ᠠᠯᠠᠱᠠ ᠶᠢᠨ ᠠᠩᠬᠠᠳᠠᠭᠴᠢ ᠳᠣᠣᠷ᠎ᠠ ᠠᠭᠠᠷ ᠤᠨ ᠠᠵᠤ ᠠᠬᠤᠶ ᠮᠥᠨ ᠴᠢᠨᠠᠷ ᠤᠨ ᠠᠮᠵᠢᠯᠲᠠ ᠣᠯᠪᠠ
ᠨᠡᠶᠢᠲᠡᠯᠡᠭᠰᠡᠨ ᠴᠠᠭ᠄
2025/3/14
   2 ᠰᠠᠷ᠎ᠠ ᠶᠢᠨ 25 ᠤ ᠡᠳᠦᠷ᠂ ᠠᠯᠠᠱᠠ ᠵᠡᠭᠦᠨ ᠬᠤᠰᠢᠭᠤ ᠠᠯᠠᠱᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠭᠠᠵᠠᠷ ᠲᠤ ᠮᠠᠨ ᠤ ᠠᠶᠢᠮᠠᠭ ᠤᠨ ᠠᠩᠬᠠᠳᠠᠭᠴᠢ ᠲᠣᠮᠣ ᠬᠡᠯᠪᠡᠷᠢ ᠶᠢᠨ ᠵᠢᠯᠣᠭᠤᠴᠢ ᠥᠬᠡᠶ ᠨᠢᠰᠬᠡᠯ ᠤᠨ ᠲᠤᠷᠰᠢᠨ ᠨᠢᠰᠬᠦ ᠠᠵᠢᠯᠯᠠᠭ᠎ᠠ ᠶᠢ ᠠᠮᠵᠢᠯᠲᠠ ᠲᠠᠢ ᠥᠷᠨᠢᠭᠦᠯᠵᠤ᠂ ᠮᠠᠨ ᠤ ᠠᠶᠢᠮᠠᠭ ᠤᠨ ᠳᠣᠣᠷ᠎ᠠ ᠠᠭᠠᠷ ᠤᠨ ᠠᠵᠤ ᠠᠬᠤᠶ ᠶᠢᠨ ᠬᠦᠷᠢᠶᠡᠨ ᠳᠠᠬᠢ ᠬᠠᠶᠢᠨ ᠰᠦᠪᠡᠭᠴᠢᠯᠡᠯᠲᠡ ᠪᠣᠳᠠᠲᠠᠶ ᠰᠢᠪᠲᠤᠯᠤᠯᠲᠠ ᠲᠠᠢ ᠪᠣᠯᠤᠭᠰᠠᠨ ᠪᠠᠶᠢᠨ᠎ᠠ᠃   ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠠᠯᠠᠱᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠭᠠᠵᠠᠷ ᠤᠨ ᠠᠩᠬᠠᠨ ᠤ ᠨᠢᠰᠦᠯᠲᠡ ᠶᠢᠨ ᠲᠤᠬᠠᠶ ᠶᠢᠨ ᠲᠠᠯᠠᠪᠠᠶ ᠳᠤ᠂ ᠲᠤᠷᠰᠢᠯᠲᠠ ᠶᠢᠨ ᠮᠠᠰᠢᠨ ᠤᠭᠰᠠᠷᠠᠨ ᠲᠤᠷᠰᠢᠬᠤ᠂ ᠰᠠᠯᠬᠢᠨ ᠤ ᠬᠤᠷᠳᠤᠴᠠ᠂ ᠳᠤᠯᠠᠭᠠᠨ ᠤ ᠬᠡᠮᠵᠢᠶ᠎ᠡ ᠶᠢ ᠬᠡᠮᠵᠢᠨ ᠲᠣᠭᠲᠠᠭᠠᠭᠰᠠᠨ ᠤ ᠳᠠᠷᠠᠭ᠎ᠠ᠂ ᠨᠢᠰᠭᠡᠯ ᠤᠨ ᠰᠡᠭᠦᠯ ᠠᠴᠠ ᠬᠡᠢ ᠰᠦᠷᠴᠢᠵᠦ᠂ ᠤᠲᠤᠭ᠎ᠠ ᠲᠣᠭᠤᠰᠣ ᠳᠡᠭᠳᠡᠵᠦ᠂ ᠨᠢᠰᠬᠡᠯ ᠴᠠᠭ ᠲᠠᠭᠠᠨ ᠲᠡᠭᠷᠢ ᠳᠤ ᠬᠠᠯᠢᠪᠠ᠃
   10 ᠴᠠᠭ 20 ᠮᠢᠨᠦ᠋ᠲ ᠪᠣᠯᠬᠤ ᠳᠤ᠂ 40 ᠮᠢᠨᠦ᠋ᠲ ᠨᠢᠰᠦᠭᠰᠡᠨ ᠨᠢᠰᠭᠡᠯ ᠠᠭᠠᠵᠢᠮ ᠢᠶᠠᠷ ᠬᠦᠮᠦᠰ ᠤᠨ ᠬᠠᠷᠠᠭᠠᠨ ᠳᠤ ᠣᠷᠣᠵᠤ᠂ ᠰᠢᠬᠦᠷ ᠢᠶᠠᠨ ᠳᠡᠯᠭᠡᠨ᠂ ᠨᠢᠰᠦᠯᠲᠡ ᠶᠢᠨ ᠴᠡᠭ ᠲᠤ ᠣᠨᠣᠪᠴᠢᠲᠠᠶ ᠪᠠᠭᠤᠵᠠᠢ᠃ ᠡᠨᠡ ᠨᠢ ᠮᠠᠨ ᠤ ᠠᠶᠢᠮᠠᠭ ᠤᠨ ᠠᠩᠬᠠᠳᠠᠭᠴᠢ ᠲᠣᠮᠣ ᠬᠡᠯᠪᠡᠷᠢ ᠶᠢᠨ ᠵᠢᠯᠣᠭᠤᠴᠢ ᠥᠬᠡᠶ ᠨᠢᠰᠬᠡᠯ ᠤᠨ ᠲᠤᠷᠰᠢᠨ ᠨᠢᠰᠬᠦ ᠠᠵᠢᠯ ᠲᠡᠭᠦᠰ ᠠᠮᠵᠢᠯᠲᠠ ᠣᠯᠤᠭᠰᠠᠨ ᠢ ᠬᠠᠷᠠᠭᠤᠯᠪᠡ᠃    ᠠᠯᠠᠱᠠ ᠳᠤ ᠥᠷᠭᠡᠨ ᠠᠭᠤᠳᠠᠮ ᠭᠠᠵᠠᠷ ᠣᠷᠣᠨ᠂ ᠰᠦᠷᠯᠢᠭ ᠰᠠᠶᠢᠬᠠᠨ ᠦᠵᠡᠮᠵᠢ ᠪᠠ ᠥᠪᠡᠷᠮᠢᠴᠡ ᠴᠡᠪᠡᠷ ᠠᠭᠠᠷ ᠤᠨ ᠳᠠᠪᠠᠭᠤᠯᠢᠭ ᠲᠠᠢ ᠪᠠᠶᠢᠵᠤ᠂ ᠲᠣᠣᠷ᠎ᠠ ᠠᠭᠠᠷ ᠤᠨ ᠠᠵᠤ ᠠᠬᠤᠶ ᠶᠢ ᠬᠥᠭᠵᠢᠭᠦᠯᠬᠦ ᠳᠤ ᠮᠠᠰᠢ ᠲᠣᠬᠢᠷᠠᠮᠵᠢᠲᠠᠢ ᠣᠷᠴᠢᠨ ᠨᠦᠬᠦᠴᠡᠯ ᠢ ᠬᠠᠩᠭᠠᠵᠤ ᠴᠢᠳᠠᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ ᠨᠠᠰᠢ᠂ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠣᠣᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠤᠰ ᠬᠡᠲᠦ ᠶᠢ ᠪᠣᠳᠣᠯᠬᠢᠯᠠᠨ ᠲᠥᠯᠥᠪᠵᠢᠭᠦᠯᠦᠨ ᠪᠠᠶᠢᠷᠢᠰᠢᠭᠤᠯᠵᠤ᠂ ᠪᠠᠶᠢᠭᠤᠯᠤᠮᠵᠢ ᠪᠠᠶᠢᠭᠤᠯᠤᠨ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠷᠭ᠎ᠠ ᠬᠡᠮᠵᠢᠶ᠎ᠡ ᠲᠣᠭᠲᠠᠭᠠᠨ ᠥᠭᠡᠷᠡᠴᠢᠯᠡᠯᠲᠡ ᠶᠢ ᠠᠬᠢᠭᠤᠯᠵᠤ᠂ ᠠᠯᠠᠱᠠ ᠠᠶᠢᠮᠠᠭ ᠢ ᠤᠯᠤᠰ ᠤᠨ ᠲᠠᠰ ᠤᠨ ᠲᠣᠣᠷ᠎ᠠ ᠠᠭᠠᠷ ᠤᠨ ᠨᠢᠰᠦᠭᠦᠷ ᠤᠨ ᠲᠤᠷᠰᠢᠯᠲᠠ ᠶᠢᠨ ᠰᠠᠭᠤᠷᠢᠨ ᠭᠠᠵᠠᠷ᠂ ᠵᠢᠯᠣᠭᠤᠴᠢ ᠥᠬᠡᠶ ᠨᠢᠰᠬᠡᠯ ᠤᠨ ᠠᠶᠠᠯᠠᠯ ᠳᠤ ᠵᠣᠬᠢᠴᠠᠬᠤ ᠲᠤᠷᠰᠢᠯᠲᠠ ᠶᠢᠨ ᠰᠠᠭᠤᠷᠢᠨ ᠭᠠᠵᠠᠷ᠂ ᠠᠭᠠᠷ ᠤᠨ ᠠᠶᠠᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠳᠠᠰᠬᠠᠯᠵᠢᠭᠤᠯᠬᠤ ᠰᠠᠭᠤᠷᠢᠨ ᠭᠠᠵᠠᠷ ᠵᠢᠴᠢ ᠲᠣᠣᠷ᠎ᠠ ᠠᠭᠠᠷ ᠤᠨ ᠵᠢᠭᠤᠯᠴᠢᠯᠠᠯ ᠲᠥᠪᠯᠡᠷᠡᠭᠰᠡᠨ ᠣᠷᠣᠨ ᠪᠣᠯᠭᠠᠨ ᠪᠥᠲᠥᠭᠡᠨ ᠪᠠᠶᠢᠭᠤᠯᠬᠤ  ᠪᠠᠷ ᠴᠢᠷᠮᠠᠶᠢᠵᠤ᠂ ᠮᠠᠰᠢ ᠣᠯᠠᠨ ᠢᠳᠡᠪᠬᠢᠲᠡᠶ ᠬᠠᠶᠢᠨ ᠰᠥᠪᠡᠭᠴᠢᠯᠡᠯᠲᠡ ᠪᠠ ᠲᠤᠷᠰᠢᠯᠲᠠ ᠬᠢᠵᠦ᠂ ᠴᠥᠭᠡᠨ ᠪᠤᠰᠤ ᠲᠤᠷᠰᠢᠯᠭ᠎ᠠ ᠪᠠ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠠᠯᠠᠱᠠ ᠠᠶᠢᠮᠠᠭ ᠲᠣᠣᠷ᠎ᠠ ᠠᠭᠠᠷ ᠤᠨ ᠠᠵᠤ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠶᠢ ᠠᠮᠵᠢᠨ᠂ ᠲᠣᠣᠷ᠎ᠠ ᠠᠭᠠᠷ ᠤᠨ ᠠᠵᠤ ᠠᠬᠤᠶ ᠶᠢᠨ ᠠᠵᠤ ᠦᠢᠯᠡᠰ ᠤᠨ ᠰᠢᠨ᠎ᠡ ᠬᠥᠭᠵᠢᠯᠳᠡ ᠶᠢᠨ ᠵᠠᠮ ᠢ ᠢᠳᠡᠪᠬᠢᠲᠡᠶ ᠪᠠᠶᠢᠷᠢᠰᠢᠭᠤᠯᠵᠤ᠂ ᠲᠣᠣᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠰᠢᠨ᠎ᠡ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠰᠢᠨ᠎ᠡ ᠶᠢ ᠡᠭᠦᠳᠦᠨ ᠬᠥᠭᠵᠢᠭᠦᠯᠵᠦ᠂ ᠣᠯᠠᠨ ᠡᠰᠢᠴᠢᠯᠡᠨ ᠬᠥᠭᠵᠢᠭᠦᠯᠵᠦ᠂ ᠬᠢᠯᠢ ᠬᠢᠵᠠᠭᠠᠷ ᠣᠷᠣᠨ ᠳᠤ ᠦᠢᠯᠡᠴᠢᠯᠡᠬᠦ ᠳᠣᠣᠷ᠎ᠠ ᠠᠭᠠᠷ ᠤᠨ ᠠᠵᠤ ᠠᠬᠤᠶ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠳᠣᠣᠷ᠎ᠠ ᠠᠭᠠᠷ ᠤᠨ ᠠᠵᠤ ᠠᠬᠤᠶ ᠶᠢᠨ ᠠᠯᠠᠱᠠ ᠠᠶᠢᠮᠠᠭ ᠲᠤ ᠨᠡᠩ ᠰᠠᠶᠢᠨ ᠪᠠᠳᠠᠷᠠᠨ ᠬᠥᠭᠵᠢᠬᠦ ᠶᠢ ᠠᠬᠢᠭᠤᠯᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号