ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠤᠨ ᠲᠠᠰ ᠳᠡᠪᠰᠢᠭᠰᠡᠨ ᠰᠠᠯᠪᠤᠷᠢ ᠱᠤᠭᠤᠮ ᠤᠨ ᠲᠥᠷᠥᠯ ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2025/3/10
     2 ᠳ᠋ᠤᠭᠠᠷ ᠰᠠᠷ᠎ᠠ ᠶᠢᠨ 15 ᠤ ᠡᠳᠦᠷ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠲᠠᠰ ᠳᠡᠪᠰᠢᠭᠦᠯᠦᠨ ᠰᠠᠯᠪᠤᠷᠢ ᠱᠤᠭᠤᠮ ᠤᠨ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠳᠤ ᠶᠠᠪᠤᠭᠳᠠᠪᠠ᠃    ᠣᠶᠢᠯᠠᠭᠠᠭᠰᠠᠨ ᠢᠶᠠᠷ᠂ ᠲᠣᠰ ᠨᠢᠰᠬᠡᠯ ᠤᠨ ᠪᠠᠭᠤᠳᠠᠯ ᠲᠠᠰ ᠳᠡᠪᠰᠢᠭᠰᠡᠨ ᠤ ᠳᠠᠷᠠᠭ᠎ᠠ᠂ ᠠᠯᠠᠱᠠ ᠶᠢᠨ ᠨᠢᠰᠬᠡᠯ ᠤᠨ ᠪᠠᠭᠤᠳᠠᠯ ᠤᠨ ᠪᠦᠬᠦᠯᠢ ᠴᠣᠭᠴᠠ ᠶᠢᠨ ᠠᠵᠢᠯᠯᠠᠭᠠᠨ ᠤ ᠨᠥᠬᠦᠴᠡᠯ ᠪᠦᠲᠦᠮᠵᠢᠲᠡᠶ ᠳᠡᠭᠡᠭᠰᠢᠯᠡᠵᠦ᠂ ᠲᠣᠰ ᠭᠠᠵᠠᠷ ᠤᠨ ᠰᠠᠭᠤᠭᠠᠯᠢ ᠠᠷᠠᠳ᠂ ᠭᠠᠳᠠᠷ ᠣᠷᠣᠨ ᠤ ᠬᠤᠳᠠᠯᠳᠤᠭᠠᠴᠢᠨ ᠤ ᠢᠷᠡᠵᠤ ᠣᠴᠢᠬᠤ ᠪᠠ ᠡᠳ᠋ ᠪᠠᠷᠠᠭᠠᠨ ᠤ ᠬᠦᠢᠯᠭᠡᠭᠡ ᠶᠢᠨ ᠣᠷᠣᠵᠤ ᠭᠠᠷᠬᠤ ᠳᠤ ᠨᠡᠩ ᠳᠥᠭᠦᠮ ᠳᠦᠳᠡ ᠪᠣᠯᠵᠤ᠂ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃    ᠠᠯᠠᠱᠠ ᠵᠡᠭᠦᠨ ᠬᠤᠰᠢᠭᠤᠨ ᠤ ᠠᠵᠢᠯ ᠡᠭᠦᠷᠭᠡ ᠭᠦᠢᠴᠡᠳᠬᠡᠬᠦ ᠨᠢᠰᠬᠡᠯ ᠤᠨ ᠪᠠᠭᠤᠳᠠᠯ ᠨᠢ ᠰᠠᠯᠪᠤᠷᠢ ᠱᠤᠭᠤᠮ  ᠤᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 5.7 ᠳ᠋ᠦᠩᠰᠢᠭᠤᠷ ᠲᠥᠭᠦᠷᠢᠭ ᠬᠦᠷᠴᠦ᠂ ᠨᠢᠰᠦᠯᠲᠡ ᠶᠢᠨ ᠲᠣᠭᠤᠷᠢᠭ ᠢ 4C ᠵᠡᠷᠭᠡ ᠳᠡᠰ ᠢᠶᠠᠷ ᠪᠥᠲᠥᠭᠡᠨ ᠪᠠᠶᠢᠭᠤᠯᠵᠤ᠂ ᠭᠦᠶᠦᠯᠲᠡ ᠶᠢᠨ ᠵᠠᠮ ᠢ ᠪᠠᠷᠠᠭᠤᠨ ᠬᠤᠶᠢᠲᠤ ᠴᠢᠭᠯᠡᠯ ᠳᠤ 600 ᠮᠧᠲᠷ ᠠᠴᠠ 3000 ᠮᠧᠲᠷ ᠤᠷᠲᠤᠳᠬᠠᠨ᠂ 2 ᠵᠤᠷᠪᠤᠰ ᠤᠷᠲᠤ ᠶᠢᠨ ᠬᠡᠮᠵᠢᠶ᠎ᠡ ᠨᠢ ᠲᠣᠰ ᠲᠣᠰ 438.5 ᠮᠧᠲᠷ ᠪᠠ 301 ᠮᠧᠲᠷ ᠤᠨ ᠬᠡᠰᠡᠭ ᠭᠠᠵᠠᠷ ᠲᠤ ᠵᠡᠷᠭᠡᠴᠡᠭᠡ ᠭᠤᠯᠭᠤᠭᠤᠷ ᠵᠡᠮ᠂ 7033.60 ᠲᠡᠭᠰᠢ ᠳᠥᠷᠪᠡᠯᠵᠢᠨ ᠮᠧᠲᠷ ᠤᠨ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠪᠠ 2079.58 ᠲᠡᠭᠰᠢ ᠳᠥᠷᠪᠡᠯᠵᠢᠨ ᠮᠧᠲᠷ ᠤᠨ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠠᠰᠠᠷ ᠢ ᠰᠢᠨ᠎ᠡ ᠪᠠᠷ ᠪᠠᠶᠢᠭᠤᠯᠬᠤ ᠶᠢᠨ ᠬᠠᠮᠲᠤ ᠨᠢᠰᠬᠡᠯ ᠵᠣᠭᠰᠣᠬᠤ ᠲᠠᠯᠠᠪᠤᠷ ᠵᠢᠴᠢ ᠪᠤᠰᠤᠳ ᠬᠠᠮᠢᠶ᠎ᠠ ᠪᠥᠬᠦᠶ ᠢᠵᠢ ᠪᠥᠷᠢᠳᠦᠭᠰᠡᠨ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ ᠪᠥᠸᠧ ᠶᠢᠨ 737 ᠰᠢᠷᠢᠰ ᠪᠠ ᠠᠭᠠᠷ ᠤᠨ ᠠᠶᠠᠯᠠᠯ ᠤᠨ  A320᠂ EMB-190 ᠵᠡᠷᠭᠡ ᠬᠡᠯᠪᠡᠷᠢ ᠶᠢᠨ ᠨᠢᠰᠬᠡᠯ ᠢ ᠨᠢᠰᠦᠭᠦᠯᠵᠦ ᠪᠣᠯᠣᠨ᠎ᠠ᠃    ᠲᠣᠰ ᠲᠥᠷᠥᠯ ᠵᠦᠢᠯ ᠢ ᠵᠢᠱᠢᠯᠲᠡ ᠪᠠᠷ 2026 ᠣᠨ ᠤ 7 ᠰᠠᠷ᠎ᠠ ᠳᠤ ᠳᠠᠭᠤᠰᠬᠠᠵᠤ᠂ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠨᠢᠰᠬᠡᠯ ᠤᠨ ᠪᠠᠭᠤᠳᠠᠯ ᠨᠢ ᠠᠶᠠᠨᠴᠢᠳ ᠤᠨ ᠵᠢᠯ ᠤᠨ ᠣᠷᠣᠭᠤᠯᠵᠤ ᠭᠠᠷᠭᠠᠬᠤ ᠬᠡᠮᠵᠢᠶ᠎ᠡ 65 ᠲᠦᠮᠡᠨ ᠬᠥᠮᠦᠨ ᠤᠳᠠᠭ᠎ᠠ᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ 1800 ᠲᠣᠨ᠂ ᠨᠢᠰᠬᠡᠯ ᠤᠨ ᠨᠢᠰᠴᠦ ᠪᠠᠭᠤᠬᠤ ᠬᠡᠮᠵᠢᠶ᠎ᠡ 8000 ᠤᠳᠠᠭ᠎ᠠ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠵᠤ᠂ ᠠᠯᠠᠱᠠ ᠠᠴᠠ ᠪᠡᠭᠡᠵᠢᠩ᠂ ᠬᠥᠬᠡᠬᠤᠲᠠ᠂ ᠰᠢ ᠠᠨ᠂ ᠯᠠᠨᠵᠧᠤ᠂ ᠴᠧᠩᠳᠦ᠋᠂ ᠺᠦᠨᠮᠢᠩ᠂ ᠱᠠᠩᠬᠠᠶ᠂ ᠭᠤᠸᠠᠩᠵᠧᠦ ᠵᠡᠷᠭᠡ ᠤᠯᠤᠰ ᠤᠨ ᠳᠣᠲᠣᠭᠠᠳᠤ ᠶᠢᠨ   ᠬᠤᠲᠠ ᠪᠠᠷ ᠰᠢᠭᠤᠳ ᠨᠢᠰᠴᠦ ᠪᠣᠯᠬᠤ ᠮᠥᠷᠳᠡᠭᠡᠨ ᠠᠵᠤ ᠦᠢᠯᠡᠰ ᠤᠨ ᠲᠠᠰ ᠳᠡᠪᠰᠢᠬᠦ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠡᠩ ᠢᠯᠡᠭᠦᠦ ᠲᠦᠷᠭᠡᠳᠬᠡᠨ  ᠠᠬᠢᠭᠤᠯᠬᠤ ᠪᠣᠯᠣᠨ᠎ᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号