ᠦᠨᠳᠦᠰᠦᠨ ᠡᠮᠨᠡᠯᠭᠡ ᠶᠢᠨ ᠪᠠᠲᠤᠯᠠᠭ᠎ᠠ᠂ ᠣᠷᠣᠨ | ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠬᠡᠯᠡᠨ᠎ᠡ᠃ | 29. ᠰᠢᠨᠵᠢᠶᠠᠩ ᠤᠨ ᠨᠡᠭᠦᠷᠡᠰᠦ ᠶᠢ ᠵᠡᠭᠦᠨᠰᠢ ᠵᠥᠭᠡᠭᠡᠪᠦᠷᠢᠯᠡᠬᠦ᠄ ᠰᠢᠨᠵᠢᠶᠠᠩ ᠤᠨ ᠨᠡᠭᠦᠷᠡᠰᠦᠨ ᠤ ᠡᠬᠢ | ᠪᠠᠶᠠᠯᠢᠭ ᠢ ᠲᠡᠮᠦᠷ ᠵᠠᠮ ᠪᠠ ᠵᠠᠰᠠᠮᠠᠯ ᠵᠠᠮ ᠢᠶᠠᠷ ᠵᠡᠭᠦᠨ ᠬᠡᠰᠡᠭ ᠤᠨ ᠭᠠᠵᠠᠷ ᠣᠷᠣᠨ ᠳᠤ ᠵᠥᠭᠡᠭᠡᠪᠦᠷᠢᠯᠡᠬᠦ ᠶᠢ ᠬᠡᠯᠡᠨ᠎ᠡ᠃ | | 30. ᠮᠣᠩᠭᠤᠯ ᠤᠨ ᠨᠡᠭᠦᠷᠡᠰᠦ ᠶᠢ ᠡᠮᠦᠨᠡᠰᠢ ᠵᠥᠭᠡᠭᠡᠪᠦᠷᠢᠯᠡᠬᠦ᠄ ᠮᠣᠩᠭᠤᠯ ᠤᠯᠤᠰ ᠤᠨ ᠨᠡᠭᠦᠷᠡᠰᠦ ᠶᠢ ᠲᠡᠮᠦᠷ | ᠵᠠᠮ ᠪᠠ ᠵᠠᠰᠠᠮᠠᠯ ᠵᠠᠮ ᠢᠶᠠᠷ ᠳᠤᠮᠳᠠᠳᠤ ᠤᠯᠤᠰ ᠤᠨ ᠡᠮᠦᠨᠡᠲᠦ ᠣᠷᠣᠨ ᠳᠤ ᠵᠥᠭᠡᠭᠡᠪᠦᠷᠢᠯᠡᠬᠦ ᠶᠢ ᠬᠡᠯᠡᠨ᠎ᠡ᠃ | 31. ᠦᠬᠠᠢ᠂ ᠠᠯᠠᠱᠠ᠂ ᠬᠠᠶᠢᠯᠠᠷ᠂ ᠮᠠᠨᠵᠤᠤᠷ ᠤᠨ ᠳᠣᠣᠷ᠎ᠠ ᠠᠭᠠᠷ ᠤᠨ ᠵᠢᠭᠤᠯᠴᠢᠯᠠᠯ ᠤᠨ ᠲᠥᠪᠯᠡᠷᠡᠭᠰᠡᠨ | ᠣᠷᠣᠨ᠄ ᠦᠬᠠᠢ᠂ ᠠᠯᠠᠱᠠ᠂ ᠬᠠᠶᠢᠯᠠᠷ᠂ ᠮᠠᠨᠵᠤᠤᠷ ᠤᠨ ᠪᠣᠭᠤᠨᠢ ᠠᠭᠠᠷ ᠤᠨ ᠵᠢᠭᠤᠯᠴᠢᠯᠠᠯ ᠤᠨ ᠲᠥᠪᠯᠡᠷᠡᠭᠰᠡᠨ | ᠣᠷᠣᠨ ᠢ ᠬᠡᠯᠡᠨ᠎ᠡ᠃ | 32. ᠨᠡᠷᠡᠲᠦ ᠣᠨᠴᠠ ᠰᠢᠯᠢᠳᠡᠭ ᠰᠢᠨ᠎ᠡ᠄ ᠬᠤᠰᠢᠭᠤ ᠰᠢᠶᠠᠨ ᠤ ᠱᠠᠲᠤᠨ ᠤ ᠨᠡᠷᠡᠳᠦ ᠣᠨᠴᠠ ᠰᠢᠯᠢᠳᠡᠭ | ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ | ᠭᠤᠶᠤᠴᠢᠯᠠᠯ ᠢᠶᠠᠷ᠂ ᠲᠤᠰᠬᠠᠢ ᠣᠷᠣᠨ ᠬᠤᠳᠠ ᠶᠢᠨ ᠱᠠᠲᠤ᠂ ᠮᠤᠵᠢ ᠶᠢᠨ ᠱᠠᠲᠤᠨ ᠤ ᠲᠠᠷᠢᠶᠠᠯᠠᠩ ᠬᠥᠳᠡᠭᠡ | ᠲᠣᠰᠬᠤᠨ ᠤ ᠰᠠᠯᠠᠭ᠎ᠠ ᠮᠥᠴᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠ | ᠴᠢᠨᠠᠷᠯᠢᠭᠵᠢᠭᠤᠯᠬᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠠᠵᠢᠯ ᠤᠨ ᠪᠠᠶᠢᠭᠤᠯᠤᠮᠵᠢ ᠪᠠᠷ ᠬᠢᠨᠠᠨ | ᠬᠠᠷᠭᠤᠭᠤᠯᠤᠭᠠᠳ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠶᠤᠯᠭᠦᠢ ᠶᠢᠨ ᠲᠥᠪ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠡᠷᠭᠡᠵᠢᠯ ᠤᠨ | ᠪᠠᠲᠤᠯᠠᠮᠵᠢ ᠶᠢ ᠣᠯᠣᠭᠰᠠᠨ ᠪᠦᠲᠦᠭᠡᠭᠳᠡᠬᠦᠨ ᠢ ᠬᠡᠯᠡᠨ᠎ᠡ᠃ | 33.CCER᠄ ᠳᠤᠮᠳᠠᠳᠤ ᠤᠯᠤᠰ ᠤᠨ ᠬᠢᠨᠠᠨ ᠭᠡᠷᠡᠴᠢᠯᠡᠯ ᠤᠨ ᠰᠠᠶᠢᠨ ᠳᠤᠷ᠎ᠠ ᠠᠴᠠ ᠪᠠᠨ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠮᠵᠢᠶ᠎ᠡ ︵ᠪᠦᠬᠦ ᠨᠡᠷᠡᠶᠢᠳᠦᠯ᠄ China Certified | Emission Reduction︶᠃ | 34. ᠡᠬᠢ ᠰᠤᠷᠪᠤᠯᠵᠢ ᠶᠢᠨ ᠲᠣᠣᠷ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠬᠤ᠄ ᠴᠠᠬᠢᠯᠭᠠᠨ | ᠡᠭᠦᠰᠬᠡᠭᠴᠢ᠂ ᠴᠠᠬᠢᠯᠭᠠᠨ ᠲᠣᠣᠷ᠂ ᠠᠴᠢᠶ᠎ᠠ᠂ ᠡᠨᠧᠷᠭᠢ ᠨᠥᠭᠡᠴᠡᠯᠡᠬᠦ ᠶᠢ ᠪᠦᠬᠦᠯᠢ ᠴᠣᠭᠴᠠ ᠪᠠᠷ ᠨᠢ | ᠲᠥᠯᠥᠪᠵᠢᠭᠦᠯᠦᠭᠰᠡᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠠᠵᠢᠯᠯᠠᠭᠠᠨ ᠤ ᠵᠠᠭᠪᠤᠷ ᠢ ᠬᠡᠯᠡᠨ᠎ᠡ᠃ | 35. ᠪᠣᠬᠢᠷᠲᠤᠯ ᠦᠭᠡᠢ ᠴᠠᠬᠢᠯᠭᠠᠨ᠄ ᠰᠠᠯᠬᠢᠨ ᠤ ᠡᠨᠧᠷᠭᠢ᠂ ᠨᠡᠷᠡᠨ ᠤ ᠡᠨᠧᠷᠭᠢ ᠵᠡᠷᠭᠡ ᠳᠠᠬᠢᠨ ᠡᠭᠦᠰᠴᠦ | ᠪᠣᠯᠬᠤ ᠡᠨᠧᠷᠭᠢ ᠶᠢᠨ ᠰᠤᠷᠪᠤᠯᠵᠢ ᠶᠢ ᠠᠰᠢᠭᠯᠠᠨ ᠪᠣᠶ ᠪᠣᠯᠤᠭᠰᠠᠨ ᠴᠠᠬᠢᠯᠭᠠᠨ ᠬᠦᠴᠦᠨ ᠢ ᠬᠡᠯᠡᠨ᠎ᠡ᠃ | 36. ᠪᠣᠬᠢᠷᠲᠤᠯ ᠦᠭᠡᠢ ᠴᠠᠬᠢᠯᠭᠠᠨ ᠢ ᠰᠢᠭᠤᠳ ᠬᠠᠩᠭᠠᠬᠤ᠄ ᠰᠢᠨ᠎ᠡ ᠡᠨᠧᠷᠭᠢ ᠶᠢᠨ ᠲᠥᠷᠥᠯ ᠵᠦᠢᠯ ᠨᠢ | ᠬᠡᠷᠡᠭᠯᠡᠭᠡᠨ ᠤ ᠬᠡᠷᠡᠭᠯᠡᠭᠴᠢᠳ ᠲᠤ ᠪᠣᠬᠢᠷᠲᠤᠯ ᠦᠭᠡᠢ ᠴᠠᠬᠢᠯᠭᠠᠨ ᠬᠦᠴᠦᠨ ᠢ ᠰᠢᠭᠤᠳ ᠬᠠᠩᠭᠠᠬᠤ ᠶᠢ ᠬᠡᠯᠡᠨ᠎ᠡ᠃ | 37. ᠪᠣᠬᠢᠷᠲᠤᠯ ᠦᠭᠡᠢ ᠲᠣᠭᠠᠴᠢᠯᠠᠭᠰᠠᠨ ᠴᠠᠬᠢᠯᠭᠠᠨ ᠄ ᠲᠣᠭᠠᠴᠢᠯᠠᠭᠰᠠᠨ | ᠨᠥᠭᠡᠴᠡ ᠂ ᠲᠣᠭᠠᠴᠢᠯᠠᠭᠰᠠᠨ ᠠᠵᠤ ᠠᠬᠤᠢ ᠪᠣᠯᠣᠨ ᠴᠠᠬᠢᠯᠭᠠᠨ | ᠬᠦᠴᠦᠨ ᠤ ᠨᠥᠭᠡᠴᠡ ᠶᠢ ᠴᠣᠭᠴᠠ ᠪᠠᠷ ᠨᠢ | ᠲᠥᠯᠥᠪᠯᠡᠨ ᠵᠣᠬᠢᠴᠠᠭᠤᠯᠬᠤ ᠶᠢ | ᠬᠡᠯᠡᠨ᠎ᠡ ᠃ ᠡᠳᠡᠭᠡᠷ ᠤᠨ ᠤᠶᠠᠯᠳᠤᠭ᠎ᠠ | ᠬᠣᠯᠪᠣᠭ᠎ᠠ ᠂ ᠬᠠᠷᠢᠯᠴᠠᠨ ᠦᠢᠯᠡᠴᠢᠯᠡᠯ ᠤᠨ | ᠲᠤᠰᠠᠯᠠᠮᠵᠢᠲᠠᠢ ᠪᠠᠷ ᠡᠬᠢ ᠪᠠᠶᠠᠯᠢᠭ ᠢ ᠣᠨᠣᠪᠴᠢᠲᠠᠢ | ᠬᠤᠪᠢᠶᠠᠷᠢᠯᠠᠵᠤ ᠂ ᠥᠨᠳᠥᠷ ᠦᠷ᠎ᠡ | ᠠᠰᠢᠭ ᠲᠠᠢ ᠠᠰᠢᠭᠯᠠᠬᠤ ᠵᠣᠷᠢᠯᠭ᠎ᠠ ᠲᠠᠢ ᠃ | 38. ᠳᠥᠷᠪᠡᠨ ᠬᠠᠮᠤᠭ ᠤᠨ ᠴᠢᠩᠭ᠎ᠠ᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ | ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠯᠡᠨ᠎ᠡ᠃ | | 39. ᠭᠤᠷᠪᠠ ᠶᠢ ᠪᠠᠲᠤᠯᠠᠬᠤ᠄ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠢ | ᠪᠠᠲᠤᠯᠠᠬᠤ᠂ ᠠᠵᠢᠯᠯᠠᠭᠠᠨ ᠢ ᠪᠠᠲᠤᠯᠠᠬᠤ ᠵᠠᠷᠤᠯᠭ᠎ᠠ ᠶᠢ ᠬᠡᠯᠡᠨ᠎ᠡ᠃ | 40. ᠮᠢᠩᠭᠠᠨ ᠲᠦᠮᠡᠨ ᠢᠨᠵᠧᠨᠧᠷᠢᠩ᠄ ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ | ᠲᠣᠰᠬᠤᠨ ᠢ ᠵᠠᠰᠠᠨ ᠴᠡᠭᠴᠡᠯᠡᠬᠦ ᠢᠨᠵᠧᠨᠧᠷᠢᠩ ᠢ ᠬᠡᠯᠡᠨ᠎ᠡ᠃ | 41. ᠭᠤᠷᠪᠠᠨ ᠪᠡᠯᠡ᠄ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ᠂ ᠬᠠᠮᠲᠤ ᠶᠢᠨ ᠡᠳ᠋ ᠬᠥᠷᠥᠩᠭᠡ | ᠂ ᠬᠠᠮᠲᠤ ᠶᠢᠨ ᠡᠬᠢ ᠪᠠᠶᠠᠯᠢᠭ ᠢ ᠬᠡᠯᠡᠨ᠎ᠡ᠃ | 42. ᠲᠡᠭ ᠰᠠᠭᠤᠷᠢ ᠲᠥᠰᠥᠪ᠄ ᠲᠥᠰᠥᠪ ᠢ ᠨᠠᠶᠢᠷᠠᠭᠤᠯᠤᠨ ᠵᠣᠬᠢᠶᠠᠬᠤ ᠠᠷᠭ᠎ᠠ᠂ ᠲᠥᠰᠥᠪ ᠤᠨ | ᠵᠠᠷᠤᠯᠭ᠎ᠠ ᠶᠢ ᠲᠡᠭ ᠢᠶᠠᠷ ᠰᠠᠭᠤᠷᠢ ᠴᠡᠭ ᠪᠣᠯᠭᠠᠬᠤ ᠶᠢ ᠬᠡᠯᠡᠨ᠎ᠡ᠃ | 43. ᠨᠠᠰᠤᠲᠠᠶᠢᠴᠤᠳ ᠲᠤ ᠬᠠᠨᠳᠤᠭᠤᠯᠤᠭᠰᠠᠨ ᠠᠵᠤ ᠠᠬᠤᠢ᠄ ᠨᠠᠰᠤᠨ ᠤ ᠠᠮᠠᠷᠠᠯᠲᠠ ᠠᠪᠤᠭᠰᠠᠨ ᠪᠠ | ᠨᠠᠰᠤᠲᠠᠶᠢᠴᠤᠳ ᠢᠶᠠᠷ ᠭᠤᠣᠯ ᠬᠡᠷᠡᠭᠯᠡᠭᠡᠨ ᠤ ᠴᠣᠭᠴᠠ ᠪᠣᠯᠭᠠᠭᠰᠠᠨ ᠠᠵᠤ ᠠᠬᠤᠢ ᠶᠢᠨ ᠰᠢᠰᠲ᠋ᠧᠮᠵᠢ ᠶᠢ ᠬᠡᠯᠡᠨ᠎ᠡ᠃ | 44. ᠨᠠᠢᠮᠠᠨ ᠬᠠᠲᠠᠭᠤ ᠠᠷᠭ᠎ᠠ ᠬᠡᠮᠵᠢᠶ᠎ᠡ᠄ ᠡᠯ᠎ᠡ ᠱᠠᠲᠤᠨ ᠤ ᠠᠭᠤᠷᠬᠠᠢ ᠶᠢᠨ ᠠᠶᠦᠯᠭᠦᠢ | ᠦᠢᠯᠡᠳᠪᠦᠷᠢᠯᠡᠯ ᠤᠨ ᠪᠦᠷᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠪᠣᠯᠵᠣᠰᠢ ᠦᠭᠡᠢ ᠡᠷᠡᠰᠳᠡᠯ ᠢ | ᠨᠠᠷᠢᠪᠴᠢᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠬᠦ᠂ ︽ᠬᠠᠤᠯᠢ | ᠪᠤᠰᠤ ᠦᠶᠯᠡ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠲᠠᠭᠤ | ᠠᠷᠭ᠎ᠠ ᠬᠡᠮᠵᠢᠶ᠎ᠡ ᠪᠠᠷ ᠬᠢᠨᠠᠨ ᠰᠢᠢᠳᠪᠦᠷᠢᠯᠡᠬᠦ᠂ ᠬᠦᠨᠳᠦ ᠶᠡᠭᠡ ᠭᠠᠢ ᠭᠠᠮᠰᠢᠭ ᠢ ᠵᠠᠰᠠᠨ ᠴᠡᠭᠴᠡᠯᠡᠬᠦ ᠠᠵᠢᠯ ᠢ | ᠡᠷᠴᠢᠮᠵᠢᠭᠦᠯᠬᠦ᠂ ᠠᠵᠢᠯ ᠡᠷᠬᠢᠯᠡᠭᠰᠡᠳ ᠤᠨ ᠤᠷ᠎ᠠ ᠴᠢᠳᠠᠪᠤᠷᠢ᠂ ᠮᠡᠷᠭᠡᠵᠢᠯ ᠤᠨ ᠲᠥᠪᠰᠢᠨ ᠢ ᠶᠡᠬᠡᠪᠡᠷ ᠳᠡᠭᠡᠭᠰᠢᠯᠡᠭᠦᠯᠬᠦ᠂ | ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠢ ᠴᠢᠩᠭ᠎ᠠ ᠮᠥᠷᠳᠡᠬᠦ᠂ | ᠤᠯᠤᠰ ᠠᠴᠠ ᠠᠭᠤᠷᠬᠠᠢ ᠶᠢᠨ ᠠᠮᠤᠷ ᠲᠦᠪᠰᠢᠨ ᠤ ᠲᠤᠬᠠᠢ ᠬᠢᠨᠠᠨ ᠪᠠᠶᠢᠴᠠᠭᠠᠵᠤ ᠵᠠᠰᠠᠭ ᠤᠨ ᠠᠵᠢᠯ ᠢ ᠬᠢᠨᠠᠨ | ᠱᠠᠯᠠᠪᠳᠠᠬᠤ᠂ ᠴᠢᠩᠭᠠᠳᠬᠠᠬᠤ᠂ ᠠᠳᠡᠯ ᠢ ᠪᠠᠶᠢᠴᠠᠭᠠᠬᠤ ᠪᠠ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠬᠤ ᠶᠢ ᠬᠡᠯᠡᠨ᠎ᠡ | ᠃ | 45. ᠭᠤᠷᠪᠠ ᠠᠷᠪᠢᠨ᠂ ᠭᠤᠷᠪᠠ ᠴᠥᠭᠡᠨ᠂ ᠭᠤᠷᠪᠠ ᠤᠳᠠᠭᠠᠨ᠄ ᠬᠤᠷᠠᠯ ᠴᠤᠭᠯᠠᠭ᠎ᠠ ᠠᠷᠪᠢᠨ᠂ | ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ︔ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ | ᠠᠵᠢᠯ ᠤᠨ ᠰᠡᠳᠬᠢᠮᠵᠢ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ︔ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠤᠳᠠᠭᠠᠨ᠂ ᠠᠵᠢᠯᠯᠠᠬᠤ ᠳᠠᠭᠠᠨ ᠤᠳᠠᠭᠠᠨ᠂ ᠦᠷ᠎ᠡ ᠳ᠋ᠦᠩ ᠭᠠᠷᠭᠠᠬᠤ ᠨᠢ ᠤᠳᠠᠭᠠᠨ | ᠪᠠᠶᠢᠬᠤ ᠶᠢ ᠬᠡᠯᠡᠨ᠎ᠡ᠃ | | ᠁ |