| ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠨᠠᠨ ᠯᠢᠶᠠᠩ ᠵᠡᠭᠡᠯᠢ ᠶᠢᠨ ᠨᠡᠶᠢᠭᠡᠮ ᠲᠣᠭᠤᠷᠢᠭ ᠢᠳᠡᠪᠬᠢᠲᠡᠶ ᠠᠵᠢᠯᠯᠠᠵᠤ᠂ ᠪᠠᠷᠢᠯᠭ᠎ᠠ ᠶᠢᠨ ᠠᠩᠭᠢ ᠲᠠᠢ | ᠬᠠᠷᠢᠯᠴᠠᠵᠤ᠂ ᠬᠠᠷᠢᠶ᠎ᠠ ᠣᠷᠣᠨ ᠤ ᠪᠠᠨ ᠬᠠᠭᠤᠴᠢᠨ ᠬᠦᠮᠦᠷᠭᠡ ᠢ ᠲᠠᠰ ᠳᠡᠪᠰᠢᠭᠦᠯᠦᠨ ᠥᠭᠡᠷᠡᠴᠢᠯᠡᠵᠦ᠂ ᠠᠷᠠᠳ | ᠣᠯᠠᠨ ᠳᠤ ᠠᠮᠤᠷ ᠲᠦᠪᠰᠢᠨ ᠲᠠᠭᠠᠯᠠᠮᠵᠢᠲᠠᠶ ᠣᠷᠣᠨ ᠰᠠᠭᠤᠴᠠ ᠵᠢᠴᠢ ᠡᠳ᠋ ᠪᠣᠳᠠᠰ ᠢ ᠬᠠᠳᠠᠭᠠᠯᠠᠬᠤ ᠣᠷᠴᠢᠨ | ᠲᠣᠭᠤᠷᠢᠨ ᠢ ᠪᠣᠶ ᠪᠣᠯᠭᠠᠵᠤ᠂ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ᠃ | ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠨᠠᠨ ᠯᠢᠶᠠᠩ ᠵᠡᠭᠡᠯᠢ ᠶᠢᠨ ᠨᠡᠶᠢᠭᠡᠮ ᠲᠣᠭᠤᠷᠢᠭ ᠤᠨ ᠨᠡᠭᠦᠷᠡᠰᠦᠨ ︵ᠮᠧᠢ ᠲᠠᠨ︶ ᠬᠤᠷᠢᠶᠠᠯᠠᠯ ᠳᠤ ᠶᠠᠭᠠᠷᠠᠯᠲᠠᠢ | ᠪᠠᠶᠢᠳᠠᠯ ᠢᠯᠡᠷᠡᠵᠦ᠂ ᠪᠠᠷᠢᠯᠭ᠎ᠠ ᠶᠢᠨ ᠠᠩᠭᠢ ᠶᠠᠭ ᠬᠠᠭᠤᠴᠢᠨ ᠬᠦᠮᠦᠷᠭᠡ ᠶᠢ ᠰᠡᠯᠪᠢᠨ ᠵᠠᠰᠠᠵᠤ ᠪᠠᠶᠢᠯ᠎ᠠ᠃ | ᠣᠶᠢᠯᠠᠭᠠᠭᠰᠠᠨ ᠢᠶᠠᠷ᠂ ᠨᠠᠨ ᠯᠢᠶᠠᠩ ᠵᠡᠭᠡᠯᠢ ᠶᠢᠨ ᠨᠡᠶᠢᠭᠡᠮ ᠲᠣᠭᠤᠷᠢᠭ ᠤᠨ ᠨᠡᠭᠦᠷᠡᠰᠦᠨ ᠬᠤᠷᠢᠶᠠᠯᠠᠯ ᠤᠨ ᠰᠠᠭᠤᠭᠠᠯᠢ | ᠠᠷᠠᠳ ᠤᠨ ᠡᠳᠦᠷ ᠲᠤᠲᠤᠮ ᠤᠨ ᠠᠮᠢᠳᠤᠷᠠᠯ ᠳᠤᠮᠳᠠ᠂ ᠡᠷᠦᠬᠡ ᠪᠣᠯᠭᠠᠨ ᠬᠦᠮᠦᠷᠭᠡ ᠳᠤ ᠡᠯᠳᠡᠪ ᠶᠠᠭᠤᠮ᠎ᠠ ᠪᠠᠨ | ᠬᠠᠳᠠᠭᠠᠯᠠᠳᠠᠭ᠃ ᠭᠡᠪᠡᠴᠦ᠂ ᠤᠳᠠᠭᠠᠨ ᠵᠢᠯ ᠵᠠᠰᠠᠪᠤᠷᠢᠯᠠᠭᠰᠠᠨ ᠦᠭᠡᠢ ᠬᠠᠭᠤᠴᠢᠨ ᠬᠦᠮᠦᠷᠭᠡ ᠨᠢ ᠠᠭᠠᠵᠢᠮ ᠢᠶᠠᠷ | ᠣᠯᠠᠨ ᠠᠰᠠᠭᠤᠳᠠᠯ ᠢᠯᠡᠷᠡᠵᠡᠢ᠃ ᠭᠠᠵᠠᠷ ᠤᠨ ᠭᠠᠳᠠᠷᠭᠤ ᠨᠢ ᠬᠠᠭᠠᠷᠠᠵᠤ ᠲᠡᠯᠡᠬᠦ᠂ ᠴᠢᠭᠢᠭ ᠲᠠᠲᠠᠬᠤ᠂ ᠬᠡᠷᠡᠮ ᠤᠨ | ᠭᠠᠳᠠᠷᠭᠤ ᠳᠤ ᠠᠩ ᠭᠠᠷᠴᠤ᠂ ᠤᠤᠯ ᠤᠨ ᠬᠠᠳᠠᠭᠠᠯᠠᠵᠤ ᠪᠠᠶᠢᠭᠰᠠᠨ ᠴᠢᠳᠠᠪᠤᠷᠢ ᠪᠠᠨ ᠠᠯᠳᠠᠭᠰᠠᠨ ᠢᠶᠠᠷ ᠪᠠᠷᠠᠬᠤ | ᠦᠭᠡᠶ ᠪᠠᠰᠠ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠯ᠎ᠠ᠃ | | ᠡᠭᠦᠨ ᠳᠤ᠂ ᠬᠦᠮᠦᠷᠭᠡ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠨᠬᠤᠸᠠ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠯᠢᠶᠠᠩ ᠵᠡᠭᠡᠯᠢ ᠶᠢᠨ ᠨᠡᠶᠢᠭᠡᠮ ᠲᠣᠭᠤᠷᠢᠭ ᠦᠳᠲᠡᠷ | ᠲᠦᠷᠭᠡᠨ ᠬᠥᠳᠡᠯᠦᠯᠴᠡᠵᠤ᠂ ᠡᠷᠦᠬᠡ ᠳᠤ ᠣᠷᠣᠵᠤ ᠰᠤᠷᠪᠤᠯᠵᠢᠯᠠᠬᠤ ᠪᠠᠷ ᠲᠠᠮᠵᠢᠨ ᠪᠠᠶᠢᠳᠠᠯ ᠢ ᠭᠦᠢᠴᠡᠳ | ᠣᠶᠢᠯᠠᠭᠠᠭᠰᠠᠨ ᠪᠥᠭᠡᠳ ᠰᠠᠭᠤᠭᠠᠯᠢ ᠠᠷᠠᠳ ᠤᠨ ᠡᠬᠡ ᠳᠡᠪᠲᠡᠷ᠂ ᠰᠠᠭᠤᠭᠠᠯᠢ ᠠᠷᠠᠳ ᠤᠨ ᠸᠢᠴᠠᠲ ᠬᠤᠯᠪᠣᠭ᠎ᠠ | ᠵᠡᠷᠭᠡ ᠳᠤ ᠲᠤᠰᠬᠠᠭᠰᠠᠨ ᠪᠣᠳᠠᠲᠠᠶ ᠪᠠᠶᠢᠳᠠᠯ ᠢ ᠦᠨᠳᠦᠰᠦᠯᠡᠨ᠂ ᠰᠡᠯᠪᠢᠨ ᠵᠠᠰᠠᠬᠤ ᠴᠢᠬᠤᠯᠠᠲᠠᠶ 12 ᠡᠷᠦᠬᠡ ᠶᠢ | ᠠᠮᠵᠢᠯᠲᠠᠲᠠᠶ ᠡᠷᠢᠵᠦ ᠤᠯᠪᠠ᠃ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠵᠣᠬᠢᠴᠠᠭᠤᠯᠭ᠎ᠠ ᠳᠣᠣᠷ᠎ᠠ᠂ | ᠣᠯᠠᠨ ᠢᠶᠠᠷ ᠢᠶᠠᠨ ᠬᠠᠮᠲᠤ ᠪᠠᠷ 12000 ᠲᠥᠭᠦᠷᠢᠭ ᠤᠨ ᠰᠡᠯᠪᠢᠨ ᠵᠠᠰᠠᠬᠤ ᠪᠡᠯᠡ ᠮᠥᠩᠭᠦ ᠴᠤᠭᠯᠠᠭᠤᠯᠵᠤ᠂ | ᠬᠦᠮᠦᠷᠭᠡ ᠶᠢᠨ ᠥᠭᠡᠷᠡᠴᠢᠯᠡᠯᠳᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠰᠡᠯᠪᠢᠨ ᠵᠠᠰᠠᠬᠤ ᠠᠴᠠ ᠡᠮᠦᠨ᠎ᠡ | | ᠰᠡᠯᠪᠢᠨ ᠵᠠᠰᠠᠭᠰᠠᠨ ᠤ ᠳᠠᠷᠠᠭ᠎ᠠ | | | | | |