| ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠵᠤ ᠦᠢᠯᠡᠰ ᠤᠨ | ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ | ᠠᠩᠬᠠᠷᠴᠤ᠂ ᠡᠷᠲᠡᠬᠡᠨ ᠪᠡᠯᠡᠳᠬᠡᠵᠦ᠂ ᠡᠷᠲᠡᠬᠡᠨ ᠬᠥᠳᠡᠯᠦᠯᠴᠡᠵᠦ᠂ ᠪᠠᠯᠠ ᠣᠷᠣᠭᠤᠯᠤᠯᠲᠠ ᠶᠢᠨ ᠭᠤᠤᠯᠳᠠᠯᠭ᠎ᠠ ᠶᠢ | ᠡᠵᠡᠮᠳᠡᠵᠦ᠂ ᠠᠵᠢᠯ ᠲᠥᠷᠥᠯ ᠤᠨ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ | ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠵᠣᠯᠭᠠᠭᠤᠯᠵᠤ ᠬᠠᠮᠢᠶ᠎ᠠ ᠪᠦᠬᠦᠢ ᠲᠥᠷᠥᠯ | ᠵᠦᠢᠯ ᠤᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠪᠡ᠃ ᠣᠶᠢᠷ᠎ᠠ ᠳᠤ᠂ ᠠᠯᠠᠱᠠ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠦᠨᠳᠦᠰᠦᠨ ᠪᠥᠲᠥᠭᠡᠨ | ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠪᠠᠭᠤᠯᠭᠠᠵᠤ᠂ ᠮᠠᠨ ᠤ ᠬᠤᠰᠢᠭᠤ | 2025 ᠣᠨ ᠳᠤ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ 2404 ᠲᠦᠮᠡᠨ ᠲᠥᠭᠦᠷᠢᠭ ᠤᠨ | ᠪᠠᠯᠠ ᠮᠥᠩᠭᠦ ᠶᠢ ᠴᠢᠷᠮᠠᠶᠢᠨ ᠣᠯᠪᠡ᠃ | ᠡᠭᠦᠨ ᠳᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ 800 ᠲᠦᠮᠡᠨ ᠲᠥᠭᠦᠷᠢᠭ᠂ ᠠᠯᠠᠱᠠ | ᠵᠡᠭᠦᠨ ᠬᠤᠰᠢᠭᠤᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ | ᠬᠥᠮᠥᠷᠭᠡ ᠶᠢᠨ ᠲᠥᠷᠥᠯ ᠵᠦᠢᠯ 700 ᠲᠦᠮᠡᠨ ᠲᠥᠭᠦᠷᠢᠭ᠂ ᠠᠯᠠᠱᠠ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠰᠣᠷᠣᠭᠴᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 800 ᠲᠦᠮᠡᠨ | ᠲᠥᠭᠦᠷᠢᠭ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠠᠷᠤᠳᠠᠯ 104 ᠲᠦᠮᠡᠨ | ᠲᠥᠭᠦᠷᠢᠭ ᠢ ᠴᠢᠷᠮᠠᠶᠢᠨ ᠣᠯᠪᠠ᠃ | | | | |