ᠡᠷᠳᠡᠨᠢᠪᠤᠯᠠᠭ
ᠨᠡᠶᠢᠲᠡᠯᠡᠭᠰᠡᠨ ᠴᠠᠭ᠄
2025/3/24
                   ᠡᠷᠡᠭᠲᠡᠢ᠂ ᠮᠣᠩᠭᠤᠯ ᠦᠨᠳᠦᠰᠦᠲᠡᠨ᠂ 1981 ᠣᠨ ᠤ 2 ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠠᠯᠠᠱᠠ ᠵᠡᠭᠦᠨ ᠬᠤᠰᠢᠭᠤᠨ ᠤ ᠸᠠᠩ ᠤᠨ ᠣᠷᠳᠣᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ᠂ ᠬᠡᠷᠡᠭ ᠡᠷᠭᠢᠯᠡᠭᠦ ᠭᠠᠵᠠᠷ ᠤᠨ ᠡᠷᠭᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ᠃       ᠠᠵᠢᠯ ᠤᠨ ᠬᠤᠪᠢᠶᠠᠷᠢ       ᠨᠠᠮ ᠤᠨ ᠠᠵᠢᠯ ᠤᠨ ᠬᠤᠷᠢᠶᠠᠨ ᠤ ᠱᠦᠵᠢ ᠶᠢᠨ ᠠᠵᠢᠯ ᠢ ᠬᠠᠪᠰᠤᠷᠤᠨ᠂ ᠬᠡᠷᠡᠭ ᠡᠷᠭᠢᠯᠡᠭᠦ ᠭᠠᠵᠠᠷ ᠤᠨ ᠪᠦᠭᠦ ᠲᠠᠯ᠎ᠠ ᠶᠢᠨ ᠠᠵᠢᠯ ᠢ ᠡᠷᠭᠢᠯᠡᠨ᠎ᠡ᠃ ᠨᠡᠶᠢᠭᠡᠮ ᠲᠣᠭᠤᠷᠢᠭ ᠤᠨ ᠪᠠᠶᠢᠭᠤᠯᠤᠯᠲᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠭᠤᠷᠪᠠᠨ ᠶᠠᠪᠤᠳᠠᠯ ᠢ ᠢᠯᠡ ᠪᠤᠯᠭᠠᠬᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠬᠠᠷᠢᠭᠤᠴᠠᠨ᠎ᠠ︔ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠭᠡᠯᠪᠡᠷᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠢ ᠬᠠᠷᠢᠭᠤᠴᠠᠵᠤ᠂ ᠳᠥᠷᠪᠡᠨ ᠨᠡᠶᠢᠭᠡᠮ ᠲᠣᠭᠤᠷᠢᠭ ᠲᠠᠢ ᠬᠠᠷᠢᠯᠴᠠᠨ ᠬᠠᠷᠢᠯᠴᠠᠵᠤ ᠵᠢᠯᠣᠭᠤᠳᠤᠨ᠎ᠠ᠃       ᠯᠢᠦ ᠵᠢᠶᠠᠨ ᠢ ᠡᠷᠡᠭᠲᠡᠢ᠂ ᠮᠣᠩᠭᠤᠯ ᠦᠨᠳᠦᠰᠦᠲᠡᠨ᠂ 1984 ᠣᠨ ᠤ 8 ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠣ ᠠᠯᠠᠱᠠ ᠵᠡᠭᠦᠨ ᠬᠤᠰᠢᠭᠤᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ       ᠠᠵᠢᠯ ᠤᠨ ᠬᠤᠪᠢᠶᠠᠷᠢ       ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠪᠦᠭᠦ ᠲᠠᠯ᠎ᠠ ᠶᠢᠨ ᠠᠵᠢᠯ ᠢ ᠡᠷᠭᠢᠯᠡᠨ᠎ᠡ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠨ᠎ᠡ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠨ᠎ᠡ︔ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠢᠯᠵᠠᠷᠠᠯ ᠢ ᠡᠰᠡᠷᠭᠦᠴᠡᠬᠦ᠂ ᠦᠵᠡᠯ ᠤᠬᠠᠮᠰᠠᠷ ᠤᠨ ᠭᠡᠯᠪᠡᠷᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ᠂ ᠠᠶᠤᠯᠭᠦᠢ ᠦᠢᠯᠡᠳᠪᠦᠷᠢᠯᠡᠯ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号